ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠦᠮᠴᠢᠯᠡᠬᠦ ᠡᠷᠭᠡ ᠶᠢ ᠠᠷᠠᠯᠵᠢᠶᠠᠯᠠᠬᠤ ᠲᠦᠪ ᠤᠨ ᠬᠢᠩᠭᠠᠨ ᠬᠤᠪᠢᠶᠠᠷᠢ ᠲᠦᠪ ᠫᠠᠶᠢᠰᠠ ᠡᠯᠬᠦᠨ ᠪᠠᠶᠢᠭᠤᠯᠤᠭᠳᠠᠵᠠᠢ
ᠨᠡᠶᠢᠲᠡᠯᠡᠭᠰᠡᠨ ᠴᠠᠭ᠄
2018-12-11
     ᠬᠢᠩᠭᠠᠨ ᠠᠶᠢᠮᠠᠭ ᠤᠨ ᠭᠠᠵᠠᠷ ᠤᠷᠤᠨ ᠤ ᠤᠯᠤᠰ ᠤᠨ ᠦᠮᠴᠢᠯᠡᠯ ᠤᠨ ᠦᠮᠴᠢᠯᠡᠬᠦ ᠡᠷᠭᠡ ᠶᠢᠨ ᠵᠠᠬ᠎ᠠ ᠲᠡᠯᠭᠡᠬᠦᠷ ᠤᠨ ᠬᠦᠭᠵᠢᠯᠳᠡ ᠶᠢ ᠠᠬᠢᠭᠤᠯᠤᠨ᠂ ᠬᠢᠩᠭᠠᠨ ᠠᠶᠢᠮᠠᠭ ᠤᠨ ᠭᠠᠵᠠᠷ ᠤᠷᠤᠨ ᠤ ᠤᠯᠤᠰ ᠤᠨ ᠦᠮᠴᠢᠯᠡᠯ ᠤᠨ ᠡᠳ᠋ ᠬᠦᠷᠦᠩᠭᠡ ᠶᠢ ᠢᠯᠡ ᠪᠤᠯᠭᠠᠬᠤ᠂ ᠡᠷᠭᠡ ᠲᠡᠭᠰᠢ᠂ ᠲᠦᠪ ᠭᠤᠤᠯᠴᠢ ᠪᠠᠷ ᠰᠢᠢᠳᠪᠦᠷᠢᠯᠡᠬᠦ ᠶᠢ ᠲᠦᠷᠢᠮᠵᠢᠬᠦᠯᠵᠦ᠂ ᠤᠯᠤᠰ ᠤᠨ ᠦᠮᠴᠢᠯᠡᠯ ᠤᠨ ᠡᠳ᠋ ᠬᠦᠷᠦᠩᠭᠡ ᠶᠢᠨ ᠦᠷᠳᠡᠭ ᠤᠨ ᠨᠡᠮᠡᠭᠳᠡᠯ ᠢ ᠪᠡᠶᠡᠯᠡᠬᠦᠯᠬᠦ ᠪᠠᠷ᠂ ᠤᠢᠢᠷ᠎ᠠ ᠳᠤ᠂ ᠮᠠᠨ ᠤ ᠠᠶᠢᠮᠠᠭ ᠤᠨ ᠨᠠᠮ ᠤᠨ ᠬᠤᠷᠢᠶ᠎ᠡ᠂ ᠠᠶᠢᠮᠠᠭ ᠤᠨ ᠵᠠᠬᠢᠷᠭ᠎ᠠ ᠶᠢᠨ ᠬᠦᠴᠦᠳᠡᠢ ᠲᠡᠮᠵᠢᠯᠭᠡ ᠲᠤᠤᠷ᠎ᠠ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠦᠮᠴᠢᠯᠡᠬᠦ ᠡᠷᠭᠡ ᠶᠢ ᠠᠷᠠᠯᠵᠢᠶᠠᠯᠠᠬᠤ ᠲᠦᠪ ᠤᠨ ᠬᠢᠩᠭᠠᠨ ᠬᠤᠪᠢᠶᠠᠷᠢ ᠲᠦᠪ ᠵᠢᠩᠬᠢᠨᠢ ᠪᠠᠷ ᠫᠠᠶᠢᠰᠠ ᠡᠯᠬᠦᠨ ᠪᠠᠶᠢᠭᠤᠯᠤᠭᠳᠠᠭᠰᠠᠨ ᠪᠠᠶᠢᠨ᠎ᠠ᠃     ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠦᠮᠴᠢᠯᠡᠬᠦ ᠡᠷᠭᠡ ᠶᠢ ᠠᠷᠠᠯᠵᠢᠶᠠᠯᠠᠬᠤ ᠲᠦᠪ ᠤᠨ ᠬᠢᠩᠭᠠᠨ ᠬᠤᠪᠢᠶᠠᠷᠢ ᠲᠦᠪ ᠪᠠᠶᠢᠭᠤᠯᠤᠭᠳᠠᠭᠰᠠᠨ ᠤ ᠰᠡᠬᠦᠯᠡᠷ᠂ ᠬᠠᠤᠯᠢ ᠲᠤᠭᠳᠠᠭᠠᠯ ᠶᠤᠰᠤᠭᠠᠷ ᠨᠡᠶᠢᠭᠡᠮ ᠳᠤ ᠤᠯᠤᠰ ᠤᠨ ᠦᠮᠴᠢᠯᠡᠯ ᠤᠨ ᠡᠳ᠋ ᠬᠦᠷᠦᠩᠭᠡ ᠶᠢᠨ ᠰᠲ᠋ᠤᠺ ᠤᠨ ᠡᠷᠭᠡ᠂ ᠵᠠᠰᠠᠭ ᠵᠠᠬᠢᠷᠭᠠᠨ ᠠᠵᠢᠯ ᠦᠢᠯᠡᠰ ᠤᠨ ᠨᠢᠭᠡᠴᠡ ᠶᠢᠨ ᠡᠳ᠋ ᠬᠦᠷᠦᠩᠭᠡ᠂ ᠮᠦᠩᠬᠦᠨ ᠬᠦᠢᠯᠭᠡᠭᠡᠨ ᠤ ᠡᠳ᠋ ᠬᠦᠷᠦᠩᠭᠡ᠂ ᠤᠯᠠᠨ ᠨᠡᠶᠢᠳᠡ ᠶᠢᠨ ᠡᠬᠢ ᠪᠠᠶᠠᠯᠢᠭ ᠵᠡᠷᠭᠡ ᠡᠯ᠎ᠠ ᠲᠦᠷᠦᠯ ᠤᠨ ᠡᠳ᠋ ᠬᠦᠷᠦᠩᠭᠡ ᠶᠢᠨ ᠢᠯᠡ ᠪᠠᠷ ᠠᠷᠠᠯᠵᠢᠶᠠᠯᠠᠬᠤ ᠦᠢᠯᠡᠴᠢᠯᠡᠭᠡ ᠪᠠ ᠡᠳ᠋ ᠪᠤᠳᠠᠰ ᠢ ᠬᠤᠳᠠᠯᠳᠤᠨ ᠠᠪᠬᠤ ᠦᠢᠯᠡᠴᠢᠯᠡᠭᠡ ᠶᠢ ᠬᠠᠩᠭᠠᠬᠤ ᠶᠢᠨ ᠬᠠᠮᠳᠦ ᠡᠯ᠎ᠠ ᠲᠦᠷᠦᠯ ᠤᠨ ᠵᠠᠬ᠎ᠠ ᠲᠡᠯᠭᠡᠬᠦᠷ ᠲᠤ ᠭᠠᠷᠤᠭᠰᠠᠨ ᠦᠭᠡᠢ ᠠᠵᠦ ᠠᠬᠤᠢᠢᠯᠠᠯ ᠳᠤ ᠰᠲ᠋ᠤᠺ ᠤᠨ ᠡᠷᠭᠡ ᠶᠢ ᠲᠠᠩᠰᠠᠨ ᠳᠤ ᠲᠡᠮᠳᠡᠭᠯᠡᠨ ᠨᠠᠶᠢᠳᠠᠨ ᠬᠠᠮᠢᠶᠠᠷᠬᠤ᠂ ᠰᠲ᠋ᠤᠺ ᠤᠨ ᠡᠷᠭᠡ ᠪᠠᠷ ᠪᠡᠯᠡ ᠮᠦᠩᠬᠦ ᠬᠤᠷᠠᠮᠳᠤᠭᠤᠯᠬᠤ ᠦᠢᠯᠡᠴᠢᠯᠡᠭᠡ ᠬᠠᠩᠭᠠᠬᠤ ᠪᠤᠯᠵᠦ᠂ ᠨᠢᠭᠡᠨ ᠢᠯᠡ ᠪᠤᠯᠭᠠᠭᠰᠠᠨ᠂ ᠡᠷᠭᠡ ᠲᠡᠭᠰᠢ᠂ ᠲᠦᠪ ᠭᠤᠤᠯᠴᠢ ᠶᠡᠷᠦᠩᠭᠡᠶᠢᠯᠡᠭᠰᠡᠨ ᠴᠢᠨᠠᠷᠳᠠᠢ ᠦᠮᠴᠢᠯᠡᠬᠦ ᠡᠷᠭᠡ ᠶᠢᠨ ᠠᠷᠠᠯᠵᠢᠶ᠎ᠡ ᠪᠠ ᠠᠵᠦ ᠠᠬᠤᠢᠢᠯᠠᠯ ᠤᠨ ᠪᠡᠯᠡ ᠮᠦᠩᠬᠦ ᠬᠤᠷᠠᠮᠳᠤᠭᠤᠯᠬᠤ ᠵᠠᠬ᠎ᠠ ᠲᠡᠯᠭᠡᠬᠦᠷᠴᠢᠯᠡᠯᠳᠡ ᠶᠢᠨ ᠦᠢᠯᠡᠴᠢᠯᠡᠭᠡᠨ ᠤ ᠲᠠᠪᠴᠠᠩ ᠪᠤᠯᠤᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号