ᠵᠠᠩ ᠡᠸ᠋ᠨ ᠬᠤᠢ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠳ ᠤᠨ ᠬᠤᠷᠠᠯ ᠵᠢᠴᠢ ᠠᠶᠢᠮᠠᠭ ᠤᠨ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠳᠠ ᠶᠢᠨ ᠠᠵᠢᠯ ᠤᠨ ᠤᠳᠤᠷᠢᠳᠬᠤ ᠳᠤᠭᠤᠢᠢᠯᠠᠩ ᠤᠨ ᠬᠤᠷᠠᠯ ᠳᠡᠭᠡᠷ᠎ᠡ ᠴᠢᠬᠤᠯᠠᠴᠢᠯᠠᠬᠰᠠᠨ ᠨᠢ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠳᠠ ᠶᠢᠨ ᠶᠡᠷᠦᠩᠬᠡᠢ ᠱᠠᠭᠠᠷᠳᠠᠯᠭ᠎ᠠ ᠶᠢ ᠬᠦᠨᠵᠡᠭᠡᠢ ᠨᠠᠶᠢᠳᠠᠪᠤᠷᠢᠵᠢᠭᠤᠯᠵᠤ ᠪᠦᠬᠦ ᠳᠠᠯ᠎ᠠ ᠪᠠᠷ ᠨᠠᠮ ᠢ ᠴᠢᠩᠭ᠎ᠠ ᠵᠠᠰᠠᠬᠤ ᠶᠢ ᠬᠦᠨᠵᠡᠭᠡᠢ ᠴᠢᠩᠭᠠᠳᠬᠠᠬᠤ ᠶᠢ ᠴᠢᠷᠮᠠᠶᠢᠨ ᠠᠬᠢᠭᠤᠯᠬᠤ ᠬᠡᠷᠡᠭᠳᠡᠢ
ᠨᠡᠶᠢᠲᠡᠯᠡᠭᠰᠡᠨ ᠴᠠᠭ᠄
2018/12/26
      12 ᠰᠠᠷ᠎ᠠ ᠶᠢᠨ 17 ᠤ ᠡᠳᠦᠷ᠂ ᠠᠶᠢᠮᠠᠭ ᠤᠨ ᠨᠠᠮ ᠤᠨ ᠬᠤᠷᠢᠶ᠎ᠠ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠳ ᠤᠨ ᠬᠤᠷᠠᠯ ᠵᠢᠴᠢ ᠠᠶᠢᠮᠠᠭ ᠤᠨ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠳᠠ ᠶᠢᠨ ᠠᠵᠢᠯ ᠤᠨ ᠤᠳᠤᠷᠢᠳᠬᠤ ᠳᠤᠭᠤᠢᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ︽ᠳᠤᠮᠳᠠᠳᠤ ᠤᠯᠤᠰ ᠤᠨ ᠡᠪ ᠬᠠᠮᠳᠤ ᠨᠠᠮ ᠤᠨ ᠨᠠᠮ ᠤᠨ ᠡᠭᠦᠷ ᠤᠨ ᠠᠵᠢᠯ ᠤᠨ ᠳᠦᠷᠢᠮ ︵ᠳᠤᠷᠰᠢᠨ ᠬᠡᠷᠡᠭᠵᠢᠭᠦᠯᠬᠦ︶︾ ᠤᠨ ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠰᠠᠬᠢᠯᠭ᠎ᠠ ᠪᠠᠳᠤ ᠬᠢᠨᠠᠨ ᠪᠠᠶᠢᠴᠠᠭᠠᠬᠤ᠂ ᠵᠤᠬᠢᠶᠠᠨ ᠪᠠᠶᠢᠭᠤᠯᠬᠤ᠂ ᠤᠬᠠᠭᠤᠯᠬᠤ᠂ ᠨᠢᠭᠡᠳᠦᠮᠡᠯ ᠹᠷᠤᠨᠲ᠂ ᠤᠯᠤᠰ ᠳᠦᠷᠦ ᠬᠠᠤᠯᠢ ᠴᠠᠭᠠᠵᠠ ᠪᠠ ᠤᠯᠠᠨ ᠳᠦᠮᠡᠨ ᠤ ᠪᠦᠯᠬᠦᠮ ᠤᠨ ᠵᠤᠬᠢᠶᠠᠨ ᠪᠠᠶᠢᠭᠤᠯᠤᠯᠳᠠ ᠶᠢᠨ 2018 ᠤᠨ ᠤ ᠠᠵᠢᠯ ᠤᠨ ᠮᠡᠳᠡᠭᠦᠯᠦᠯᠳᠡ ᠵᠢᠴᠢ 2019 ᠤᠨ ᠤ ᠠᠵᠢᠯ ᠤᠨ ᠪᠠᠶᠢᠷᠢᠯᠠᠭᠤᠯᠤᠯᠳᠠ ᠶᠢ ᠰᠤᠨᠤᠰᠴᠤ᠂ ᠬᠠᠮᠢᠶ᠎ᠠ ᠪᠦᠬᠦᠢ ᠠᠵᠢᠯ ᠢ ᠰᠤᠳᠤᠯᠤᠨ ᠪᠠᠶᠢᠷᠢᠯᠠᠭᠤᠯᠪᠠ᠃ ᠠᠶᠢᠮᠠᠭ ᠤᠨ ᠨᠠᠮ ᠤᠨ ᠬᠤᠷᠢᠶᠠᠨ ᠤ ᠱᠦᠵᠢ ᠵᠠᠩ ᠡᠸ᠋ᠨ ᠬᠤᠢ ᠬᠤᠷᠠᠯ ᠢ ᠡᠷᠭᠢᠯᠡᠬᠦ ᠶᠢᠨ ᠬᠠᠮᠳᠤ ᠶᠠᠷᠢᠶ᠎ᠠ ᠳᠠᠯᠪᠢᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠦᠮ ᠤᠨ ᠦᠵᠡᠯ ᠰᠠᠨᠠᠭ᠎ᠠ ᠪᠠ ᠨᠠᠮ ᠤᠨ ᠠᠷᠪᠠ ᠶᠢᠰᠦᠳᠦᠬᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠳᠤᠤᠱᠯᠠᠭᠤᠯᠬᠤ ᠶᠢ ᠪᠠᠷᠢᠮᠳᠠᠯᠬᠠᠤ ᠶᠢ ᠨᠢᠭᠡ ᠵᠦᠢᠯ ᠤᠨ ᠤᠷᠳᠤ ᠬᠤᠭᠤᠴᠠᠭᠠᠨ ᠤ ᠴᠢᠬᠤᠯᠠ ᠶᠡᠭᠡ ᠤᠯᠤᠰ ᠳᠦᠷᠦ ᠶᠢᠨ ᠡᠭᠦᠷᠭᠡ ᠪᠤᠯᠭᠠᠵᠤ᠂ ᠨᠠᠮ ᠨᠢ ᠨᠠᠮ ᠢᠶᠠᠨ ᠬᠠᠮᠢᠶᠠᠷᠬᠤ᠂ ᠨᠠᠮ ᠢ ᠪᠦᠬᠦ ᠳᠠᠯ᠎ᠠ ᠪᠠᠷ ᠵᠠᠰᠠᠬᠤ ᠶᠢ ᠪᠠᠷᠢᠮᠳᠠᠯᠠᠵᠤ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠳᠠ ᠶᠢᠨ ᠶᠡᠷᠦᠩᠭᠡᠢ ᠱᠠᠭᠠᠷᠳᠠᠯᠭ᠎ᠠ ᠶᠢ ᠳᠠᠰᠤᠷᠠᠯᠳᠠ ᠦᠭᠡᠢ ᠬᠦᠡᠵᠡᠭᠡᠶᠢᠷᠡᠭᠦᠯᠦᠨ ᠨᠠᠶᠢᠳᠠᠪᠤᠷᠢᠵᠢᠭᠤᠯᠵᠤ᠂ ᠰᠢᠨ᠎ᠡ ᠡᠭᠦᠷᠭᠡ ᠰᠢᠨ᠎ᠡ ᠬᠢᠳᠡᠯ ᠢᠶᠠᠷ ᠪᠦᠬᠦ ᠳᠠᠯ᠎ᠠ ᠪᠠᠷ ᠨᠠᠮ ᠢ ᠴᠢᠩᠭ᠎ᠠ ᠵᠠᠰᠠᠬᠤ ᠶᠢ ᠬᠦᠨᠵᠡᠭᠡᠢ ᠴᠢᠩᠭᠠᠳᠬᠠᠬᠤ ᠶᠢ ᠠᠬᠢᠭᠤᠯᠬᠤ ᠬᠡᠷᠡᠭᠳᠡᠢ ᠭᠡᠵᠤ ᠴᠢᠬᠤᠯᠠᠴᠢᠪᠠ᠃          ᠬᠤᠷᠠᠯ ᠠᠴᠠ ᠵᠢᠭᠠᠵᠤ ᠭᠠᠷᠭᠠᠭᠰᠠᠨ ᠨᠢ᠂ ᠨᠠᠮ ᠤᠨ ᠳᠦᠪ ᠬᠤᠷᠢᠶᠠᠨ ᠤ ᠳᠠᠷᠤᠮᠠᠯᠯᠠᠨ ᠳᠠᠷᠬᠠᠭᠠᠭᠰᠠᠨ ︽ᠳᠤᠮᠳᠠᠳᠤ ᠤᠯᠤᠰ ᠤᠨ ᠡᠪ ᠬᠠᠮᠳᠤ ᠨᠠᠮ ᠤᠨ ᠨᠠᠮ ᠤᠨ ᠡᠭᠦᠷ ᠤᠨ ᠠᠵᠢᠯ ᠤᠨ ᠳᠦᠷᠢᠮ ︵ᠳᠤᠷᠰᠢᠨ ᠬᠡᠷᠡᠭᠵᠢᠭᠦᠯᠬᠦ︶︾ ᠪᠤᠯ ᠮᠠᠨ ᠤ ᠨᠠᠮ ᠤᠨ ᠳᠡᠤᠬᠡᠨ ᠳᠡᠭᠡᠷᠡᠬᠢ ᠨᠢᠭᠡᠳᠦᠭᠡᠷ ᠪᠦᠯᠦᠭ ᠤᠨ ᠨᠠᠮ ᠤᠨ ᠡᠭᠦᠷ ᠤᠨ ᠠᠵᠢᠯ ᠤᠨ ᠳᠤᠬᠠᠢ ᠦᠨᠳᠦᠰᠦᠨ ᠭᠤᠤᠯᠯᠠᠭᠴᠢ ᠬᠠᠤᠯᠢ ᠳᠦᠷᠢᠮ ᠪᠠᠶᠢᠵᠤ᠂ ᠨᠠᠮ ᠤᠨ ᠡᠭᠦᠷ ᠤᠨ ᠠᠵᠢᠯ ᠢ ᠪᠦᠬᠦ ᠳᠠᠯ᠎ᠠ ᠪᠠᠷ ᠲᠦᠷᠢᠮᠵᠢᠭᠦᠯᠦᠭᠰᠡᠨ ᠰᠢᠨ᠎ᠡ ᠴᠠᠭ ᠦᠶ᠎ᠡ ᠶᠢᠨ ᠨᠠᠮ ᠤᠨ ᠡᠭᠦᠷ ᠤᠨ ᠪᠠᠶᠢᠭᠤᠯᠤᠯᠳᠠ ᠶᠢᠨ ᠦᠨᠳᠦᠰᠦᠨ ᠵᠢᠷᠦᠮᠯᠡᠯ ᠪᠤᠯᠤᠨ᠎ᠠ᠃ ᠨᠠᠮ ᠤᠨ ᠵᠤᠬᠢᠶᠠᠨ ᠪᠠᠶᠢᠭᠤᠯᠤᠯᠳᠠ ᠶᠢᠨ ᠰᠢᠰᠲᠧᠮ ᠤᠨ ᠪᠠᠶᠢᠭᠤᠯᠤᠯᠳᠠ ᠶᠢ ᠴᠢᠩᠭᠠᠳᠬᠠᠬᠤ᠂ ᠪᠦᠬᠦ ᠳᠠᠯ᠎ᠠ ᠪᠠᠷ ᠨᠠᠮ ᠢ ᠴᠢᠩᠭ᠎ᠠ ᠵᠠᠰᠠᠬᠤ ᠶᠢ ᠦᠨᠳᠦᠰᠦᠨ ᠱᠠᠳᠤ ᠳᠡᠰᠢ ᠬᠦᠨᠵᠡᠭᠡᠶᠢᠷᠡᠭᠦᠯᠭᠦ ᠶᠢ ᠠᠬᠢᠭᠤᠯᠬᠤ᠂ ᠨᠠᠮ ᠤᠨ ᠡᠭᠦᠷ ᠤᠨ ᠵᠤᠬᠢᠶᠠᠨ ᠪᠠᠶᠢᠭᠤᠯᠤᠯᠳᠠ ᠶᠢᠨ ᠬᠦᠴᠦᠨ ᠢ ᠪᠦᠬᠦ ᠳᠠᠯ᠎ᠠ ᠪᠠᠷ ᠳᠡᠰ ᠳᠡᠪᠰᠢᠭᠦᠯᠬᠦ᠂ ᠨᠠᠮ ᠤᠨ ᠡᠭᠦᠷ ᠤᠨ ᠤᠯᠤᠰ ᠳᠦᠷᠦ ᠶᠢᠨ ᠴᠢᠳᠠᠪᠬᠢ ᠶᠢ ᠴᠢᠩᠭᠠᠳᠬᠠᠬᠤ᠂ ᠨᠠᠮ ᠤᠨ ᠤᠷᠳᠤ ᠬᠤᠭᠤᠴᠠᠭᠠᠨ ᠤ ᠳᠦᠷᠦ ᠪᠠᠷᠢᠬᠤ ᠵᠤᠬᠢᠶᠠᠨ ᠪᠠᠶᠢᠭᠤᠯᠤᠯᠳᠠ ᠶᠢᠨ ᠰᠠᠭᠤᠷᠢ ᠶᠢ ᠪᠠᠳᠤᠳᠬᠠᠬᠤ ᠳᠤ ᠳᠦᠢᠯ ᠤᠨ ᠴᠢᠬᠤᠯᠠ ᠠᠴᠢ ᠬᠤᠯᠪᠤᠭᠳᠠᠯ ᠲᠠᠢ ᠶᠤᠮ᠃      ᠬᠤᠷᠠᠯ ᠠᠴᠠ ᠴᠢᠬᠤᠯᠠᠴᠢᠯᠠᠬᠰᠠᠨ ᠨᠢ᠂ ︽ᠳᠦᠷᠢᠮ︾ ᠤᠨ ᠴᠢᠬᠤᠯᠠ ᠠᠴᠢ ᠬᠤᠯᠪᠤᠭᠳᠠᠯ ᠢ ᠬᠦᠨᠵᠡᠭᠡᠢ ᠳᠠᠨᠢᠵᠤ᠂ ᠤᠠᠬᠭᠤᠯᠤᠨ ᠳᠠᠶᠢᠯᠪᠤᠷᠢᠯᠠᠬᠤ ᠪᠠ ᠰᠤᠷᠤᠯᠴᠠᠯᠭ᠎ᠠ ᠪᠤᠯᠪᠠᠰᠤᠷᠠᠯ ᠢ ᠦᠨᠡᠨᠬᠦ ᠰᠠᠶᠢᠳᠤᠷ ᠠᠳᠬᠤᠵᠤ᠂ ᠳᠤᠤᠱᠯᠠᠭᠤᠯᠤᠨ ᠬᠡᠷᠡᠭᠵᠢᠭᠦᠯᠬᠦ ᠦᠵᠡᠯ ᠰᠠᠨᠠᠭᠠᠨ ᠤ ᠦᠪᠡᠷ ᠤᠨ ᠤᠬᠠᠮᠰᠠᠷ ᠪᠠ ᠠᠵᠢᠯᠯᠠᠭᠠᠨ ᠤ ᠦᠪᠡᠷ ᠤᠨ ᠤᠬᠠᠮᠰᠠᠷ ᠢ ᠳᠡᠭᠡᠭᠰᠢᠯᠡᠭᠦᠯᠬᠦ ᠶᠢᠨ ᠬᠠᠮᠳᠤ ᠠᠶᠢᠮᠠᠭ ᠤᠨ ᠪᠤᠳᠠᠳᠠᠢ ᠲᠠᠢ ᠤᠶᠠᠯᠳᠤᠭᠤᠯᠤᠨ ᠭᠡᠷᠡᠭᠵᠢᠭᠦᠯᠵᠦ ᠪᠤᠯᠬᠤᠢᠢᠴᠠ ᠨᠠᠶᠢᠳᠠᠪᠤᠷᠢᠵᠢᠭᠤᠯᠬᠤ ᠠᠷᠭ᠎ᠠ ᠮᠡᠶ᠋ᠢᠭ ᠢ ᠳᠤᠭᠳᠠᠭᠠᠵᠤ᠂ ᠴᠢᠭᠯᠡᠭᠦᠯᠦᠯᠳᠤ ᠴᠢᠨᠠᠷ ᠲᠠᠢ᠂ ᠦᠷ᠎ᠠ ᠪᠦᠳᠦᠮᠵᠢᠳᠦ ᠴᠢᠨᠠᠷ ᠲᠠᠢ᠂ ᠰᠢᠨ᠎ᠡ ᠶᠢ ᠡᠭᠦᠳᠬᠦ ᠴᠢᠨᠠᠷ ᠲᠠᠢ ᠬᠦᠴᠦᠨ ᠪᠦᠬᠦᠢ ᠠᠷᠭ᠎ᠠ ᠪᠤᠳᠤᠯᠭ᠎ᠠ ᠶᠢ ᠠᠪᠴᠤ᠂ ︽ᠳᠦᠷᠢᠮ︾ ᠢ ᠪᠤᠳᠠᠳᠤ ᠭᠠᠵᠠᠷ ᠲᠤ ᠨᠠᠶᠢᠳᠠᠪᠤᠷᠢᠵᠢᠭᠤᠯᠬᠤ᠂ ᠪᠤᠳᠠᠳᠤ ᠠᠮᠵᠢᠯᠳᠠ ᠭᠠᠷᠭᠠᠬᠤ ᠶᠢ ᠠᠬᠢᠭᠤᠯᠵᠤ᠂ ᠪᠦᠬᠦ ᠠᠶᠢᠮᠠᠭ ᠤᠨ ᠡᠯ᠎ᠡ ᠦᠨᠳᠦᠰᠦᠨ ᠱᠠᠳᠤᠨ ᠤ ᠨᠠᠮ ᠤᠨ ᠡᠭᠦᠷ ᠢ ᠦᠨᠡᠨᠬᠦ ᠪᠤᠭᠤᠮᠳᠠ ᠰᠢᠪᠳᠤᠯᠵᠤ ᠬᠦᠴᠢᠷ ᠢ ᠢᠯᠠᠬᠤ ᠳᠠᠶᠢᠯᠠᠯᠳᠤᠭᠠᠨ ᠤ ᠪᠠᠬᠢᠯᠡᠯᠳᠡ ᠪᠤᠯᠭᠠᠨ ᠪᠠᠶᠢᠭᠤᠯᠬᠤ ᠬᠡᠷᠡᠭᠳᠡᠢ ᠭᠡᠵᠡᠢ᠃           ᠬᠤᠷᠠᠯ ᠠᠴᠠ ᠴᠢᠬᠤᠯᠠᠴᠢᠯᠠᠬᠰᠠᠨ ᠨᠢ᠂ ᠢᠷᠡᠬᠦ ᠵᠢᠯ ᠪᠤᠯ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠤᠢ ᠪᠤᠯᠤᠨ᠎ᠠ᠂ ᠴᠢᠨᠡᠬᠡᠯᠢᠭ ᠨᠡᠶᠢᠭᠡᠮ ᠢ ᠪᠦᠬᠦ ᠳᠠᠯ᠎ᠠ ᠪᠠᠷ ᠪᠠᠶᠢᠭᠤᠯᠬᠤ ᠢᠯᠠᠯᠳᠠ ᠶᠢ ᠤᠯᠬᠤ ᠶᠢᠨ ᠨᠢᠭᠡᠳᠦᠭᠡᠷ ᠵᠠᠭᠤᠨ ᠵᠢᠯ ᠤᠨ ᠳᠡᠮᠡᠴᠡᠬᠦ ᠬᠠᠷᠠᠯᠳᠠ ᠶᠢᠨ ᠵᠠᠩᠬᠢᠯᠠᠭ᠎ᠠ ᠶᠢᠨ ᠤᠨ ᠪᠠᠶᠢᠵᠤ᠂ ᠨᠠᠮ ᠢ ᠬᠠᠮᠢᠶᠠᠷᠴᠤ ᠨᠠᠮ ᠢ ᠵᠠᠰᠠᠬᠤ ᠠᠵᠢᠯ ᠳᠤ ᠰᠢᠨ᠎ᠡ ᠪᠠᠷ ᠨᠡᠩ ᠦᠨᠳᠦᠷ ᠱᠠᠭᠠᠷᠳᠠᠯᠭ᠎ᠠ ᠳᠤᠷᠠᠳᠴᠠᠢ᠃ ᠪᠦᠬᠦ ᠠᠶᠢᠮᠠᠭ ᠤᠨ ᠡᠯ᠎ᠡ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠦᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠬᠤ ᠶᠢ ᠪᠠᠷᠢᠮᠳᠠᠯᠠᠵᠤ᠂ ᠨᠠᠮ ᠤᠨ ᠳᠦᠪ ᠬᠤᠷᠢᠶ᠎ᠠ ᠪᠠ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠦᠬᠦ ᠳᠠᠯ᠎ᠠ ᠪᠠᠷ ᠨᠠᠮ ᠢ ᠴᠢᠩᠭ᠎ᠠ ᠵᠠᠰᠠᠬᠤ ᠡᠯ᠎ᠡ ᠳᠦᠷᠦᠯ ᠤᠨ ᠰᠢᠢᠳᠪᠤᠷᠢᠳᠤ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠨᠠᠮ ᠤᠨ ᠪᠠᠶᠢᠭᠤᠯᠤᠯᠳᠠ ᠶᠢᠨ ᠠᠵᠢᠯ ᠤᠨ ᠬᠠᠷᠢᠭᠤᠴᠠᠯᠭᠠᠳᠤ ᠰᠡᠳᠭᠢᠯᠭᠡ ᠪᠠ ᠳᠤᠯᠭᠠᠮ᠎ᠠ ᠰᠡᠳᠭᠢᠯᠭᠡ ᠶᠢ ᠦᠨᠡᠨᠬᠦ ᠳᠡᠭᠡᠭᠰᠢᠯᠡᠭᠦᠯᠦᠨ᠂ ᠨᠠᠮ ᠢ ᠬᠠᠮᠢᠶᠠᠷᠴᠤ ᠨᠠᠮ ᠢ ᠵᠠᠰᠠᠬᠤ ᠠᠵᠢᠯ ᠤᠨ ᠡᠭᠦᠳᠦᠨ ᠪᠦᠳᠦᠭᠡᠯᠴᠢ ᠴᠢᠨᠠᠷ᠂ ᠪᠤᠳᠠᠳᠤ ᠠᠮᠵᠢᠯᠳᠠ ᠶᠢᠨ ᠴᠢᠨᠠᠷ ᠢ ᠳᠠᠰᠤᠷᠠᠯᠳᠠ ᠦᠭᠡᠢ ᠳᠡᠭᠡᠭᠰᠢᠯᠡᠭᠦᠯᠵᠤ᠂ ᠦᠪᠡᠷ ᠢ ᠪᠠᠨ ᠴᠡᠪᠡᠷᠰᠢᠭᠦᠯᠬᠦ᠂ ᠦᠪᠡᠷ ᠢ ᠪᠠᠨ ᠳᠡᠭᠦᠯᠳᠡᠷᠵᠢᠭᠦᠯᠬᠦ᠂ ᠦᠪᠡᠷ ᠢ ᠪᠠᠨ ᠰᠢᠨᠡᠴᠢᠯᠡᠬᠦ᠂ ᠦᠪᠡᠷ ᠢ ᠪᠠᠨ ᠳᠡᠭᠡᠭᠰᠢᠯᠡᠭᠦᠯᠬᠦ ᠶᠢ ᠪᠡᠶᠡᠯᠡᠭᠦᠯᠬᠦ ᠬᠡᠷᠡᠭᠳᠡᠢ᠃  ᠨᠠᠮ ᠤᠨ ᠤᠯᠤᠰ ᠳᠦᠷᠦ ᠶᠢᠨ ᠪᠠᠶᠢᠭᠤᠯᠤᠯᠳᠠ ᠶᠢ ᠳᠤᠪᠤᠶᠢᠮ᠎ᠠ ᠰᠠᠶᠢᠳᠤᠷ ᠠᠳᠬᠤᠵᠤ᠂ ᠨᠠᠮ ᠤᠨ ᠦᠵᠡᠯ ᠰᠠᠨᠠᠭᠠᠨ ᠤ ᠪᠠᠶᠢᠭᠤᠯᠤᠯᠳᠠ ᠶᠢ ᠦᠷᠭᠦᠯᠵᠢᠯᠡᠨ ᠬᠦᠨᠵᠡᠭᠡᠶᠢᠷᠡᠭᠦᠯᠵᠤ᠂ ᠰᠢᠨ᠎ᠡ ᠴᠠᠭ ᠦᠶ᠎ᠡ ᠶᠢᠨ ᠨᠠᠮ ᠤᠨ ᠵᠤᠬᠢᠶᠠᠨ ᠪᠠᠶᠢᠭᠤᠯᠤᠯᠳᠠ ᠶᠢᠨ ᠱᠤᠭᠤᠮ ᠢ ᠦᠪᠠᠷ ᠤᠨ ᠤᠬᠠᠮᠰᠠᠷ ᠠᠴᠠ ᠪᠠᠨ ᠦᠢᠯᠡᠳᠦᠯᠭᠡᠵᠢᠭᠦᠯᠵᠤ᠂ ᠳᠦᠪ ᠰᠤᠷᠳᠠᠯ ᠴᠢᠩᠭ᠎ᠠ ᠰᠠᠬᠢᠯᠭ᠎ᠠ᠂ ᠢᠯᠵᠠᠷᠠᠯ ᠢ ᠵᠠᠯᠬᠠᠭᠠᠨ ᠰᠢᠳᠭᠡᠬᠦ ᠶᠢ ᠤᠷᠳᠤ ᠤᠳᠠᠭᠠᠨ ᠢᠶᠠᠷ ᠪᠠᠷᠢᠮᠳᠠᠯᠠᠵᠤ᠂ ᠨᠢᠭᠡᠳᠦᠮᠡᠯ ᠹᠷᠤᠨᠲ ᠢ ᠤᠯᠠᠮ ᠨᠢᠭᠡ ᠠᠯᠬᠤᠮ ᠪᠠᠳᠤᠳᠬᠠᠨ ᠬᠦᠭᠵᠢᠭᠦᠯᠵᠤ᠂ ᠠᠮᠤᠷ ᠳᠤᠭᠳᠠᠭᠤᠨ ᠢᠶᠠᠷ ᠡᠭᠦᠳᠦᠨ ᠪᠠᠶᠢᠭᠤᠯᠬᠤ ᠠᠵᠢᠯ ᠢ ᠯᠠᠪᠳᠠᠭᠤᠨ ᠠᠬᠢᠭᠤᠯᠵᠤ᠂ ᠰᠢᠨ᠎ᠡ ᠪᠠᠶᠢᠳᠠᠯ ᠳᠤᠤᠷᠠᠬᠢ ᠨᠠᠮ ᠤᠨ ᠤᠯᠠᠨ ᠳᠦᠮᠡᠨ ᠤ ᠪᠦᠯᠬᠦᠮ ᠤᠨ ᠠᠵᠢᠯ ᠢ ᠴᠢᠩᠭᠠᠳᠬᠠᠨ ᠰᠠᠶᠢᠵᠢᠷᠠᠭᠤᠯᠵᠤ᠂ ᠨᠠᠮ ᠢ ᠴᠢᠩᠭ᠎ᠠ ᠵᠠᠰᠬᠠᠤ ᠳᠦᠷᠢᠮ ᠤᠨ ᠰᠢᠰᠲᠧᠮ ᠢ ᠳᠡᠭᠦᠯᠳᠡᠷᠵᠢᠭᠦᠯᠵᠤ᠂ ᠨᠠᠮ ᠤᠨ ᠪᠠᠶᠢᠭᠤᠯᠤᠯᠳᠠ ᠶᠢᠨ ᠬᠠᠷᠢᠭᠤᠴᠠᠯᠭ᠎ᠠ ᠶᠢ ᠳᠡᠷᠡ ᠬᠡᠪ ᠢᠶᠠᠷ ᠨᠢ ᠨᠠᠶᠢᠳᠠᠪᠤᠷᠢᠵᠢᠭᠤᠯᠬᠤ ᠶᠢ ᠪᠦᠬᠦ ᠬᠦᠴᠦᠨ ᠢᠶᠠᠷ ᠠᠬᠢᠭᠤᠯᠬᠤ ᠬᠡᠷᠡᠭᠳᠡᠢ ᠭᠡᠵᠡᠢ᠃  
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号