ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠲᠦᠷᠦ ᠶᠢᠨ ᠪᠤᠳᠤᠯᠭ᠎ᠠ ᠰᠤᠳᠤᠯᠬᠤ ᠭᠡᠷ ᠶᠠᠳᠠᠭᠤ ᠶᠢ ᠲᠡᠳᠭᠦᠬᠦ ᠴᠡᠭ ᠲᠠᠬᠢ ᠨᠠᠮ ᠤᠨ ᠬᠡᠰᠢᠭᠦᠨ ᠪᠠ ᠲᠤᠰᠬᠤᠨ ᠤ ᠲᠦᠯᠦᠭᠡᠯᠡᠭᠴᠢ ᠶᠢ ᠵᠤᠬᠢᠶᠠᠨ ᠪᠠᠶᠢᠭᠤᠯᠤᠨ ᠰᠢᠨ᠎ᠠ ᠬᠦᠳᠡᠭᠡ ᠲᠤᠰᠬᠤᠨ ᠤ ᠪᠠᠶᠢᠭᠤᠯᠤᠯᠳᠠ ᠶᠢᠨ ᠲᠤᠬᠠᠢ ᠲᠤᠷᠰᠢᠯᠭ᠎ᠠ ᠰᠤᠷᠤᠯᠴᠠᠪᠠ
ᠨᠡᠶᠢᠲᠡᠯᠡᠭᠰᠡᠨ ᠴᠠᠭ᠄
2018-12-11
      11 ᠰᠠᠷ᠎ᠠ ᠶᠢᠨ 22 ᠤᠨ ᠡᠳᠦᠷ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠲᠦᠷᠦ ᠶᠢᠨ ᠪᠤᠳᠤᠯᠭ᠎ᠠ ᠰᠤᠳᠤᠯᠬᠤ ᠭᠡᠷ ᠤᠨ ᠲᠤᠰᠬᠤᠨ ᠳᠤ ᠰᠠᠭᠤᠭ᠎ᠠ ᠶᠠᠳᠠᠭᠤ ᠶᠢ ᠲᠡᠳᠭᠦᠬᠦ ᠠᠵᠢᠯᠯᠠᠬᠤ ᠠᠩᠭᠢ ᠶᠠᠳᠠᠭᠤ ᠶᠢ ᠲᠡᠳᠭᠦᠬᠦ ᠴᠡᠭ ᠪᠤᠯᠬᠤ ᠵᠠᠯᠠᠶᠢᠳ ᠬᠤᠰᠢᠭᠤᠨ ᠤ ᠪᠠᠶᠠᠨᠭᠤᠤᠯ ᠪᠠᠯᠭᠠᠰᠤ ᠶᠢᠨ ᠲᠤᠸᠠᠨ ᠹᠠ ᠲᠤᠰᠬᠤᠨ ᠤ ︽ᠬᠤᠶᠠᠷ ᠵᠦᠪᠯᠡᠯ︾ ᠤᠨ ᠤᠳᠤᠷᠢᠳᠬᠤ ᠪᠠᠭ ᠤᠨ ᠬᠡᠰᠢᠭᠦᠨ ᠪᠠ ᠨᠠᠮ ᠤᠨ ᠬᠡᠰᠢᠭᠦᠨ ᠤ ᠲᠦᠯᠦᠭᠡᠯᠡᠭᠴᠢ᠂ ᠲᠤᠰᠬᠤᠨ ᠤ ᠠᠷᠠᠳ ᠤᠨ ᠲᠦᠯᠦᠭᠡᠯᠡᠭᠴᠢ ᠨᠡᠶᠢᠳᠡ 40 ᠭᠠᠷᠤᠢ ᠬᠦᠮᠦᠨ ᠢ ᠵᠤᠬᠢᠶᠠᠨ ᠪᠠᠶᠢᠭᠤᠯᠤᠨ᠂ ᠵᠠᠯᠠᠶᠢᠳ ᠬᠤᠰᠢᠭᠤᠨ ᠤ ᠬᠤᠯᠪᠤᠭ᠎ᠠ ᠪᠠᠯᠭᠠᠰᠤ᠂ ᠨᠤᠨᠮᠦ᠋ᠷᠡᠨ ᠰᠢᠶᠠᠩ ᠢᠶᠠᠷ ᠬᠦᠷᠴᠦ ᠰᠢᠨ᠎ᠠ ᠬᠦᠳᠡᠭᠡ ᠲᠤᠰᠬᠤᠨ ᠤ ᠪᠠᠶᠢᠭᠤᠯᠤᠯᠳᠠ ᠶᠢᠨ ᠲᠤᠬᠠᠢ ᠲᠤᠷᠰᠢᠯᠭ᠎ᠠ ᠰᠤᠷᠤᠯᠴᠠᠪᠠ᠃     ᠲᠡᠳᠡ ᠤᠷᠢᠳ ᠬᠤᠵᠢᠳ ᠬᠤᠯᠪᠤᠭ᠎ᠠ ᠪᠠᠯᠭᠠᠰᠤ ᠶᠢᠨ ᠡᠤ ᠳ᠋ᠤᠤ ᠾᠧ ᠽᠢ ᠲᠤᠰᠬᠤᠨ᠂ ᠨᠤᠨᠮᠦ᠋ᠷᠡᠨ ᠰᠢᠶᠠᠩ ᠤᠨ ᠬᠠᠷ᠎ᠠ ᠲᠠᠷᠢᠶ᠎ᠠ ᠲᠤᠰᠬᠤᠨ᠂ ᠦᠷᠦᠭᠡᠴᠢ ᠲᠤᠰᠬᠤᠨ ᠵᠢᠴᠢ ᠤᠣ ᠹᠧᠩ ᠲᠠᠷᠢᠶᠠᠯᠠᠩ ᠤᠨ ᠲᠤᠰᠬᠠᠢ ᠬᠤᠷᠰᠢᠶᠠᠵᠢᠯ ᠤᠨ ᠤᠷᠭᠠᠨᠢᠭ ᠪᠤᠷᠳᠤᠭᠤᠷ ᠤᠨ ᠦᠢᠯᠡᠳᠪᠦᠷᠢ ᠪᠠᠷ ᠬᠦᠷᠴᠦ᠂ ᠦᠢᠯᠡᠳᠬᠦᠨ ᠤ ᠪᠦᠳᠦᠴᠡ ᠶᠢᠨ ᠲᠤᠬᠢᠷᠠᠭᠤᠯᠤᠯᠳᠠ᠂ ᠭᠤᠶᠤ ᠰᠠᠶᠢᠬᠠᠨ ᠬᠦᠳᠡᠭᠡ ᠲᠤᠰᠬᠤᠨ ᠤ ᠪᠠᠶᠢᠭᠤᠯᠤᠯᠳᠠ᠂ ᠰᠢᠨᠵᠢᠯᠡᠬᠦ ᠤᠬᠠᠭᠠᠨᠴᠢ ᠪᠠᠷ ᠲᠠᠷᠢᠶ᠎ᠠ ᠲᠠᠷᠢᠬᠤ᠂ ᠤᠨᠢᠨ ᠲᠡᠭᠡᠷ᠎ᠠ ᠨᠢ ᠶᠠᠳᠠᠭᠤ ᠶᠢ ᠲᠡᠳᠭᠦᠬᠦ ᠵᠡᠷᠭᠡ ᠲᠠᠯ᠎ᠠ ᠪᠠᠷ ᠨᠠᠷᠢᠯᠢᠭ ᠰᠤᠷᠤᠯᠴᠠᠵᠠᠢ᠃ ᠲᠤᠰ ᠤᠳᠠᠭᠠᠨ ᠤ ᠰᠤᠷᠤᠯᠴᠠᠯᠭ᠎ᠠ ᠪᠠᠷ ᠲᠠᠮᠵᠢᠨ ᠲᠡᠳᠡ ᠦᠵᠡᠯ ᠰᠠᠨᠠᠭ᠎ᠠ ᠪᠠᠨ ᠨᠢᠭᠡᠳᠭᠡᠨ᠂ ᠲᠠᠨᠢᠯᠳᠠ ᠪᠠᠨ ᠲᠡᠭᠡᠭᠰᠢᠯᠡᠭᠦᠯᠵᠤ᠂ ᠬᠠᠷᠠᠭ᠎ᠠ ᠪᠠᠨ ᠦᠷᠭᠡᠳᠭᠡᠨ᠂ ᠬᠡᠪ ᠪᠤᠯᠪᠠᠰᠤᠷᠠᠯ ᠢᠶᠠᠨ ᠲᠡᠰ ᠲᠡᠪᠰᠢᠭᠦᠯᠵᠤ᠂ ᠬᠦᠭᠵᠢᠯᠳᠡ ᠪᠠᠨ ᠲᠦᠷᠭᠡᠳᠭᠡᠬᠦ ᠢᠳᠡᠭᠡᠯ ᠪᠠ ᠵᠤᠷᠢᠭ ᠢᠶᠠᠨ ᠬᠦᠪᠴᠢᠯᠡᠪᠡ᠃     2011 ᠤᠨ ᠠᠴᠠ ᠨᠠᠰᠢ ᠦᠪᠡᠷᠳᠡᠭᠡᠨ ᠵᠠᠰᠠᠬᠤ ᠤᠷᠤᠨ ᠤ ᠲᠢᠩᠬᠢᠮ ᠲᠤᠪᠴᠢᠶ᠎ᠠ ᠶᠢᠨ ᠬᠤᠶᠠᠳᠤᠭᠠᠷ ᠤᠳᠠᠭᠠᠨ ᠤ ᠶᠠᠳᠠᠭᠤ ᠶᠢ ᠲᠡᠳᠭᠦᠬᠦ ᠴᠡᠭ ᠢ ᠲᠤᠭᠳᠠᠭᠠᠬᠤ ᠶᠠᠪᠤᠴᠠ ᠳᠤ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠲᠦᠷᠦ ᠶᠢᠨ ᠪᠤᠳᠤᠯᠭ᠎ᠠ ᠰᠤᠳᠤᠯᠬᠤ ᠭᠡᠷ᠂ ᠵᠠᠯᠠᠶᠢᠳ ᠬᠤᠰᠢᠭᠤᠨ ᠤ ᠪᠠᠶᠠᠨᠭᠤᠤᠯ ᠪᠠᠯᠭᠠᠰᠤ ᠶᠢᠨ ᠲᠤᠸᠠᠨ ᠹᠠ ᠲᠤᠰᠬᠤᠨ ᠢ ᠲᠡᠳᠭᠦᠬᠦ ᠪᠠᠷ ᠪᠤᠯᠵᠤ᠂ 7 ᠵᠢᠯ ᠤᠨ ᠲᠤᠷᠰᠢ ᠲᠡᠳᠡ ᠨᠡᠶᠢᠳᠡ 4265 ᠲᠦᠮᠡᠨ ᠲᠦᠭᠦᠷᠢᠭ ︵ᠡᠭᠦᠨ ᠤ ᠲᠤᠳᠤᠷ᠎ᠠ ᠲᠦᠷᠦ ᠶᠢᠨ ᠪᠤᠳᠤᠯᠭ᠎ᠠ ᠰᠤᠳᠤᠯᠬᠤ ᠭᠡᠷ᠂ ᠦᠭᠡᠷᠡᠴᠢᠯᠡᠯᠳᠡ ᠶᠢᠨ ᠠᠯᠪᠡᠨ ᠭᠡᠷ ᠠᠴᠠ ᠲᠤᠬᠢᠷᠠᠭᠤᠯᠵᠤ ᠦᠭᠬᠦᠭᠰᠡᠨ ᠲᠦᠷᠦᠯ ᠵᠦᠢᠯ ᠤᠨ ᠪᠡᠯᠡ ᠮᠦᠩᠭᠦ 2046 ᠲᠦᠮᠡᠨ ᠲᠦᠭᠦᠷᠢᠭ᠂ ᠪᠤᠰᠤᠳ ᠲᠦᠷᠦᠯ ᠵᠦᠢᠯ ᠤᠨ ᠪᠡᠯᠡ ᠮᠦᠩᠭᠦ ᠨᠢ 2219 ᠲᠦᠮᠡᠨ ᠲᠦᠭᠦᠷᠢᠭ︶ ᠪᠡᠯᠡ ᠤᠷᠤᠭᠤᠯᠵᠤ᠂ ᠲᠤᠸᠠᠨ ᠹᠠ ᠲᠤᠰᠬᠤᠨ ᠤ ᠨᠢᠭᠤᠷ ᠲᠦᠷᠰᠦ ᠶᠢ ᠪᠠᠶᠠᠷᠯᠠᠭᠤᠰᠢᠳᠠᠢ ᠬᠤᠪᠢᠷᠠᠯᠳᠠ ᠭᠠᠷᠭᠠᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号