ᠮᠠᠨ ᠤ ᠠᠶᠢᠮᠠᠭ 60 ᠨᠠᠰᠤᠨ ᠠᠴᠠ ᠲᠡᠭᠡᠭᠰᠢ ᠨᠠᠰᠤᠳᠠᠨ ᠤ ᠭᠡᠨᠡᠳᠳᠡ ᠶᠢᠨ ᠡ᠊ᠨᠳᠡᠯ ᠤᠨ ᠲᠠᠭᠠᠳᠬᠠᠯ ᠤᠨ ᠮᠦᠩᠬᠦ ᠶᠢ 206 ᠲᠦᠮᠡᠨ ᠲᠦᠭᠦᠷᠢᠭ ᠲᠠᠷᠬᠠᠭᠠᠵᠠᠢ
ᠨᠡᠶᠢᠲᠡᠯᠡᠭᠰᠡᠨ ᠴᠠᠭ᠄
2018-12-11
    ᠤᠢᠢᠷ᠎ᠠ ᠶᠢᠨ ᠡᠳᠦᠷ᠂ ᠠᠶᠢᠮᠠᠭ ᠤᠨ ᠡᠳ᠋ ᠤᠨ ᠵᠠᠰᠠᠭ ᠠᠴᠠ 60 ᠨᠠᠰᠤᠨ ᠠᠴᠠ ᠲᠡᠭᠡᠭᠰᠢ ᠨᠠᠰᠤᠳᠠᠨ ᠤ ᠭᠡᠨᠡᠳᠳᠡ ᠶᠢᠨ ᠭᠡᠮᠳᠦᠯ ᠤᠨ ᠲᠠᠭᠠᠳᠬᠠᠯ ᠤᠨ ᠮᠦᠩᠬᠦ ᠶᠢ 206 ᠲᠦᠮᠡᠨ ᠲᠦᠬᠦᠷᠢᠭ ᠲᠠᠷᠬᠠᠭᠠᠵᠠᠢ᠃ ᠦᠳᠡᠯᠦᠭᠡ ᠨᠠᠰᠤᠳᠠᠨ ᠳᠤ ᠪᠤᠳᠠᠳᠦ ᠶᠠᠪᠤᠳᠠᠯ ᠬᠢᠵᠦ᠂ ᠪᠤᠳᠠᠳᠠᠢ ᠬᠦᠴᠢᠷᠳᠡᠯ ᠢ ᠰᠢᠢᠳᠪᠦᠷᠢᠯᠡᠬᠦ ᠪᠠᠷ᠂ ᠮᠠᠨ ᠤ ᠠᠶᠢᠮᠠᠭ ᠨᠢᠭᠡᠳᠦᠯᠳᠡᠢ ᠪᠠᠷ 60 ᠪᠦᠬᠦᠯᠢ ᠨᠠᠰᠤᠨ ᠠᠴᠠ ᠲᠡᠭᠡᠭᠰᠢ ᠨᠠᠰᠤᠳᠠᠨ ᠳᠤ ᠨᠢᠭᠡ ᠬᠤᠪᠢ ᠡ᠊ᠡᠳᠡᠯ ᠤᠨ ᠲᠠᠭᠠᠳᠬᠠᠯ ᠠᠪᠴᠦ ᠦᠭᠴᠦ᠂ ᠨᠡᠶᠢᠳᠡ 217000 ᠨᠠᠰᠤᠳᠠᠨ ᠠᠰᠢᠭ ᠬᠦᠷᠳᠡᠪᠡ᠃ ᠲᠤᠰ ᠲᠠᠭᠠᠳᠬᠠᠯ ᠨᠢ ᠭᠤᠤᠯᠳᠠᠯᠭ᠎ᠠ ᠲᠠᠢ ᠪᠠᠷ ᠦᠳᠡᠯᠦᠭᠡ ᠨᠠᠰᠤᠳᠠᠨ ᠤ ᠭᠡᠨᠡᠳᠳᠡ ᠶᠢᠨ ᠡ᠊ᠡᠳᠡᠯ ᠠᠴᠠ ᠪᠤᠯᠵᠦ ᠨᠠᠰᠦ ᠪᠠᠷᠠᠬᠤ᠂ ᠵᠡᠮᠳᠡᠭ ᠪᠤᠯᠬᠤ ᠪᠤᠶᠤ ᠡᠮᠨᠡᠯᠭᠡ ᠳᠤ ᠰᠠᠭᠤᠬᠤ ᠡᠮᠴᠢᠯᠡᠭᠡᠨ ᠤ ᠵᠠᠷᠤᠳᠠᠯ ᠵᠡᠷᠭᠡ ᠳᠤ ᠨᠦᠬᠦᠪᠦᠷᠢᠯᠡᠬᠦ ᠪᠤᠯᠤᠨ᠎ᠠ᠃     ᠲᠤᠰ ᠲᠠᠭᠠᠳᠬᠠᠯ ᠤᠨ ᠵᠠᠷᠤᠳᠠᠯ ᠨᠢ ᠬᠦᠮᠦᠨ ᠪᠦᠷᠢ ᠨᠢᠭᠡ ᠵᠢᠯ ᠳᠤ 15 ᠲᠦᠭᠦᠷᠢᠭ ᠬᠦᠷᠴᠦ᠂ ᠪᠦᠬᠦᠨ ᠢ ᠵᠠᠰᠠᠭ ᠤᠨ ᠤᠷᠳᠤᠨ ᠠᠴᠠ ᠭᠠᠷᠭᠠᠬᠤ ᠪᠤᠯᠤᠨ᠎ᠠ᠂ 60 ᠪᠦᠬᠦᠯᠢ ᠨᠠᠰᠤᠨ ᠠᠴᠠ ᠲᠡᠭᠡᠭᠰᠢᠬᠢ ᠬᠢᠩᠭᠠᠨ ᠠᠶᠢᠮᠠᠭ ᠤᠨ ᠡᠷᠦᠭᠡ ᠠᠮᠠ ᠶᠢᠨ ᠲᠠᠩᠰᠠ ᠲᠠᠢ ᠨᠠᠰᠤᠳᠠᠶᠢᠴᠤᠳ ᠢ ᠪᠦᠷ ᠲᠠᠭᠠᠳᠬᠠᠯ ᠳᠤ ᠤᠷᠤᠯᠴᠠᠬᠤ ᠬᠦᠷᠢᠶ᠎ᠡ ᠬᠡᠪᠴᠢᠶᠡᠨ ᠳᠤ ᠤᠷᠤᠭᠤᠯᠵᠦ᠂ ᠨᠠᠰᠤᠳᠠᠶᠢᠴᠤᠳ ᠲᠠᠭᠠᠳᠬᠠᠯ ᠤᠨ ᠺᠤᠮᠫᠠᠨᠢ ᠳᠤ ᠤᠴᠢᠬᠤ ᠦᠭᠡᠢ᠂ ᠶᠠᠮᠠᠷᠴᠦ ᠲᠠᠩᠰᠠ ᠬᠦᠰᠦᠨᠦᠭᠳᠦ ᠲᠠᠭᠯᠠᠬᠤ ᠦᠭᠡᠢ᠂ ᠦᠪᠡᠷ ᠢᠶᠠᠨ ᠵᠤᠭᠤᠰ ᠮᠦᠩᠬᠦ ᠵᠠᠷᠤᠴᠠᠭᠤᠯᠬᠤ ᠦᠭᠡᠢ ᠪᠠᠶᠢᠵᠦ᠂ ᠲᠠᠭᠠᠳᠬᠠᠯ ᠮᠡᠳᠡᠬᠦᠯᠬᠦ ᠦᠶᠡᠰ ᠵᠦᠪᠬᠡᠨ ᠪᠦᠬᠦᠯᠢ 60 ᠨᠠᠰᠦ ᠬᠦᠷᠦᠭᠰᠡᠨ ᠪᠠ ᠬᠢᠩᠭᠠᠨ ᠠᠶᠢᠮᠠᠭ ᠤᠨ ᠡᠷᠦᠭᠡ ᠠᠮᠠ ᠶᠢᠨ ᠲᠠᠩᠰᠠ ᠶᠢᠨ ᠬᠤᠶᠠᠷ ᠨᠦᠬᠦᠴᠡᠯ ᠢ ᠬᠠᠩᠭᠠᠪᠠᠯ ᠲᠠᠷᠤᠢ ᠭᠡᠨᠡᠳᠳᠡ ᠶᠢᠨ ᠡ᠊ᠡᠳᠡᠯ ᠤᠨ ᠲᠠᠭᠠᠳᠬᠠᠯ ᠤᠨ ᠮᠦᠩᠬᠦ ᠤᠯᠵᠦ ᠲᠡᠶᠢᠯᠬᠦ ᠪᠤᠯᠤᠨ᠎ᠠ᠃ ᠲᠠᠭᠠᠳᠬᠠᠯ ᠳᠤ ᠤᠷᠤᠯᠴᠠᠭᠰᠠᠨ ᠨᠠᠰᠤᠳᠠᠶᠢᠴᠤᠳ ᠭᠡᠨᠡᠳᠳᠡ ᠶᠢᠨ ᠭᠡᠮᠳᠦᠯ ᠠᠴᠠ ᠪᠤᠯᠵᠦ ᠨᠠᠰᠦ ᠦᠩᠭᠡᠷᠡᠬᠦ ᠪᠤᠶᠤ ᠵᠡᠮᠳᠡᠭ ᠪᠤᠯᠪᠠᠯ 2 ᠲᠦᠮᠡᠨ ᠲᠦᠭᠦᠷᠢᠭ ᠤᠨ ᠲᠠᠭᠠᠳᠬᠠᠯ ᠤᠨ ᠮᠦᠩᠬᠦ ᠤᠯᠵᠦ᠂ ᠭᠡᠨᠡᠳᠳᠡ ᠶᠢᠨ ᠭᠡᠮᠳᠦᠯ ᠠᠴᠠ ᠪᠤᠯᠵᠦ ᠡᠮᠨᠡᠯᠭᠡ ᠳᠤ ᠰᠠᠭᠤᠵᠦ ᠡᠮᠴᠢᠯᠡᠬᠦᠯᠪᠡᠯ ︵ᠡᠬᠦᠳᠡᠨ ᠡᠮᠨᠡᠯᠭᠡ ᠪᠠ ᠡᠮᠨᠡᠯᠭᠡ ᠳᠤ ᠰᠠᠭᠤᠬᠤ ᠶᠢ ᠪᠦᠷ ᠪᠠᠭᠳᠠᠭᠠᠨ᠎ᠠ ︶ 5000 ᠲᠦᠭᠦᠷᠢᠭ ᠤᠨ ᠲᠠᠭᠠᠳᠬᠠᠯ ᠤᠨ ᠮᠦᠩᠬᠦ ᠤᠯᠬᠤ ᠪᠤᠯᠤᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号