ᠤᠯᠤᠰ ᠤᠨ ᠲᠡᠷᠢᠬᠦᠯᠡᠭᠴᠢ ᠰᠢ ᠶᠢᠨ ᠫᠢᠩ 2019 ᠤᠨ ᠤ ᠰᠢᠨ᠎ᠡ ᠵᠢᠯ ᠤᠨ ᠪᠠᠶᠠᠷ ᠤᠨ ᠦᠬᠡ ᠨᠡᠶᠢᠳᠡᠯᠡᠪᠡ
ᠨᠡᠶᠢᠲᠡᠯᠡᠭᠰᠡᠨ ᠴᠠᠭ᠄
2019-01-01
    ᠰᠢᠨᠬᠤᠸᠠ ᠬᠤᠷᠢᠶᠡᠨ ᠤ ᠪᠡᠭᠡᠵᠢᠩ ᠤᠨ 12 ᠰᠠᠷ᠎ᠠ ᠶᠢᠨ 31 ᠤ ᠴᠠᠬᠢᠯᠭᠠᠨ ᠮᠡᠳᠡᠭᠡ ᠰᠢᠨ᠎ᠡ ᠵᠢᠯ ᠠᠴᠠ ᠡᠮᠤᠨᠡᠬᠡᠨ᠂ ᠤᠯᠤᠰ ᠤᠨ ᠲᠡᠷᠢᠬᠦᠯᠡᠭᠴᠢ ᠰᠢ ᠶᠢᠨ ᠫᠢᠩ ᠲᠦᠪ ᠤᠨ ᠷᠠᠳᠢᠣ᠋ ᠲᠧᠯᠸᠢᠰ ᠤᠨ ᠶᠡᠷᠤᠩᠬᠡᠢ ᠬᠤᠷᠢᠶ᠎ᠡ ᠪᠤᠯᠤᠨ ᠢᠨᠲ᠋ᠧᠷ ᠰᠦᠯᠵᠢᠶ᠎ᠡ ᠪᠠᠷ ᠲᠠᠮᠵᠢᠭᠤᠯᠤᠨ᠂ 2019 ᠤᠨ ᠤ ᠰᠢᠨ᠎ᠡ ᠵᠢᠯ ᠤᠨ ᠪᠠᠶᠠᠷ ᠤᠨ ᠦᠬᠡ ᠨᠡᠶᠢᠳᠡᠯᠡᠪᠡ ᠃ ᠪᠦᠬᠦ ᠠᠭᠤᠯᠭ᠎ᠠ ᠨᠢ ᠲᠤᠤᠷᠠᠬᠢ ᠮᠡᠳᠤ᠄     ᠤᠯᠠᠨ ᠢᠶᠠᠷ ᠢᠶᠠᠨ ᠰᠠᠶᠢᠨ ᠪᠠᠶᠢᠵᠠᠭᠠᠨ᠎ᠠ ᠤᠤ︕ ︽ᠤᠨ ᠵᠢᠯ ᠤᠷᠴᠢᠨ ᠡᠷᠭᠢᠯᠳᠤᠵᠤ᠂ ᠦᠩᠬᠡᠷᠡᠨ ᠤᠳᠬᠤ ᠴᠠᠭ ᠮᠦᠴᠡ ᠤᠰᠤᠨ ᠤ ᠤᠷᠤᠰᠬᠠᠯ ᠮᠡᠳᠤ︾᠃ 2019 ᠤᠨ ᠤᠳᠠᠯ ᠦᠬᠡᠢ ᠬᠦᠷᠴᠤ ᠢᠷᠡᠬᠦ ᠪᠤᠯᠤᠯ᠎ᠠ᠂ ᠪᠢ ᠪᠡᠭᠡᠵᠢᠩ ᠠᠴᠠ ᠲᠡ ᠪᠦᠬᠦᠨ ᠳᠤ ᠰᠢᠨ᠎ᠡ ᠵᠢᠯ ᠤᠨ ᠰᠠᠶᠢᠨ ᠰᠠᠶᠢᠬᠠᠨ ᠵᠦᠩᠨᠡᠯ ᠲᠡᠪᠰᠢᠬᠦᠯᠵᠥ ᠪᠠᠶᠢᠨ᠎ᠠ︕
   ᠰᠢᠨ᠎ᠡ ᠵᠢᠯ ᠠᠴᠠ ᠡᠮᠤᠨᠡᠬᠡᠨ᠂ ᠤᠯᠤᠰ ᠤᠨ ᠲᠡᠷᠢᠬᠦᠯᠡᠭᠴᠢ ᠰᠢ ᠶᠢᠨ ᠫᠢᠩ ᠲᠦᠪ ᠤᠨ ᠷᠠᠳᠢᠣ᠋ ᠲᠧᠯᠸᠢᠰ ᠤᠨ ᠶᠡᠷᠤᠩᠬᠡᠢ ᠬᠤᠷᠢᠶ᠎ᠡ ᠪᠤᠯᠤᠨ ᠢᠨᠲ᠋ᠧᠷ ᠰᠦᠯᠵᠢᠶ᠎ᠡ ᠪᠠᠷ ᠲᠠᠮᠵᠢᠭᠤᠯᠤᠨ᠂ 2019 ᠤᠨ ᠤ ᠰᠢᠨ᠎ᠡ ᠵᠢᠯ ᠤᠨ ᠪᠠᠶᠠᠷ ᠤᠨ ᠦᠬᠡ ᠨᠡᠶᠢᠳᠡᠯᠡᠪᠡ᠃     ᠰᠢᠨᠬᠤᠸᠠ ᠬᠤᠷᠢᠶᠠᠨ ᠤ ᠰᠤᠷᠪᠤᠯᠵᠢᠯᠠᠭᠴᠢ ᠵᠢᠦᠢ ᠫᠧᠩ ᠰᠡᠭᠦᠳᠡᠷᠯᠡᠪᠡ     2018 ᠤᠨ ᠢ ᠪᠢᠳᠡ ᠮᠠᠰᠢ ᠤᠳᠬ᠎ᠠ ᠳᠡᠭᠦᠯᠳᠡᠷ ᠦᠩᠬᠡᠷᠡᠬᠡᠵᠦ᠂ ᠮᠠᠰᠢ ᠪᠠᠳᠦ ᠢᠳᠡᠬᠡᠯ ᠲᠠᠢ ᠶᠠᠪᠤᠵᠦ ᠢᠷᠡᠯ᠎ᠡ᠃ ᠡᠨᠡ ᠨᠢᠬᠡ ᠵᠢᠯ ᠳᠤ᠂ ᠪᠢᠳᠡ ᠡᠯ᠎ᠡ ᠵᠦᠢᠯ ᠤᠨ ᠠᠶᠤᠯ ᠲᠦᠭᠰᠢᠬᠦᠷᠢ ᠦᠷᠢᠰᠦᠯᠳᠦᠬᠡᠨ ᠢ ᠢᠯᠠᠨ ᠲᠠᠪᠠᠵᠥ ᠂ ᠠᠵᠥ ᠠᠬᠤᠢ ᠶᠢᠨ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠵᠥ᠂ ᠰᠢᠨ᠎ᠡ ᠬᠠᠭᠤᠴᠢᠨ ᠬᠦᠳᠡᠯᠬᠡᠬᠦ ᠡᠨᠧᠷᠬᠢ ᠶᠢᠨ ᠰᠤᠯᠢᠬᠳᠠᠯ ᠢ ᠲᠦᠷᠬᠡᠳᠬᠡᠵᠥ᠂ ᠠᠵᠥ ᠠᠬᠤᠢ ᠶᠢᠨ ᠠᠵᠢᠯᠯᠠᠭᠠᠨ ᠵᠤᠬᠢᠰᠳᠠᠢ ᠬᠡᠪᠴᠢᠶᠡᠨ ᠳᠤ ᠪᠠᠶᠢᠬᠤ ᠶᠢ ᠪᠠᠳᠤᠯᠠᠪᠠ᠃ ᠬᠦᠬᠡ ᠲᠡᠭᠷᠢ᠂ ᠬᠦᠬᠡᠮᠳᠦᠭ ᠤᠰᠤ᠂ ᠴᠡᠪᠡᠷ ᠬᠦᠷᠦᠰᠦ ᠶᠢ ᠬᠠᠮᠠᠭᠠᠯᠠᠬᠤ ᠲᠠᠶᠢᠯᠠᠯᠳᠤᠭᠠᠨ ᠢ ᠤᠷᠤᠭᠰᠢᠳᠠᠢ ᠠᠬᠢᠭᠤᠯᠵᠥ᠂ ᠠᠷᠠᠳ ᠤᠨ ᠠᠮᠢᠳᠤᠷᠠᠯ ᠤᠨ ᠡᠯ᠎ᠡ ᠵᠦᠢᠯ ᠤᠨ ᠦᠢᠯᠡᠰ ᠲᠦᠷᠬᠡᠨ ᠬᠦᠭᠵᠢᠵᠥ᠂ ᠠᠷᠠᠳ ᠤᠨ ᠠᠮᠢᠳᠤᠷᠠᠯ ᠦᠷᠬᠦᠯᠵᠢᠯᠡᠨ ᠰᠠᠶᠢᠵᠢᠷᠠᠪᠠ᠃ ᠪᠡᠬᠡᠵᠢᠩ ᠲᠢᠶᠠᠨᠵᠢᠨ ᠡᡁᠧᠪᠸᠢ ᠶᠢᠨ ᠬᠠᠮᠵᠢᠯᠴᠠᠭᠰᠠᠠ ᠬᠦᠭᠵᠢᠯᠳᠡ᠂ ᠬᠦᠬᠡᠮᠦ᠋ᠷᠡᠨ ᠤ ᠠᠵᠥ ᠠᠬᠤᠢ ᠶᠢᠨ ᠪᠦᠰᠡ ᠶᠢᠨ ᠬᠦᠭᠵᠢᠯᠳᠡ᠂ ᠭᠤᠸᠠᠩᠳᠦ᠋ᠩ ᠰᠢᠶᠠᠩᠭᠠᠩ ᠤᠤᠮᠧᠨ ᠤ ᠶᠡᠭᠡ ᠪᠤᠯᠤᠩ ᠤᠨ ᠤᠷᠤᠨ ᠤ ᠪᠦᠳᠦᠬᠡᠨ ᠪᠠᠶᠢᠭᠤᠯᠤᠯᠳᠠ ᠵᠡᠷᠬᠡ ᠤᠯᠤᠰ ᠤᠨ ᠪᠠᠶᠢᠯᠳᠤᠬᠤ ᠪᠤᠳᠤᠯᠭ᠎ᠠ ᠶᠢ ᠲᠤᠭᠳᠠᠭᠤᠨ ᠢᠶᠠᠷ ᠬᠡᠷᠡᠭᠵᠢᠬᠦᠯᠪᠡ᠃ ᠪᠢ ᠡᠯ᠎ᠡ ᠭᠠᠵᠠᠷ ᠲᠤ ᠰᠢᠨᠵᠢᠯᠡᠨ ᠪᠠᠶᠢᠴᠠᠭᠠᠬᠤ ᠳᠠᠭᠠᠨ᠄ ᠬᠦᠬᠡᠮᠦ᠋ᠷᠡᠨ ᠤ ᠬᠤᠶᠠᠷ ᠬᠦᠪᠡᠭᠡ ᠨᠤᠭᠤᠭᠠᠨ ᠦᠩᠬᠡ ᠪᠠᠷ ᠴᠢᠮᠡᠭᠯᠡᠭᠳᠡᠵᠥ᠂ ᠭᠤᠷᠪᠠᠨ ᠮᠦᠷᠡᠨ ᠤ ᠲᠦᠮᠡᠨ ᠮᠦ ᠶᠢᠨ ᠡᠬᠡ ᠭᠠᠵᠠᠷ ᠨᠡᠷᠡᠮᠵᠢᠳᠤ ᠲᠤᠳᠤᠷᠭ᠎ᠠ ᠲᠠᠪᠠᠯᠭᠠᠯᠠᠨ ᠬᠠᠯᠢᠭᠤᠷᠠᠵᠥ᠂ ᠱᠧᠨᠵᠧᠨ ᠤ ᠴᠢᠶᠠᠨᠬᠠᠢ ᠦᠷᠨᠢᠬᠦᠨ ᠬᠦᠭᠵᠢᠵᠥ᠂ ᠱᠠᠩᠬᠠᠢ ᠶᠢᠨ ᠵᠠᠩᠵᠢᠶᠠᠩ ᠠᠮᠢᠵᠢᠷᠡᠯ ᠤᠨ ᠬᠦᠴᠦᠨ ᠢᠶᠠᠷ ᠪᠢᠯᠬᠠᠵᠥ᠂ ᠰᠢᠶᠠᠩᠭᠠᠩ ᠵᠦᠬᠠᠢ ᠤᠤᠮᠧᠨ ᠤ ᠶᠡᠭᠡ ᠬᠦᠬᠦᠷᠬᠡ ᠭᠤᠷᠪᠠᠨ ᠭᠠᠵᠠᠷ ᠢ ᠬᠤᠯᠪᠤᠭᠰᠠᠠ ᠪᠠᠶᠢᠬᠤ ᠶᠢ ᠤᠯᠵᠥ ᠬᠠᠷᠠᠯ᠎ᠠ᠃ ᠡᠳᠡᠭᠡᠷ ᠠᠮᠵᠢᠯᠳᠡ ᠶᠢ ᠪᠤᠯ ᠪᠦᠬᠦ ᠤᠯᠤᠰ ᠤᠨ ᠦᠨᠳᠦᠰᠦᠳᠡᠨ ᠨᠦᠭᠦᠳ ᠤᠨ ᠠᠷᠠᠳ ᠲᠦᠮᠡᠨ ᠬᠠᠨᠴᠤᠢ ᠰᠢᠮᠠᠯᠠᠨ ᠴᠢᠷᠮᠡᠶᠢᠨ ᠠᠵᠢᠯᠯᠠᠵᠥ ᠪᠠᠶᠢᠭᠠᠳ ᠤᠯᠤᠭᠰᠠᠠ ᠶᠤᠮ᠂ ᠰᠢᠨ᠎ᠡ ᠴᠠᠭ ᠦᠶ᠎ᠡ ᠶᠢᠨ ᠡᠷᠡᠯᠬᠡᠭᠯᠡᠨ ᠲᠡᠮᠡᠴᠡᠭᠴᠢᠳ ᠬᠦᠯᠥᠰᠦ ᠪᠠᠨ ᠤᠷᠤᠰᠬᠠᠵᠥ ᠪᠠᠶᠢᠭᠠᠳ ᠤᠯᠵᠥ ᠢᠷᠡᠭᠰᠡᠡ ᠶᠤᠮ᠃    ᠡᠨᠡ ᠵᠢᠯ ᠳᠤ᠂ ᠲᠤᠮᠳᠠᠳᠤ ᠤᠯᠤᠰ ᠤᠨ ᠦᠢᠯᠡᠳᠬᠦᠢ᠂ ᠲᠤᠮᠳᠠᠳᠤ ᠤᠯᠤᠰ ᠤᠨ ᠡᠬᠦᠳᠬᠦᠢ᠂ ᠲᠤᠮᠳᠠᠳᠤ ᠤᠯᠤᠰ ᠤᠨ ᠵᠤᠬᠢᠶᠠᠬᠤᠢ ᠵᠡᠷᠬᠡ ᠪᠠᠷ ᠬᠦᠴᠦᠯᠡᠵᠥ᠂ ᠲᠤᠮᠳᠠᠳᠤ ᠤᠯᠤᠰ ᠤᠨ ᠲᠦᠷᠰᠦ ᠪᠠᠶᠢᠳᠠᠯ ᠢ ᠦᠷᠬᠦᠯᠵᠢᠯᠡᠨ ᠬᠤᠪᠢᠷᠠᠭᠤᠯᠪᠠ᠃ ᠴᠠᠩ ᠡᠸ᠋ ᠲᠦᠷᠪᠡᠳᠤᠭᠡᠷ ᠬᠠᠶᠢᠭᠤᠷ ᠢ ᠠᠮᠵᠢᠯᠳᠡ ᠲᠠᠢ ᠬᠠᠷᠪᠤᠵᠥ᠂ ᠬᠤᠶᠠᠳᠠᠬᠢ ᠨᠢᠰᠬᠡᠯ ᠤᠨ ᠰᠠᠭᠤᠷᠢ ᠤᠩᠭᠤᠴᠠ ᠲᠤᠷᠰᠢᠨ ᠠᠶᠠᠯᠠᠵᠥ᠂ ᠤᠯᠤᠰ ᠲᠠᠭᠠᠨ ᠦᠢᠯᠡᠳᠪᠤᠷᠢᠯᠡᠭᠰᠡᠡ ᠲᠤᠮᠤ ᠬᠡᠯᠪᠡᠷᠢ ᠶᠢᠨ ᠬᠠᠭᠤᠷᠠᠢ ᠲᠠᠯᠠᠢ ᠬᠤᠶᠠᠷ ᠬᠡᠷᠡᠭᠴᠡᠭᠡᠳᠤ ᠨᠢᠰᠬᠡᠯ ᠤᠰᠤᠨ ᠲᠡᠬᠡᠷ᠎ᠡ ᠠᠩᠬᠠᠨ ᠤ ᠨᠢᠰᠦᠯᠳᠡ ᠬᠢᠵᠥ᠂ ᠲᠤᠬᠢᠭᠤᠷ ᠲᠤᠯᠤᠭᠠᠨ ᠤᠳᠤ ᠠᠶᠠᠯᠠᠯ ᠵᠠᠮᠴᠢᠯᠠᠭᠤᠷ ᠪᠦᠬᠦ ᠪᠦᠮᠪᠦᠷᠴᠡᠭ ᠤᠨ ᠲᠤᠤᠷ ᠲᠤ ᠤᠷᠤᠬᠤ ᠢᠳᠡᠷᠬᠡᠭ ᠠᠯᠬᠤᠮ ᠢ ᠠᠯᠬᠤᠪᠠ᠃ ᠠᠳᠡ ᠂ ᠪᠢ ᠰᠢᠨᠵᠢᠯᠡᠬᠦ ᠤᠬᠠᠭᠠᠨᠳᠠᠳ ᠲᠤ᠂ ᠢᠨᠵᠧᠨᠧᠷ ᠨᠠᠷ ᠲᠤ᠂ ︽ᠶᠡᠭᠡ ᠤᠯᠤᠰ ᠤᠨ ᠤᠷᠠᠨ ᠲᠠᠷᠬᠠᠳ︾ ᠲᠤ᠂ ᠪᠦᠳᠦᠬᠡᠨ ᠪᠠᠶᠢᠭᠤᠯᠤᠬᠴᠢᠳ ᠪᠤᠯᠤᠨ ᠤᠷᠤᠯᠴᠠᠭᠰᠠᠳ ᠲᠤ ᠬᠦᠨᠳᠦᠳᠬᠡᠯ ᠲᠡᠪᠰᠢᠬᠦᠯᠵᠥ ᠪᠠᠶᠢᠨ᠎ᠠ︕     ᠡᠨᠡ ᠨᠢᠭᠡ ᠵᠢᠯ ᠳᠤ᠂ ᠶᠠᠳᠠᠭᠤ ᠠᠴᠠ ᠠᠩᠬᠢᠵᠢᠷᠠᠭᠤᠯᠬᠤ ᠪᠤᠭᠤᠮᠲᠠ ᠰᠢᠪᠲᠤᠯᠬᠤ ᠠᠵᠢᠯ ᠠᠴᠠ ᠮᠠᠰᠢ ᠤᠯᠠᠨ ᠪᠠᠶᠠᠷ ᠤᠨ ᠴᠢᠮᠡᠭᠡ ᠤᠯᠠᠮᠵᠢᠯᠠᠬᠳᠠᠪᠠ᠃ ᠪᠦᠬᠦ ᠤᠯᠤᠰ ᠲᠤ ᠲᠠᠬᠢᠭᠠᠳ 125 ᠶᠠᠳᠠᠭᠤ ᠬᠦᠴᠢᠷᠳᠡᠯᠲᠡᠢ ᠰᠢᠶᠠᠨ ᠰᠢᠯᠭᠠᠨ ᠪᠠᠶᠢᠴᠠᠭᠠᠯᠳᠡ ᠶᠢ ᠦᠩᠭᠡᠷᠡᠬᠡᠨ ᠶᠠᠳᠠᠭᠤ ᠠᠴᠠ ᠠᠩᠬᠢᠵᠢᠷᠠᠵᠤ᠂ ᠬᠦᠳᠡᠭᠡ ᠲᠤᠰᠬᠤᠨ ᠤ ᠶᠠᠳᠠᠭᠤ ᠬᠦᠴᠢᠷᠲᠡᠯᠲᠡᠢ 1000 ᠲᠦᠮᠡᠨ ᠬᠦᠮᠦᠨ ᠠᠮᠠ ᠶᠠᠳᠠᠭᠤ ᠠᠴᠠ ᠠᠩᠬᠢᠵᠢᠷᠠᠪᠠ᠃ ᠦᠮᠠᠨ ᠢ ᠡᠰᠡᠷᠭᠦᠴᠡᠬᠦ 17 ᠵᠦᠢᠯ ᠤᠨ ᠡᠮ ᠤᠨ ᠦᠨ᠎ᠡ ᠶᠢ ᠬᠢᠮᠳᠠᠷᠠᠭᠤᠯᠬᠤ ᠶᠢᠨ ᠵᠡᠷᠭᠡ ᠪᠠᠷ ᠡᠮᠴᠢᠯᠡᠭᠡᠨ ᠤ ᠳᠠᠭᠠᠳᠬᠠᠯ ᠤᠨ ᠭᠠᠷᠴᠠᠬ ᠲᠤ ᠤᠷᠤᠭᠤᠯᠵᠤ᠂ ᠡᠪᠡᠳᠴᠢᠨ ᠠᠴᠠ ᠪᠤᠯᠵᠥ ᠶᠠᠳᠠᠭᠤᠷᠠᠬᠤ ᠠᠰᠠᠭᠤᠳᠠᠯ ᠤᠯᠠᠮ ᠴᠢᠨᠠᠬᠰᠢᠲᠠ ᠰᠢᠢᠳᠪᠦᠷᠢᠯᠡᠭᠳᠡᠪᠡ᠃ ᠪᠢ ᠦᠷᠬᠦᠯᠵᠢ ᠶᠠᠳᠠᠭᠤ ᠠᠴᠠ ᠠᠩᠬᠢᠵᠢᠷᠠᠭᠤᠯᠬᠤ ᠡᠮᠦᠨ᠎ᠡ ᠹᠷᠤᠨᠲ ᠲᠤ ᠴᠢᠷᠮᠠᠶᠢᠨ ᠲᠡᠮᠡᠴᠡᠵᠦ ᠪᠠᠶᠢᠭ᠎ᠠ ᠨᠦᠬᠦᠳ ᠢ ᠰᠠᠨᠠᠭᠠᠯᠵᠠᠵᠤ ᠶᠠᠪᠤᠳᠠᠬ ᠶᠤᠮ᠂ ᠲᠤᠰᠬᠤᠨ ᠳᠤ ᠰᠠᠭᠤᠭ᠎ᠠ 280 ᠭᠠᠷᠤᠢ ᠲᠦᠮᠡᠨ ᠺᠠᠳ᠋ᠷ᠂ ᠨᠢᠭᠡᠳᠦᠭᠡᠷ ᠱᠦᠵᠢ ᠠᠵᠢᠯ ᠳᠠᠭᠠᠨ ᠮᠠᠰᠢ ᠴᠢᠷᠮᠠᠶᠢᠵᠤ ᠪᠠᠶᠢᠨ᠎ᠠ᠂ ᠶᠡᠭᠡ ᠰᠠᠶᠢᠨ ᠶᠠᠪᠤᠳᠠᠯ᠂ ᠪᠡᠶ᠎ᠡ ᠪᠡᠶ᠎ᠡ ᠶᠢᠨ ᠡᠷᠡᠭᠦᠯ ᠮᠡᠨᠳᠦ ᠪᠠᠨ ᠵᠠᠪᠠᠯ ᠠᠩᠬᠠᠷᠴᠤ ᠶᠠᠪᠤᠭᠠᠷᠠᠢ᠃    ᠪᠢ ᠢᠮᠠᠬᠲᠠ ᠬᠦᠴᠢᠷᠳᠡᠯᠲᠡᠢ ᠤᠯᠠᠨ ᠲᠦᠮᠡᠨ ᠢ ᠰᠡᠳᠭᠢᠯ ᠳᠡᠭᠡᠨ ᠪᠤᠳᠤᠵᠤ ᠶᠠᠪᠤᠳᠠᠬ᠃ ᠰᠧᠴᠤᠸᠠᠨ ᠤ ᠯᠢᠶᠠᠩᠱᠠᠨ ᠤ ᠰᠠᠨᠾᠧ ᠲᠤᠰᠬᠤᠨ ᠳᠤ᠂ ᠪᠢ ᠢ ᠦᠨᠳᠦᠰᠦᠲᠡᠨ ᠤ ᠲᠤᠰᠬᠤᠨ ᠤ ᠠᠷᠠᠳ ᠵᠢᠬᠤᠶᠧᠴᠢᠤ᠂ ᠵᠢᠶᠧᠯᠢᠶ᠋ᠸᠧᠠᠮᠦ ᠶᠢᠨ ᠬᠡᠷ ᠪᠦᠯᠢ ᠶᠢᠨ ᠬᠢᠨ ᠢ ᠡᠷᠬᠢᠨ ᠦᠵᠡᠪᠡ᠃ ᠱᠠᠨᠳᠦ᠋ᠩ ᠤᠨ ᠵᠢᠨᠠᠨ ᠤ ᠰᠠᠨ ᠵᠢᠶᠠᠨ ᠰᠢ ᠲᠤᠰᠬᠤᠨ ᠳᠤ᠂ ᠪᠢ ᠵᠤᠤ ᠱᠦᠨ ᠯᠢ ᠶᠢᠨ ᠬᠢᠨ ᠲᠠᠢ ᠵᠤᠭᠤᠬᠳᠠᠪᠠ᠃ ᠯᠢᠶᠤᠤᠨᠢᠩ ᠤᠨ ᠹᠦᠱᠦ᠋ᠨ ᠤ ᠳ᠋ᠦᠩ ᠬᠤᠸᠠ ᠶᠤᠸᠠᠨ ᠨᠡᠶᠢᠭᠡᠮ ᠲᠤᠭᠤᠷᠢᠬ ᠲᠤ᠂ ᠪᠢ ᠴᠧᠨ ᠢᠤᠢ ᠹᠠᠩ ᠤᠨ ᠭᠡᠷ ᠲᠤ ᠬᠦᠷᠴᠤ ᠠᠶᠤᠯ ᠠᠴᠠ ᠵᠠᠶᠢᠯᠠᠭᠤᠯᠤᠨ ᠨᠡᠭᠦᠯᠭᠡᠵᠤ ᠳᠦᠪᠬᠢᠨᠡᠭᠦᠯᠦᠭᠰᠡᠡ ᠪᠠᠶᠢᠳᠠᠯ ᠢ ᠤᠢᠢᠯᠠᠭᠠᠪᠠ᠃ ᠭᠤᠸᠠᠩᠳᠦ᠋ᠩ ᠤᠨ ᠴᠢᠩᠶᠤᠸᠠᠨ ᠤ ᠯᠢᠶᠠᠨᠵᠠᠩ ᠲᠤᠰᠬᠤᠨ ᠳᠤ᠂ ᠪᠢ ᠶᠠᠳᠠᠭᠤ ᠬᠦᠴᠢᠷᠳᠡᠯᠲᠡᠢ ᠡᠷᠦᠬᠡ ᠯᠦ ᠢ ᠾᠧ ᠲᠠᠢ ᠶᠠᠳᠠᠭᠤ ᠠᠴᠠ ᠠᠩᠬᠢᠵᠢᠷᠠᠭᠤᠯᠬᠤ ᠠᠷᠭ᠎ᠠ ᠶᠢ ᠶᠠᠷᠢᠯᠴᠠᠪᠠ᠃ ᠲᠡᠳᠡᠨ ᠤ ᠦᠨᠡᠨᠴᠢ ᠪᠤᠷᠤᠬᠵᠢᠭᠤᠨ ᠵᠢᠰᠦ ᠴᠢᠷᠠᠢ ᠤᠳᠤ ᠴᠦ ᠮᠢᠨᠤ ᠲᠠᠷᠢᠬᠢᠨ ᠳᠤ ᠲᠤᠳᠤᠷᠠᠬᠰᠠᠭᠠᠷ ᠪᠠᠶᠢᠨ᠎ᠠ᠃ ᠰᠢᠨ᠎ᠡ ᠵᠢᠯ ᠬᠦᠷᠴᠤ ᠢᠷᠡᠬᠦ ᠲᠠᠰᠢᠷᠠᠮ ᠢᠶᠠᠷ᠂ ᠨᠤᠲᠤᠬ ᠤᠨ ᠠᠬ᠎ᠠ ᠳᠡᠭᠦᠦ ᠨᠠᠷ ᠤᠨ ᠠᠮᠢᠳᠤᠷᠠᠯ ᠡᠳᠦᠷ ᠠᠴᠠ ᠡᠳᠦᠷ ᠦᠭᠡᠳᠡᠯᠡᠨ ᠰᠠᠶᠢᠵᠢᠷᠠᠵᠤ᠂ ᠤᠯᠠᠮ ᠠᠴᠠ ᠤᠯᠠᠮ ᠰᠠᠶᠢᠨ ᠰᠠᠶᠢᠬᠠᠨ ᠪᠤᠯᠬᠤ ᠶᠢ ᠬᠦᠰᠡᠨ ᠵᠦᠩᠨᠡᠵᠦ ᠪᠠᠶᠢᠨ᠎ᠠ᠃     ᠡᠨᠡ ᠨᠢᠭᠡ ᠵᠢᠯ ᠳᠤ᠂ ᠪᠢᠳᠠ ᠦᠭᠡᠷᠡᠴᠢᠯᠡᠯᠲᠡ ᠨᠡᠭᠡᠭᠡᠯᠲᠡ ᠬᠢᠭᠰᠡᠨ 40 ᠵᠢᠯ ᠤᠨ ᠤᠢ ᠶᠢ ᠦᠪᠡᠳᠡᠭᠰᠢ ᠶᠡᠭᠡ ᠪᠠᠷ ᠪᠡᠯᠭᠡᠯᠡᠵᠦ᠂ ᠨᠠᠮ ᠪᠤᠯᠤᠨ ᠤᠯᠤᠰ ᠤᠨ ᠪᠠᠶᠢᠭᠤᠯᠤᠮᠵᠢ ᠳᠤ ᠰᠢᠰᠲᠧᠮᠲᠤ ᠴᠢᠨᠠᠷᠲᠠᠢ᠂ ᠪᠦᠬᠦᠯᠢ ᠴᠤᠬᠴᠠᠲᠤ ᠴᠢᠨᠠᠷᠲᠠᠢ᠂ ᠳᠠᠬᠢᠨ ᠪᠠᠶᠢᠭᠤᠯᠬᠤ ᠴᠢᠨᠠᠷᠲᠠᠢ ᠦᠭᠡᠷᠡᠴᠢᠯᠡᠯᠲᠡ ᠬᠢᠵᠦ᠂ 100 ᠭᠠᠷᠤᠢ ᠵᠦᠢᠯ ᠤᠨ ᠴᠢᠬᠤᠯᠠ ᠦᠭᠡᠷᠡᠴᠢᠯᠡᠯᠲᠡ ᠶᠢᠨ ᠠᠷᠭ᠎ᠠ ᠭᠡᠮᠵᠢᠶ᠎ᠡ ᠶᠢ ᠲᠤᠭᠳᠠᠭᠠᠵᠥ᠂ ᠠᠩᠬᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠤᠯᠠᠨ ᠤᠯᠤᠰ ᠤᠨ ᠭᠠᠳᠠᠭᠠᠳᠤ ᠤᠷᠤᠭᠤᠯᠤᠯᠲᠠ ᠶᠢᠨ ᠦᠵᠡᠰᠬᠦᠯᠡᠩ ᠤᠨ ᠴᠤᠬᠯᠠᠭᠠᠨ ᠢ ᠡᠷᠬᠢᠯᠡᠵᠦ᠂ ᠬᠠᠶᠢᠨᠠᠨ ᠤ ᠴᠢᠯᠦᠭᠡᠲᠤ ᠠᠷᠠᠯᠵᠢᠶᠠᠨ ᠤ ᠲᠤᠷᠰᠢᠯᠲᠠ ᠶᠢᠨ ᠤᠷᠤᠨ ᠢ ᠡᠬᠢᠯᠡᠨ ᠪᠠᠶᠢᠭᠤᠯᠪᠠ᠃ ᠳᠡᠯᠡᠬᠡᠢ ᠨᠡᠶᠢᠲᠡ ᠪᠠᠷ ᠢᠶᠠᠨ ᠦᠭᠡᠷᠡᠴᠢᠯᠡᠯᠲᠡ ᠨᠡᠭᠡᠭᠡᠯᠲᠡ ᠬᠢᠭᠰᠡᠨ ᠳᠤᠮᠳᠠᠳᠤ ᠤᠯᠤᠰ ᠬᠤᠷᠳᠤᠴᠠ ᠪᠠᠨ ᠲᠦᠷᠭᠡᠳᠭᠡᠵᠤ ᠪᠠᠶᠢᠬᠤ ᠶᠢ ᠤᠯᠵᠤ ᠦᠵᠡᠵᠦ᠂ ᠦᠭᠡᠷᠡᠴᠢᠯᠡᠯᠲᠡ ᠨᠡᠭᠡᠭᠡᠯᠲᠡ ᠶᠢ ᠡᠴᠤᠰ ᠲᠤᠨᠢ ᠲᠤᠯᠲᠠᠯ᠎ᠠ ᠬᠢᠬᠦ ᠳᠤᠮᠳᠠᠳᠤ ᠤᠯᠤᠰ ᠤᠨ ᠡᠷᠴᠢ ᠵᠤᠷᠢᠬ ᠢ ᠤᠯᠵᠤ ᠦᠵᠡᠪᠡ᠃ ᠮᠠᠨ ᠤ ᠦᠭᠡᠷᠡᠴᠢᠯᠡᠯᠲᠡ ᠬᠢᠬᠦ ᠠᠯᠬᠤᠭ᠎ᠠ ᠵᠤᠬᠰᠤᠩᠭᠤᠢᠢᠷᠠᠬᠤ ᠦᠬᠡᠢ ᠶᠤᠮ᠂ ᠨᠡᠭᠡᠭᠡᠯᠲᠡ ᠶᠢᠨ ᠡᠭᠦᠳᠡ ᠪᠠᠨ ᠶᠠᠪᠤᠬᠤ ᠲᠤᠳᠤᠮ ᠤᠯᠠᠮ ᠶᠡᠭᠡ ᠨᠡᠭᠡᠭᠡᠨ᠎ᠡ᠃    ᠡᠨᠡ ᠵᠢᠯ᠂ ᠶᠡᠭᠡ ᠲᠡᠭᠡᠳᠤ ᠰᠤᠷᠭᠠᠭᠤᠯᠢ ᠶᠢᠨ ᠰᠤᠷᠤᠬᠴᠢ ᠡᠯᠰᠡᠬᠦ ᠨᠢᠬᠡᠳᠤᠯᠳᠠᠢ ᠰᠢᠯᠭᠠᠯᠳᠠ ᠶᠢ ᠰᠡᠷᠬᠦᠭᠡᠭᠰᠡᠨ ᠤ ᠲᠠᠷᠠᠭᠠᠬᠢ ᠠᠩᠬᠠᠳᠤᠭᠠᠷ ᠪᠦᠯᠦᠭ ᠤᠨ ᠤᠶᠤᠳᠠᠨ ᠤ ᠤᠯᠠᠩᠬᠢ ᠨᠢ ᠠᠵᠢᠯ ᠠᠴᠠ ᠪᠠᠨ ᠠᠮᠠᠷᠠᠵᠤ᠂ 2000 ᠤᠨ ᠠᠴᠠ ᠰᠡᠬᠦᠯᠡᠷ ᠲᠦᠷᠦᠭᠰᠡᠨ ᠦᠯᠡᠮᠵᠢᠬᠡᠨ ᠬᠡᠤᠬᠡᠳ ᠶᠡᠭᠡ ᠲᠡᠭᠡᠳᠤ ᠰᠤᠷᠭᠠᠭᠤᠯᠢ ᠳᠤ ᠤᠷᠤᠬᠰᠠᠨ ᠢ ᠪᠢ ᠠᠩᠬᠠᠷᠴᠤ ᠮᠡᠳᠡᠪᠡ᠃ 1 ᠳ᠋ᠦᠩᠰᠢᠭᠤᠷ ᠭᠠᠷᠤᠢ ᠡᠷᠤᠬᠡ ᠠᠮᠠ ᠶᠢᠨ ᠬᠠᠷᠢᠶ᠎ᠠ ᠦᠬᠡᠢ ᠬᠦᠮᠤᠨ ᠠᠮᠠ ᠬᠤᠳᠠ ᠳᠤ ᠡᠷᠤᠬᠡ ᠠᠮᠠ ᠶᠢᠨ ᠲᠠᠩᠰᠠ ᠪᠠᠨ ᠤᠷᠤᠭᠤᠯᠬᠤ ᠠᠵᠢᠯᠯᠠᠭ᠎ᠠ ᠦᠷᠬᠦᠯᠵᠢᠯᠠᠨ ᠶᠠᠪᠤᠬᠳᠠᠵᠤ᠂ 1300 ᠲᠦᠮᠡᠨ ᠬᠦᠮᠤᠨ ᠬᠤᠳᠠ ᠪᠠᠯᠭᠠᠰᠤᠨ ᠳᠤ ᠠᠵᠢᠯ ᠤᠯᠵᠤ᠂ ᠲᠦᠬᠦᠮ ᠪᠦᠳᠤᠴᠠᠳᠤ ᠤᠷᠤᠨ ᠰᠠᠭᠤᠴᠠ ᠶᠢᠨ ᠠᠰᠠᠭᠤᠳᠠᠯ ᠢ ᠰᠢᠢᠳᠪᠤᠷᠢᠯᠠᠬᠦ 580 ᠲᠦᠮᠡᠨ ᠢᠵᠢ ᠤᠷᠤᠨ ᠰᠠᠭᠤᠴᠠ ᠶᠢᠨ ᠪᠠᠷᠢᠯᠭ᠎ᠠ ᠡᠬᠢᠯᠠᠵᠤ᠂ ᠬᠤᠳᠠ ᠶᠢᠨ ᠰᠢᠨ᠎ᠡ ᠠᠷᠠᠳ ᠲᠤᠯᠠᠭᠠᠨ ᠪᠦᠯᠢᠶᠠᠨ ᠤᠷᠤᠨ ᠰᠠᠭᠤᠴᠠ ᠲᠠᠢ ᠪᠤᠯᠵᠠᠢ᠃ ᠰᠢᠶᠠᠩᠭᠠᠩ ᠤᠤᠮᠧᠨ ᠤ ᠮᠠᠰᠢ ᠤᠯᠠᠨ ᠰᠠᠭᠤᠭᠠᠯᠢ ᠠᠷᠠᠳ ᠤᠷᠤᠰᠢᠨ ᠰᠠᠭᠤᠬᠤ ᠦᠨᠡᠮᠯᠡᠯ ᠲᠠᠢ ᠪᠤᠯᠵᠤ᠂ ᠰᠢᠶᠠᠩᠭᠠᠩ ᠪᠦᠬᠦ ᠤᠯᠤᠰ ᠤᠨ ᠲᠦᠷᠬᠡᠨ ᠤ ᠲᠡᠮᠤᠷ ᠵᠠᠮ ᠤᠨ ᠲᠤᠤᠷ ᠲᠤ ᠤᠷᠤᠬᠰᠠᠨ ᠪᠠᠶᠢᠨ᠎ᠠ᠃ ᠤᠷᠤᠬᠰᠢᠯᠠᠵᠤ ᠪᠠᠶᠢᠭ᠎ᠠ ᠳᠤᠮᠳᠠᠳᠤ ᠤᠯᠤᠰ ᠴᠡᠴᠡᠭᠯᠠᠯ ᠬᠦᠭᠵᠢᠯ ᠤᠨ ᠠᠮᠢᠵᠢᠷᠠᠯ ᠤᠨ ᠬᠦᠴᠦᠨ ᠢᠶᠠᠷ ᠪᠢᠯᠬᠠᠵᠤ ᠪᠠᠶᠢᠨ᠎ᠠ᠃ ᠪᠢᠳᠠ ᠪᠦᠭᠦᠳᠡᠭᠡᠷ ᠴᠢᠷᠮᠠᠶᠢᠨ ᠳᠡᠮᠡᠴᠡᠵᠦ ᠪᠠᠶᠢᠨ᠎ᠠ᠂ ᠪᠢᠳᠠ ᠪᠦᠬᠦᠳᠡᠭᠡᠷ ᠬᠦᠰᠡᠯ ᠵᠡᠬᠦᠳᠤ ᠪᠠᠨ ᠬᠦᠬᠡᠬᠡᠴᠡᠯᠳᠦᠭᠴᠢ ᠮᠦᠨ᠃    ᠡᠨᠡ ᠬᠦ ᠴᠠᠬ ᠮᠦᠴᠠ ᠳᠤ᠂ ᠪᠢ ᠤᠨᠴᠠᠭᠠᠢᠢᠯᠠᠨ ᠵᠠᠷᠢᠮ ᠡᠷᠬᠢᠮ ᠬᠦᠨᠳᠤᠳᠤ ᠬᠦᠮᠦᠰ ᠤᠨ ᠨᠡᠷ᠎ᠡ ᠶᠢ ᠲᠤᠷᠠᠳᠤᠮᠠᠷ ᠪᠠᠶᠢᠨ᠎ᠠ᠃ ᠡᠨᠡ ᠵᠢᠯ᠂ ᠤᠬᠳᠠᠷᠭᠤᠢ ᠳᠤ ︽ᠨᠠᠨ ᠷᠧᠨ ᠳ᠋ᠦᠩ ᠤᠳᠤᠨ︾ ᠨᠡᠮᠡᠭᠳᠠᠵᠤ᠂ ᠪᠦᠬᠦ ᠴᠡᠷᠢᠭ ᠤᠨ ᠪᠠᠭᠠᠳᠤᠷ ᠵᠢᠱᠢᠶᠡᠴᠢ ᠶᠢᠨ ᠬᠦᠷᠦᠭ ᠲᠤ ᠯᠢᠨ ᠵᠢᠶᠦ᠋ᠨ ᠳ᠋ᠧ ᠪᠤᠯᠤᠨ ᠵᠠᠩ ᠴᠤᠤ ᠬᠤᠶᠠᠷ ᠨᠦᠬᠦᠷ ᠨᠠᠮᠡᠭᠳᠠᠵᠠᠢ᠃ ᠪᠢᠳᠠ 32 ᠵᠢᠯ ᠠᠷᠠᠯ ᠢ ᠰᠠᠬᠢᠵᠤ ᠤᠯᠤᠰ ᠢᠶᠠᠨ ᠬᠠᠮᠠᠭᠠᠯᠠᠬᠰᠠᠨ ᠸᠠᠩ ᠵᠢᠢ ᠼᠠᠢ᠂ ᠲᠤᠷᠰᠢᠯᠳᠠ ᠶᠢᠨ ᠲᠠᠪᠴᠠᠩ ᠢ ᠬᠠᠮᠠᠭᠠᠯᠠᠬᠤ ᠶᠢᠨ ᠲᠦᠯᠤᠬᠡ ᠴᠡᠬᠡᠵᠢ ᠲᠦᠷᠤᠨ ᠤᠷᠤᠵᠤ᠂ ᠪᠠᠭᠠᠳᠤᠷᠯᠢᠬ ᠢᠶᠠᠷ ᠪᠡᠶ᠎ᠠ ᠦᠷᠡᠭᠳᠡᠭᠰᠡᠨ ᠬᠤᠸᠠᠩ ᠴᠢᠶᠦ᠋ᠨ᠂ ᠰᠦᠩ ᠶᠤᠸᠠᠢ ᠼᠠᠢ᠂ ᠵᠢᠶᠠᠩ ᠺᠠᠢ ᠪᠢᠨ ᠨᠦᠬᠦᠷ ᠵᠢᠴᠢ ᠤᠯᠤᠰ ᠭᠦ᠋ᠷᠦᠨ ᠤ ᠲᠦᠯᠤᠬᠡ ᠠᠷᠠᠳ ᠲᠦᠮᠡᠨ ᠤ ᠲᠦᠯᠤᠬᠡ ᠠᠮᠢ ᠪᠡᠶ᠎ᠠ ᠪᠠᠨ ᠵᠤᠷᠢᠭᠤᠯᠤᠬᠰᠠᠨ ᠪᠤᠰᠤᠳ ᠪᠠᠭᠠᠳᠤᠷᠴᠤᠳ ᠢᠶᠠᠨ ᠪᠠᠳᠤ ᠴᠡᠬᠡᠵᠢᠯᠡᠬᠦ ᠭᠡᠷᠡᠭᠳᠠᠢ ᠃ ᠲᠡᠳᠡᠨᠡᠷ ᠪᠤᠯ ᠰᠢᠨ᠎ᠠ ᠴᠠᠬ ᠦᠶ᠎ᠠ ᠶᠢᠨ ᠬᠠᠮᠤᠬ ᠤᠨ ᠬᠠᠶᠢᠷᠠᠳᠠᠢ ᠬᠦᠮᠤᠨ᠂ ᠪᠢᠳᠡᠨ ᠤ ᠡᠭᠦᠷᠢᠳᠡ ᠲᠤᠷᠠᠰᠤᠨ ᠰᠠᠨᠠᠭᠠᠯᠵᠠᠵᠤ ᠰᠤᠷᠤᠯᠴᠠᠭᠤᠰᠢᠳᠠᠢ ᠬᠦᠮᠤᠰ ᠮᠦᠨ᠃    ᠡᠨᠡ ᠨᠢᠭᠡ ᠵᠢᠯ ᠳᠤ᠂ ᠪᠠᠰᠠ ᠰᠢᠨ᠎ᠠ ᠬᠠᠭᠤᠴᠢᠨ ᠨᠠᠶᠢᠵᠠ ᠳᠤᠮᠳᠠᠳᠤ ᠤᠯᠤᠰ ᠲᠤ ᠤᠯᠠᠨ ᠢᠷᠠᠵᠠᠢ᠃ ᠪᠢᠳᠠ ᠪᠦᠸᠧ ᠤᠤ ᠳᠠᠬᠢ ᠠᠽᠢᠶ᠎ᠠ ᠲᠢᠪ ᠤᠨ ᠶᠠᠷᠢᠶᠠᠨ ᠤ ᠲᠠᠪᠴᠠᠩ ᠤᠨ ᠤᠨ ᠤ ᠬᠤᠷᠠᠯ᠂ ᠱᠠᠩᠬᠠᠢ ᠶᠢᠨ ᠬᠠᠮᠳᠤᠷᠠᠯᠴᠠᠭᠠᠨ ᠤ ᠵᠤᠬᠢᠶᠠᠨ ᠪᠠᠶᠢᠭᠤᠯᠤᠯᠳᠠ ᠶᠢᠨ ᠴᠢᠩᠳᠤᠤ ᠳᠠᠬᠢ ᠲᠦᠷᠤᠬᠦᠴᠤᠳ ᠤᠨ ᠬᠤᠷᠠᠯ᠂ ᠳᠤᠮᠳᠠᠳᠤ ᠠᠹᠷᠢᠺᠠ ᠶᠢᠨ ᠬᠠᠮᠳᠤᠷᠠᠯᠴᠠᠭ᠎ᠠ ᠶᠢᠨ ᠶᠠᠷᠢᠶᠠᠨ ᠤ ᠲᠠᠪᠴᠠᠩ ᠤᠨ ᠪᠡᠬᠡᠵᠢᠩ ᠳᠠᠬᠢ ᠲᠦᠷᠤᠬᠦᠴᠤᠳ ᠤᠨ ᠬᠤᠷᠠᠯ ᠵᠡᠷᠬᠡ ᠭᠤᠤᠯ ᠲᠠᠯᠠᠪᠤᠷ ᠤᠨ ᠭᠠᠳᠠᠭᠠᠳᠤ ᠶᠠᠪᠤᠳᠠᠯ ᠤᠨ ᠠᠵᠢᠯᠯᠠᠭ᠎ᠠ ᠶᠢ ᠡᠷᠬᠢᠯᠡᠵᠤ᠂ ᠳᠤᠮᠳᠠᠳᠤ ᠤᠯᠤᠰ ᠤᠨ ᠵᠤᠷᠢᠯᠳᠠ ᠶᠢ ᠲᠤᠷᠠᠳᠴᠤ᠂ ᠳᠤᠮᠳᠠᠳᠤ ᠤᠯᠤᠰ ᠤᠨ ᠲᠠᠭᠤᠨ ᠢ ᠲᠠᠮᠵᠢᠭᠤᠯᠪᠠ᠃ ᠪᠢ ᠬᠠᠮᠳᠤ ᠠᠵᠢᠯᠯᠠᠬᠰᠡᠳ ᠲᠠᠢ ᠪᠠᠨ ᠲᠠᠪᠤᠨ ᠲᠢᠪ ᠢᠶᠠᠷ ᠠᠶᠢᠯᠴᠢᠯᠠᠵᠤ᠂ ᠮᠠᠰᠢ ᠤᠯᠠᠨ ᠴᠢᠬᠤᠯᠠ ᠭᠠᠳᠠᠭᠠᠳᠤ ᠬᠠᠷᠢᠯᠴᠠᠭᠠᠨ ᠤ ᠠᠵᠢᠯᠯᠠᠭ᠎ᠠ ᠳᠤ ᠤᠷᠤᠯᠴᠠᠵᠤ᠂ ᠡᠯ᠎ᠡ ᠤᠯᠤᠰ ᠤᠨ ᠤᠳᠤᠷᠢᠳᠬᠤ ᠬᠦᠮᠦᠰ ᠲᠠᠢ ᠰᠠᠨᠠᠯ ᠢᠶᠠᠨ ᠦᠷᠭᠡᠨ ᠢᠶᠠᠷ ᠰᠤᠯᠢᠯᠴᠠᠵᠤ᠂ ᠨᠦᠬᠦᠷᠯᠡᠯ ᠢᠶᠠᠨ ᠵᠤᠵᠠᠭᠠᠳᠬᠠᠵᠤ᠂ ᠢᠳᠡᠬᠡᠯᠴᠡᠭᠡ ᠪᠠᠨ ᠨᠡᠮᠡᠭᠳᠡᠬᠦᠯᠵᠤ᠂ ᠮᠠᠨ ᠤ ᠨᠠᠶᠢᠵᠠ ᠶᠢᠨ ᠬᠦᠷᠢᠶ᠎ᠡ ᠪᠠᠨ ᠦᠷᠬᠡᠳᠬᠡᠪᠡ᠃    2019 ᠤᠨ ᠳᠤ᠂ ᠪᠢᠳᠠ ᠪᠦᠬᠦᠳᠠ ᠨᠠᠶᠢᠷᠠᠮᠳᠠᠬᠤ ᠲᠤᠮᠳᠠᠳᠤ ᠠᠷᠠᠳ ᠤᠯᠤᠰ ᠮᠠᠨᠳᠤᠯᠡᠭᠰᠡᠨ 70 ᠵᠢᠯ ᠤᠨ ᠤᠢ ᠶᠢ ᠦᠪᠡᠳᠡᠭᠰᠢ ᠶᠡᠭᠡ ᠪᠠᠷ ᠪᠡᠯᠭᠡᠯᠡᠬᠦ ᠪᠤᠯᠤᠨ᠎ᠡ᠃ 70 ᠵᠢᠯ ᠬᠠᠷᠰᠢ ᠰᠠᠭᠠᠳ ᠢ ᠢᠯᠡᠨ ᠲᠠᠪᠠᠵᠤ᠂ 70 ᠵᠢᠯ ᠬᠦᠴᠢᠷ ᠪᠡᠷᠭᠡᠰᠢᠶᠠᠯ ᠢ ᠲᠤᠭᠤᠯᠪᠠ᠃ ᠠᠷᠠᠳ ᠲᠦᠮᠡᠨ ᠪᠤᠯ ᠪᠦᠬᠦᠳᠠ ᠨᠠᠶᠢᠷᠠᠮᠳᠠᠬᠤ ᠤᠯᠤᠰ ᠤᠨ ᠪᠠᠳᠤ ᠪᠠᠬᠢ ᠦᠨᠳᠦᠰᠦ ᠰᠠᠭᠤᠷᠢ ᠮᠦᠨ᠂ ᠠᠷᠠᠳ ᠲᠦᠮᠡᠨ ᠪᠤᠯ ᠪᠢᠳᠠ ᠤ ᠲᠦᠷᠦ ᠪᠠᠷᠢᠬᠤ ᠬᠠᠮᠤᠭ ᠤᠨ ᠶᠡᠭᠡ ᠬᠦᠴᠦᠨ ᠴᠢᠳᠠᠯ ᠮᠦᠨ᠃ ᠤᠯᠠᠨ ᠵᠢᠯ ᠤᠨ ᠲᠤᠷᠰᠢ᠂ ᠲᠤᠮᠳᠠᠳᠤ ᠤᠯᠤᠰ ᠤᠨ ᠠᠷᠠᠳ ᠲᠦᠮᠡᠨ ᠦᠪᠡᠷ ᠤᠨ ᠬᠦᠴᠦ ᠪᠠᠷ ᠢᠶᠠᠨ ᠲᠡᠭᠵᠢᠷᠠᠵᠤ᠂ ᠲᠡᠰᠪᠤᠷᠢ ᠬᠠᠳᠠᠭᠤᠵᠢᠯᠳᠠᠢ ᠲᠠᠮᠠᠴᠡᠵᠤ᠂ ᠲᠡᠯᠡᠭᠡᠢ ᠳ᠋ᠠᠬᠢᠨ ᠤ ᠠᠩᠬᠠᠷᠤᠯ ᠢ ᠲᠠᠳᠠᠬᠰᠡᠨ ᠲᠤᠮᠳᠠᠳᠤ ᠤᠯᠤᠰ ᠤᠨ ᠭᠠᠶᠢᠬᠠᠮᠰᠢᠭ ᠢ ᠡᠬᠦᠳᠴᠠᠢ᠃ ᠰᠢᠨ᠎ᠡ ᠠᠶᠠᠨ ᠵᠠᠮ ᠳᠤ᠂ ᠪᠠᠷᠠᠭᠠᠨ ᠡᠭᠦᠯᠡ ᠬᠤᠶᠢᠯᠠᠷᠠᠵᠤ᠂ ᠰᠠᠯᠬᠢ ᠲᠠᠪᠠᠯᠭᠠᠨ ᠳᠤ ᠴᠤᠬᠢᠬᠳᠠᠬᠰᠠᠨ ᠴᠤ᠂ ᠪᠢᠳᠠ ᠠᠷᠠᠳ ᠲᠦᠮᠡᠨ ᠢ ᠴᠢᠩᠭ᠎ᠠ ᠲᠦᠰᠢᠭᠯᠡᠵᠤ᠂ ᠦᠪᠡᠷ ᠤᠨ ᠬᠦᠴᠤ ᠪᠠᠷ ᠢᠶᠠᠨ ᠲᠡᠭᠵᠢᠷᠠᠵᠤ᠂ ᠲᠠᠰᠪᠤᠷᠢ ᠬᠠᠳᠠᠭᠤᠵᠢᠯᠳᠠᠢ ᠲᠠᠮᠡᠴᠡᠬᠦ ᠶᠢ ᠪᠠᠷᠢᠮᠳᠠᠯᠠᠵᠤ᠂ ᠬᠠᠳᠠᠨ ᠪᠠᠳᠤ ᠢᠳᠡᠭᠡᠯ ᠵᠤᠷᠢᠭ᠂ ᠦᠷᠯᠦᠭᠡ ᠦᠳᠡᠰᠢ ᠲᠠᠢ ᠲᠡᠮᠡᠴᠡᠬᠦ ᠡᠷᠴᠢ ᠵᠤᠷᠢᠭ᠂ ᠨᠤᠭᠤᠷᠠᠰᠢ ᠦᠭᠡᠢ ᠴᠢᠷᠮᠠᠶᠢᠬᠤ ᠬᠠᠳᠠᠭᠤ ᠵᠤᠷᠢᠭ ᠢᠶᠠᠷ ᠨᠢᠭᠡ ᠨᠢᠭᠡ ᠠᠯᠬᠤᠮ ᠢᠶᠠᠷ ᠲᠡᠤᠭᠡᠨ ᠳᠤ ᠭᠠᠷᠤᠭ᠎ᠠ ᠦᠭᠡᠢ ᠠᠭᠤᠤ ᠶᠡᠭᠡ ᠦᠢᠯᠡᠰ ᠢ ᠤᠷᠤᠬᠰᠢ ᠠᠬᠢᠭᠤᠯᠬᠤ ᠭᠡᠷᠡᠭᠳᠠᠢ᠃     2019 ᠤᠨ ᠳᠤ᠂ ᠠᠵᠠ ᠲᠤᠬᠢᠶᠠᠯ ᠪᠠᠶᠢᠬᠤ ᠮᠦᠷᠳᠡᠭᠡᠨ ᠪᠠᠰᠠ ᠦᠷᠢᠰᠦᠯᠳᠦᠭᠡᠨ ᠪᠠᠶᠢᠬᠤ ᠪᠤᠯᠤᠨ᠎ᠠ᠂ ᠤᠯᠠᠨ ᠢᠶᠠᠷ ᠢᠶᠠᠨ ᠬᠠᠮᠳᠤ ᠪᠠᠷ ᠴᠢᠷᠮᠠᠶᠢᠵᠤ᠂ ᠬᠠᠮᠳᠤ ᠪᠠᠷ ᠲᠠᠮᠡᠴᠡᠬᠦ ᠬᠡᠷᠡᠭᠳᠠᠢ᠃ ᠭᠠᠶᠢᠯᠢ ᠶᠢ ᠪᠠᠭᠠᠰᠬᠠᠵᠤ ᠰᠦᠢᠳᠭᠡᠯ ᠢ ᠪᠠᠭᠤᠷᠠᠭᠤᠯᠬᠤ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ ᠦᠷ᠎ᠡ ᠪᠦᠳᠦᠮᠵᠢ ᠭᠠᠷᠭᠠᠵᠤ᠂ ᠠᠵᠤ ᠠᠬᠤᠢᠢᠯᠡᠯ ᠤᠨ ᠲᠠᠷᠤᠭᠠᠰᠤ ᠶᠢ ᠬᠦᠡᠭᠭᠡᠷᠡᠭᠦᠯᠬᠦ ᠬᠡᠷᠡᠭᠳᠠᠢ᠃ ᠡᠯ᠎ᠡ ᠵᠦᠢᠯ ᠤᠨ ᠴᠢᠳᠠᠪᠤᠷᠢᠳᠠᠨ ᠢ ᠦᠨᠡᠨ ᠰᠡᠳᠬᠢᠯ ᠠᠴᠠ ᠪᠠᠨ ᠬᠦᠨᠳᠦᠳᠭᠡᠵᠤ᠂ ᠲᠡᠳᠡ ᠨᠠᠷ ᠤᠨ ᠰᠢᠨ᠎ᠡ ᠶᠢ ᠡᠬᠦᠳᠬᠦ ᠡᠬᠦᠳᠤᠨ ᠪᠦᠳᠦᠭᠡᠬᠦ ᠠᠮᠢᠵᠢᠷᠠᠯ ᠤᠨ ᠬᠦᠴᠤᠨ ᠢ ᠬᠦᠢᠴᠡᠳ ᠬᠦᠭᠵᠢᠭᠡᠬᠦ ᠭᠡᠷᠡᠭᠳᠠᠢ᠃ ᠦᠨᠳᠦᠰᠦᠨ ᠱᠠᠳᠤᠨ ᠤ ᠺᠠᠳ᠋ᠷ ᠤᠨ ᠬᠦᠰᠡᠯ ᠪᠤᠳᠤᠯ ᠢ ᠰᠤᠨᠤᠰᠴᠤ᠂ ᠵᠤᠷᠢᠬᠳᠠᠢ ᠪᠠᠷ ᠬᠠᠷᠢᠭᠤᠴᠠᠯᠭ᠎ᠠ ᠡᠬᠦᠷᠭᠡᠯᠡᠵᠤ ᠵᠢᠳᠬᠦᠯ ᠴᠢᠷᠮᠠᠶᠢᠯᠭ᠎ᠠ ᠭᠠᠷᠭᠠᠳᠠᠭ ᠺᠠᠳ᠋ᠷ ᠢ ᠠᠵᠢᠯᠯᠠᠬᠤ ᠵᠤᠷᠢᠭ᠂ ᠴᠢᠷᠮᠠᠶᠢᠬᠤ ᠬᠠᠷᠠᠯᠳᠠ ᠲᠠᠢ ᠪᠤᠯᠭᠠᠬᠤ ᠭᠡᠷᠡᠭᠳᠠᠢ᠃ ᠬᠦᠳᠡᠭᠡ ᠲᠤᠰᠬᠤᠨ ᠤ 1000 ᠭᠠᠷᠤᠢ ᠲᠦᠮᠡᠨ ᠶᠠᠳᠠᠭᠤ ᠬᠦᠴᠢᠷᠳᠠᠯᠳᠠᠢ ᠬᠦᠮᠦᠨ ᠠᠮᠠ ᠶᠢ ᠶᠠᠳᠠᠭᠤ ᠠᠴᠠ ᠠᠩᠭᠢᠵᠢᠷᠠᠭᠤᠯᠬᠤ ᠡᠬᠦᠷᠭᠡ ᠶᠢ ᠲᠤᠬᠳᠠᠬᠰᠡᠨ ᠬᠤᠭᠤᠴᠠᠭᠠᠨ ᠳᠤ ᠪᠠᠶᠠᠯᠡᠬᠦᠯᠵᠤ᠂ ᠬᠠᠷᠠᠯᠳᠠ ᠳᠠᠭᠠᠨ ᠬᠦᠷᠬᠦ ᠪᠠᠷ ᠴᠦᠬᠦᠷᠠᠰᠢ ᠦᠭᠡᠢ ᠲᠡᠮᠡᠴᠡᠬᠦ ᠬᠡᠷᠡᠭᠳᠠᠢ᠃ ᠴᠡᠷᠢᠭ ᠤᠨ ᠠᠯᠪᠠ ᠠᠴᠠ ᠬᠠᠯᠠᠬᠳᠠᠬᠰᠡᠳ ᠢ ᠬᠠᠯᠠᠮᠵᠢᠯᠠᠨ ᠬᠠᠶᠢᠷᠠᠯᠠᠬᠤ ᠭᠡᠷᠡᠭᠳᠠᠢ᠂ ᠲᠠᠳᠠ ᠨᠠᠷ ᠤᠯᠤᠰ ᠭᠦᠷᠦᠨ ᠢ ᠬᠠᠮᠠᠭᠠᠯᠠᠬᠤ ᠳᠤ ᠬᠤᠪᠢ ᠨᠡᠮᠠᠷᠢ ᠦᠵᠡᠬᠦᠯᠦᠭᠰᠡᠨ ᠶᠤᠮ᠃ ᠡᠨᠡ ᠦᠶ᠎ᠡ ᠳᠤ᠂ ᠲᠦᠷᠭᠡᠨ ᠬᠦᠷᠭᠡᠭᠴᠢ᠂ ᠤᠷᠴᠢᠨ ᠲᠤᠭᠤᠷᠢᠨ ᠤ ᠠᠷᠢᠭᠤᠨ ᠴᠡᠪᠡᠷ ᠢ ᠬᠠᠮᠠᠭᠠᠯᠠᠬᠤ ᠠᠵᠢᠯᠴᠢᠨ᠂ ᠲᠦᠷᠢᠶᠠᠰᠤᠨ ᠮᠠᠰᠢᠨ ᠤ ᠵᠢᠯᠤᠭᠤᠴᠢ ᠵᠢᠴᠢ ᠲᠦᠭ ᠲᠦᠮᠡᠨ ᠬᠦᠳᠡᠯᠮᠤᠷᠢᠴᠢᠨ ᠪᠠᠰᠠ ᠰᠢᠷᠭᠠᠭᠤ ᠬᠠᠳᠠᠭᠤᠵᠢᠯᠳᠠᠢ ᠠᠵᠢᠯᠯᠠᠵᠤ ᠪᠠᠶᠢᠨ᠎ᠡ᠂ ᠪᠢᠳᠠ ᠡᠳᠡᠭᠡᠷ ᠰᠠᠶᠢᠨ ᠰᠠᠶᠢᠬᠠᠨ ᠠᠮᠢᠳᠤᠷᠠᠯ ᠢ ᠴᠤᠬᠴᠠᠯᠠᠬᠴᠢ᠂ ᠬᠠᠮᠠᠭᠠᠯᠠᠬᠴᠢ ᠳᠤ ᠲᠠᠯᠠᠷᠬᠠᠬᠤ ᠭᠡᠷᠡᠭᠳᠠᠢ᠃ ᠲᠠ ᠨᠠᠷ ᠵᠦᠳᠡᠷᠠᠯ᠎ᠡ᠃     ᠲᠡᠯᠡᠭᠡᠢ ᠳ᠋ᠠᠬᠢᠨ ᠢ ᠪᠠᠷᠠᠯᠠᠬᠤᠶ᠎ᠡ᠂ ᠪᠢᠳᠠ ᠴᠢᠪ ᠬᠡᠮᠡᠨ ᠵᠠᠭᠤᠨ ᠵᠢᠯ ᠳᠤ ᠪᠠᠶᠢᠭ᠎ᠠ ᠦᠭᠡᠢ ᠶᠡᠭᠡ ᠬᠤᠪᠢᠰᠤᠯᠳᠠ ᠳᠤ ᠲᠤᠯᠭᠠᠷᠠᠵᠤ ᠪᠠᠶᠢᠨ᠎ᠡ᠃ ᠲᠡᠯᠡᠭᠡᠢ ᠳ᠋ᠠᠬᠢᠨ ᠭᠡᠷᠬᠢᠨ ᠬᠤᠪᠢᠷᠠᠬᠰᠡᠨ ᠴᠤ ᠲᠤᠮᠳᠠᠳᠤ ᠤᠯᠤᠰ ᠤᠨ ᠤᠯᠤᠰ ᠤᠨ ᠡᠷᠭᠡ ᠮᠠᠳᠠᠯ ᠪᠠ ᠠᠮᠤᠷ ᠲᠦᠪᠰᠢᠨ ᠢ ᠬᠠᠮᠠᠭᠠᠯᠠᠬᠤ ᠢᠳᠡᠭᠡᠯ ᠪᠤᠯᠤᠨ ᠵᠤᠷᠢᠭ ᠬᠤᠪᠢᠷᠠᠬᠤ ᠦᠭᠡᠢ᠂ ᠲᠤᠮᠳᠠᠳᠤ ᠤᠯᠤᠰ ᠲᠡᠯᠡᠭᠡᠢ ᠶᠢᠨ ᠡᠩᠭᠡ ᠲᠠᠶᠢᠪᠤᠩ ᠢ ᠬᠠᠮᠠᠭᠠᠯᠠᠬᠤ᠂ ᠬᠠᠮᠳᠤ ᠪᠠᠷ ᠬᠦᠭᠵᠢᠬᠦ ᠶᠢ ᠠᠬᠢᠭᠤᠯᠬᠤ ᠦᠨᠡᠨᠴᠢ ᠰᠡᠳᠬᠢᠯ ᠪᠤᠯᠤᠨ ᠰᠠᠶᠢᠨ ᠰᠠᠨᠠᠭ᠎ᠠ ᠬᠤᠪᠢᠷᠠᠬᠤ ᠦᠭᠡᠢ᠃ ᠪᠢᠳᠠ ︽ᠨᠢᠭᠡ ᠪᠦᠰᠡ ᠨᠢᠭᠡ ᠵᠠᠮ︾ ᠢ ᠬᠠᠮᠳᠤ ᠪᠠᠷ ᠪᠦᠳᠦᠭᠡᠨ ᠪᠠᠶᠢᠭᠤᠯᠬᠤ ᠠᠵᠢᠯ ᠢ ᠢᠳᠡᠪᠬᠢᠳᠠᠢ ᠠᠬᠢᠭᠤᠯᠵᠤ᠂ ᠬᠦᠮᠦᠨ ᠲᠦᠷᠦᠯᠬᠢᠳᠠᠨ ᠤ ᠬᠤᠪᠢ ᠵᠠᠶᠠᠭᠠᠨ ᠤ ᠬᠠᠮᠳᠤ ᠶᠢᠨ ᠴᠤᠬᠴᠠ ᠶᠢ ᠪᠠᠶᠢᠭᠤᠯᠬᠤ ᠶᠢ ᠦᠷᠬᠦᠯᠵᠢᠯᠡᠨ ᠠᠬᠢᠭᠤᠯᠵᠤ᠂ ᠨᠡᠩ ᠴᠡᠴᠡᠭᠯᠡᠨ ᠬᠦᠭᠵᠢᠭᠰᠡᠨ ᠰᠠᠶᠢᠨ ᠰᠠᠶᠢᠬᠠᠨ ᠲᠡᠯᠡᠭᠡᠢ ᠶᠢᠷᠳᠢᠨᠴᠤ ᠶᠢ ᠪᠦᠳᠦᠭᠡᠨ ᠪᠠᠶᠢᠭᠤᠯᠬᠤ ᠶᠢᠨ ᠲᠦᠯᠦᠭᠡ ᠴᠦᠬᠦᠷᠡᠰᠢ ᠦᠭᠡᠢ ᠴᠢᠷᠮᠠᠶᠢᠨ᠎ᠠ᠃     ᠰᠢᠨ᠎ᠡ ᠵᠢᠯ ᠤᠨ ᠬᠤᠨᠭ᠍ᠬᠤ ᠶᠢᠨ ᠲᠠᠭᠤᠨ ᠤᠳᠠᠯ ᠦᠭᠡᠢ ᠲᠤᠤᠭᠠᠷᠬᠤ ᠪᠤᠯᠤᠯ᠎ᠡ᠂ ᠪᠢᠳᠠ ᠪᠦᠬᠦᠳᠡᠭᠡᠷ ᠢᠳᠡᠭᠡᠯ ᠬᠦᠰᠡᠯᠡᠩ ᠲᠦᠬᠦᠷᠡᠩ ᠢᠶᠠᠷ 2019 ᠤᠨ ᠤ ᠬᠦᠷᠴᠤ ᠢᠷᠠᠬᠦ ᠶᠢ ᠬᠠᠮᠳᠤ ᠪᠠᠷ ᠤᠬᠳᠤᠵᠠᠭᠠᠶ᠎ᠡ᠃ ᠲᠤᠮᠳᠠᠳᠤ ᠤᠯᠤᠰ ᠲᠤ ᠢᠷᠦᠭᠡᠯ ᠲᠡᠪᠰᠢᠬᠦᠯᠦᠶ᠎ᠡ︕ ᠲᠡᠯᠡᠭᠡᠢ ᠳ᠋ᠠᠬᠢᠨ ᠳᠤ ᠢᠷᠦᠭᠡᠯ ᠲᠡᠪᠰᠢᠬᠦᠯᠦᠶ᠎ᠡ︕     ᠲᠠ ᠪᠦᠬᠦᠨ ᠳᠤ ᠲᠠᠯᠠᠷᠬᠠᠯ᠎ᠡ︕
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号