ᠪᠦᠬᠦ ᠠᠶᠢᠮᠠᠭ ᠤᠨ ᠪᠠᠶᠢᠭᠤᠯᠤᠮᠵᠢ  ᠶᠢᠨ ᠦᠭᠡᠷᠡᠴᠢᠯᠡᠯᠳᠠ ᠶᠢᠨ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2019-01-19
     1  ᠰᠠᠷ᠎ᠠ ᠶᠢᠨ 17   ᠤ  ᠡᠳᠦᠷ᠂ ᠪᠦᠬᠦ ᠠᠶᠢᠮᠠᠭ ᠤᠨ  ᠪᠠᠶᠢᠭᠤᠯᠤᠮᠵᠢ   ᠶᠢᠨ ᠦᠭᠡᠷᠡᠴᠢᠯᠡᠯᠳᠠ ᠶᠢᠨ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ᠃ ᠬᠤᠳᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ  ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠪᠠᠢ ᠶᠠ ᠪᠢᠨ᠂ ᠬᠤᠳᠠ ᠶᠢᠨ ᠤᠯᠤᠰ ᠲᠦᠷᠦ ᠶᠢᠨ ᠵᠦᠪᠯᠡᠯᠭᠡᠨ ᠤ ᠲᠡᠷᠢᠭᠦᠯᠡᠭᠴᠢ ᠵᠧᠦ ᠰᠢᠤᠸᠠᠢ ᠸᠧᠨ᠂ ᠬᠤᠳᠠ ᠶᠢᠨ ᠨᠠᠮ ᠤᠨ ᠬᠤᠷᠢᠶ᠎ᠠ ᠶᠢᠨ ᠲᠡᠳ᠋ ᠱᠦᠵᠢ ᠭᠥᠸᠧ ᠯᠢᠩ ᠶᠦᠨ ᠵᠡᠷᠭᠡ ᠤᠳᠤᠷᠢᠳᠤᠯᠭ᠎ᠠ ᠵᠢᠴᠢ ᠬᠤᠯᠪᠤᠭᠳᠠᠯ ᠪᠦᠬᠦᠢ ᠨᠢᠭᠡᠴᠡ ᠶᠢᠨ ᠬᠠᠷᠢᠭᠤᠴᠯᠠᠭᠠᠳᠠᠨ ᠷᠠᠰᠢᠶᠠᠨ ᠬᠤᠳᠠ ᠶᠢᠨ ᠬᠤᠪᠢᠶᠠᠷᠢ ᠬᠤᠷᠠᠯ ᠤᠨ ᠲᠠᠯᠠᠪᠠᠢ ᠳᠤ ᠤᠷᠤᠯᠴᠠᠪᠠ᠃      ᠬᠤᠷᠠᠯ ᠳᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠤᠯᠤᠨ ᠠᠷᠪᠠ ᠶᠢᠰᠦᠳᠦᠭᠡᠷ ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ ᠪᠦᠬᠦᠳᠡ ᠬᠤᠷᠠᠯ ᠤᠨ ᠵᠤᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠬᠤ ᠲᠤᠭᠤᠷᠢᠨ ᠳᠤ  ᠨᠠᠮ ᠪᠠ ᠲᠦᠷᠦ ᠶᠢᠨ ᠪᠠᠶᠢᠭᠤᠯᠤᠮᠵᠢ   ᠶᠢᠨ ᠦᠭᠡᠷᠡᠴᠢᠯᠡᠯᠳᠡ ᠶᠢ ᠭᠦᠨᠵᠡᠭᠡᠶᠢᠷᠡᠭᠦᠯᠬᠦ ᠲᠤᠬᠠᠢ ᠰᠢ  ᠶᠢᠨ ᠫᠢᠩ ᠶᠡᠷᠦᠩᠬᠡᠢ ᠱᠦᠵᠢ ᠶᠢᠨ ᠴᠢᠬᠤᠯᠠ  ᠶᠠᠷᠢᠶ᠎ᠠ ᠶᠢᠨ ᠵᠤᠷᠢᠭ ᠰᠠᠨᠠᠭ᠎ᠠ ᠶᠢ ᠬᠦᠨᠵᠡᠭᠡᠢ ᠰᠣᠷᠣᠯᠴᠠᠵᠦ᠂ ᠨᠠᠮ  ᠤᠨ ᠲᠦᠪ ᠬᠤᠷᠢᠶ᠎ᠠ᠂  ᠤᠷᠤᠨ ᠨᠤᠳᠤᠭ ᠤᠨ ᠪᠠᠶᠢᠭᠤᠯᠤᠮᠵᠢ ᠶᠢ ᠦᠭᠡᠷᠡᠴᠢᠯᠡᠬᠦ ᠲᠤᠬᠠᠢ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠳᠠ ᠶᠢᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠦ᠂ ᠪᠦᠬᠦ ᠠᠶᠢᠠᠮᠭ ᠢᠶᠠᠷ ᠢᠶᠠᠨ ︽ᠲᠦᠷᠪᠡᠨ ᠤᠬᠠᠮᠰᠡᠷ︾ ᠢ ᠪᠠᠳᠤ ᠪᠤᠢ ᠪᠤᠯᠭᠠᠨ᠂ ︽ᠬᠤᠶᠠᠷ  ᠢ ᠬᠦᠷᠢᠶᠡᠯᠡᠬᠦ︾ ᠶᠢ ᠰᠠᠶᠢᠳᠤᠷ ᠬᠢᠵᠦ᠂  ᠤᠷᠤᠨ ᠨᠤᠳᠤᠭ ‍ᠤᠨ‌‍ᠪᠠᠶᠢᠭᠤᠯᠤᠮᠵᠢ   ᠶᠢᠨ ᠦᠭᠡᠷᠡᠴᠢᠯᠡᠯᠳᠡ ᠶᠢᠨ ᠡᠯ᠎ᠡ ᠲᠦᠷᠦᠯ ᠤᠨ ᠡᠭᠦᠷᠭᠡ ᠶᠢ  ᠴᠢᠨᠠᠷᠯᠢᠭ ᠰᠠᠶᠢᠲᠠᠢ᠂ ᠦᠨᠳᠦᠷ ᠦᠷ᠎ᠡ ᠪᠦᠳᠦᠮᠵᠢ ᠲᠠᠢ ᠪᠡᠶᠡᠯᠡᠭᠦᠯᠬᠦ ᠬᠡᠷᠡᠭᠲᠡᠢ ᠭᠡᠵᠡᠢ᠃     ᠬᠤᠷᠠᠯ ᠠᠴᠠ ᠵᠢᠭᠠᠵᠦ ᠭᠠᠷᠭᠠᠭᠰᠠᠨ ᠨᠢ᠂ ᠨᠠᠮ ᠪᠠ ᠲᠦᠷᠦ ᠶᠢᠨ ᠪᠠᠶᠢᠭᠤᠯᠤᠮᠵᠢ ᠶᠢ ᠦᠭᠡᠷᠡᠴᠢᠯᠡᠬᠦ ᠶᠢ ᠭᠦᠨᠵᠭᠡᠶᠢᠷᠡᠭᠦᠯᠬᠦ  ᠪᠤᠯ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶ᠎ᠠ ᠰᠢᠨ᠎ᠡ ᠴᠠᠭ ᠦᠶ᠎ᠡ ᠶᠢᠨ  ᠪᠦᠬᠦ ᠣᠯᠣᠰ ᠤᠨ ᠠᠵᠢᠯ ᠦᠢᠯᠡᠰ ᠤᠨ ᠬᠦᠭᠵᠢᠯᠳᠡ ᠶᠢᠨ ᠪᠦᠬᠦ ᠲᠠᠯ᠎ᠠ ᠶᠢᠨ ᠦᠨᠳᠦᠷᠴᠡ ᠠᠴᠠ ᠬᠢᠭᠰᠡᠨ  ᠴᠢᠬᠤᠯᠠ ᠶᠡᠭᠡ ᠤᠯᠤᠰ ᠲᠦᠷᠦ ᠶᠢᠨ ᠰᠢᠢᠳᠪᠦᠷᠢᠳᠦ ᠪᠤᠳᠤᠯᠭ᠎ᠠ᠂ ᠤᠯᠤᠰ ᠢᠶᠠᠨ ᠵᠠᠰᠠᠬᠤ ᠴᠢᠳᠠᠪᠤᠷᠢ ᠪᠤᠯᠤᠨ ᠤᠯᠤᠰ ᠢᠶᠠᠨ ᠵᠠᠰᠠᠬᠤ ᠰᠢᠰᠲ᠋ᠧᠮ ᠤᠨ ᠤᠳᠤᠬᠢᠴᠢᠯᠠᠯᠳᠠ ᠶᠢᠨ ᠨᠢᠭᠡᠨ ᠤᠳᠠᠭᠠᠨ ᠤ ᠬᠦᠨᠵᠡᠭᠡᠢ ᠬᠤᠪᠢᠰᠤᠯᠳᠠ ᠮᠦᠨ᠃ ᠤᠷᠤᠨ ᠨᠤᠳᠤᠭ ᠤᠨ ᠪᠠᠶᠢᠭᠤᠯᠤᠮᠵᠢ ᠶᠢᠨ ᠦᠭᠡᠷᠡᠴᠢᠯᠡᠯᠳᠡ ᠪᠤᠯ ᠨᠠᠮ ᠪᠠ ᠲᠦᠷᠦ ᠶᠢᠨ ᠪᠠᠶᠢᠭᠤᠯᠤᠮᠵᠢ  ᠶᠢᠨ ᠦᠭᠡᠷᠡᠴᠢᠯᠡᠯᠳᠡ ᠶᠢᠨ ᠪᠦᠷᠢᠯᠳᠦᠭᠦᠨ ᠬᠡᠰᠡᠭ᠂ ᠡᠷᠬᠡᠪᠰᠢ ᠰᠠᠶᠢᠳᠤᠷ ᠪᠠᠶᠠᠯᠡᠭᠦᠯᠬᠦ ᠴᠢᠬᠤᠯᠠᠲᠠᠢ ᠴᠢᠬᠤᠯᠠ ᠤᠯᠤᠰ ᠲᠦᠷᠦ ᠶᠢᠨ ᠡᠭᠦᠷᠭᠡ  ᠮᠦᠨ᠃ ᠪᠦᠬᠦ ᠠᠶᠢᠮᠠᠭ ᠢᠶᠠᠷ ᠢᠶᠠᠨ ᠤᠯᠤᠰ ᠲᠦᠷᠦ ᠶᠢᠨ ᠵᠤᠭᠰᠤᠴᠠ ᠪᠠᠨ ᠲᠡᠭᠡᠭᠰᠢᠯᠡᠬᠦᠯᠵᠦ ᠂ ᠲᠤᠰ ᠤᠳᠠᠭᠠᠨ ᠤ ᠪᠠᠶᠢᠭᠤᠯᠤᠮᠵᠢ ᠶᠢᠨ ᠦᠭᠡᠷᠡᠴᠢᠯᠡᠯᠳᠡ ᠶᠢᠨ ᠠᠵᠢᠯ ᠤᠨ ᠴᠢᠬᠤᠯᠠ ᠠᠴᠢ ᠬᠤᠯᠪᠤᠭᠳᠠᠯ ᠢ ᠭᠦᠢᠴᠡᠳ ᠲᠠᠨᠢᠵᠦ᠂ ᠦᠵᠡᠯ ᠰᠠᠨᠠᠭ᠎ᠠ᠂ ᠦᠢᠯᠡ ᠠᠵᠢᠯᠯᠭ᠎ᠠ ᠪᠠᠨ ᠨᠠᠮ ᠤᠨ ᠲᠦᠪ ᠬᠤᠷᠢᠶ᠎ᠠ ᠶᠢᠨ ᠰᠢᠢᠳᠪᠦᠷᠢᠳᠦ ᠪᠤᠳᠤᠯᠭ᠎ᠠ ᠶᠢᠨ ᠪᠠᠶᠢᠷᠢᠯᠠᠭᠤᠯᠤᠯᠳᠠ ᠪᠤᠯᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠲᠠᠢ ᠨᠢᠭᠡᠳᠭᠡᠵᠦ᠂ ︽ᠲᠦᠷᠪᠡᠨ ᠤᠬᠠᠮᠰᠡᠷ︾ ᠢ ᠪᠠᠳᠤ ᠪᠤᠢ ᠪᠤᠯᠭᠠᠨ᠂ ︽ᠬᠤᠶᠠᠷ ᠢ ᠬᠦᠷᠢᠶᠡᠯᠡᠬᠦ︾  ᠶᠢ ᠦᠢᠯᠡᠳᠦᠯᠭᠡᠵᠢᠭᠦᠯᠵᠦ᠂ ᠦᠵᠡᠯ ᠰᠠᠨᠠᠭᠠᠨ ᠤ ᠵᠢᠯᠤᠭᠤᠳᠤᠯᠭ᠎ᠠ ᠪᠠᠨ  ᠴᠢᠩᠭᠠᠳᠬᠠᠵᠦ᠂ ᠠᠵᠢᠯ ᠢ ᠨᠢᠭᠡᠳᠦᠯᠲᠠᠢ ᠲᠦᠯᠦᠪᠯᠡᠨ ᠰᠠᠶᠢᠳᠤᠷ ᠬᠢᠵᠦ᠂ ᠪᠦᠬᠦ ᠠᠶᠢᠮᠠᠭ ᠤᠨ ᠪᠠᠶᠢᠭᠤᠯᠤᠮᠵᠢ ᠶᠢᠨ ᠦᠭᠡᠷᠡᠴᠢᠯᠡᠯᠳᠡ ᠶᠢᠨ ᠡᠯ᠎ᠡ ᠲᠦᠷᠦᠯ ᠤᠨ ᠠᠵᠢᠯ ᠤᠨ ᠡᠭᠦᠷᠭᠡ ᠪᠠᠨ ᠴᠠᠭ ᠲᠤᠬᠠᠢ ᠳᠤᠨᠢ ᠪᠡᠶᠡᠯᠡᠭᠦᠯᠵᠦ᠂ ᠪᠦᠬᠦ ᠠᠶᠢᠠᠮᠭ ᠤᠨ ᠴᠢᠨᠠᠷᠯᠢᠭ ᠰᠠᠶᠢᠲᠠᠢ  ᠳᠠᠪᠠᠯᠳᠠᠳᠤ ᠬᠦᠭᠵᠢᠯᠳᠡ ᠳᠤ ᠵᠤᠬᠢᠶᠠᠨ ᠪᠠᠶᠢᠭᠤᠯᠤᠯᠳᠠ ᠶᠢᠨ ᠪᠠᠳᠤᠯᠠᠭ᠎ᠠ ᠬᠠᠩᠭᠠᠨ᠎ᠠ᠃     ᠬᠤᠷᠠᠯ ᠠᠴᠠ ᠱᠠᠭᠠᠷᠳᠠᠭᠰᠠᠨ ᠨᠢ᠂ ᠡᠯ᠎ᠡ ᠭᠠᠵᠠᠷ ᠤᠷᠤᠨ ᠡᠯ᠎ᠡ ᠰᠠᠯᠠᠭ᠎ᠠ ᠮᠦᠴᠢᠷ ᠨᠠᠮ ‍ᠤᠨ‌‍ᠲ᠋ᠦ᠋ᠪ ᠬᠤᠷᠢᠶ᠎ᠠ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠭᠤᠯᠤᠮᠵᠢ ᠶᠢᠨ ᠦᠭᠡᠷᠡᠴᠢᠯᠡᠯᠳᠡ ᠶᠢᠨ ᠶᠡᠷᠦᠩᠬᠡᠢ ᠵᠤᠷᠢᠭ ᠰᠠᠨᠠᠭ᠎ᠠ ᠪᠠ ᠪᠠᠶᠢᠷᠢᠯᠠᠭᠤᠯᠤᠯᠳᠠ ᠶᠢᠨ ᠲᠤᠬᠠᠢ ᠱᠠᠭᠠᠷᠳᠠᠯᠭ᠎ᠠ ᠶᠢ ᠪᠦᠬᠦ ᠲᠠᠯ᠎ᠠ ᠪᠠᠷ ᠵᠦᠪ ᠤᠨᠤᠪᠴᠢᠲᠠᠢ ᠲᠤᠤᠱᠯᠠᠭᠤᠯᠵᠦ  ᠂ ᠬᠢᠩᠭᠠᠨ ᠠᠶᠢᠠᠮᠭ ᠤᠨ ᠪᠠᠶᠢᠭᠤᠯᠤᠮᠵᠢ   ᠶᠢᠨ ᠦᠭᠡᠷᠡᠴᠢᠯᠡᠯᠳᠡ ᠶᠢᠨ ᠲᠦᠰᠦᠯ ᠪᠤᠯᠤᠨ ᠬᠡᠷᠡᠭᠵᠢᠭᠦᠯᠬᠦ ᠰᠠᠨᠠᠯ ᠢ ᠨᠠᠶᠢᠳᠠᠪᠤᠷᠢᠵᠢᠭᠤᠯᠵᠦ᠂ ᠨᠠᠮ ᠵᠠᠰᠠᠭ ᠤᠨ ᠪᠠᠶᠢᠭᠤᠯᠤᠮᠵᠢ ᠪᠤᠯᠤᠨ ᠡᠭᠦᠷᠭᠡ ᠴᠢᠳᠠᠪᠤᠷᠢ ᠶᠢ  ᠵᠤᠬᠢᠴᠠᠭᠤᠯᠤᠨ ᠰᠢᠯᠢᠳᠡᠭᠵᠢᠭᠦᠯᠬᠦ ᠲᠤᠭᠤᠷᠢᠨ ᠳᠤ ᠪᠠᠶᠢᠭᠤᠯᠤᠮᠵᠢ ᠶᠢᠨ ᠤᠷᠤᠨ ᠲᠤᠭ᠎ᠠ ᠶᠢᠨ ᠬᠠᠮᠢᠶᠠᠷᠤᠯᠳᠠ ᠶᠢᠨ ᠬᠠᠳᠠᠭᠤ ᠴᠢᠩᠭ᠎ᠠ ᠱᠠᠭᠠᠷᠳᠠᠯᠭ᠎ᠠ ᠶᠢ ᠴᠢᠩᠭᠠᠷᠠᠭᠤᠯᠵᠦ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠦᠪᠯᠡᠯᠭᠡᠨ ᠤ ᠪᠠᠶᠢᠭᠤᠯᠤᠮᠵᠢ ᠶᠢᠨ ᠦᠭᠡᠷᠡᠴᠢᠯᠡᠯᠳᠡ᠂ ᠤᠯᠠᠨ ᠲᠦᠮᠡᠨᠴᠢ ᠪᠦᠯᠬᠦᠮ ᠤᠨ ᠵᠤᠬᠢᠶᠠᠨ ᠪᠠᠶᠢᠭᠤᠯᠤᠯᠳᠠ ᠶᠢᠨ ᠦᠭᠡᠷᠡᠴᠢᠯᠡᠯᠳᠡ᠂ ᠠᠵᠦ ᠦᠢᠯᠡᠰ ᠤᠨ ᠨᠢᠭᠡᠴᠡ ᠶᠢᠨ ᠦᠭᠡᠷᠡᠴᠢᠯᠡᠯᠳᠡ ᠪᠤᠯᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠭᠡᠷᠡᠴᠢᠯᠡᠯᠳᠡ ᠶᠢ ᠭᠦᠨᠵᠭᠡᠶᠢᠷᠡᠭᠦᠯᠵᠦ᠂  ᠨᠢᠭᠡᠨᠳᠡ ᠲᠤᠭᠳᠠᠭᠠᠭᠰᠠᠨ ᠴᠠᠭ ᠪᠤᠯᠤᠨ ᠪᠤᠳᠠᠳᠠᠢ ᠠᠷᠭ᠎ᠠ ᠶᠢ ᠦᠨᠳᠦᠰᠦᠯᠡᠨ ᠢᠳᠡᠪᠬᠢᠲᠠᠢ ᠪᠦᠭᠡᠳ ᠯᠠᠪᠳᠠᠭᠤᠨ ᠢᠶᠠᠷ ᠲᠦᠯᠬᠢᠨ ᠠᠬᠢᠭᠤᠯᠵᠦ᠂  ᠡᠯ᠎ᠡ ᠵᠦᠢᠯ ᠤᠨ ᠡᠭᠦᠷᠭᠡ ᠪᠠᠨ  ᠴᠢᠨᠠᠷᠯᠢᠭ ᠰᠠᠶᠢᠲᠠᠢ ᠦᠨᠳᠤᠷ ᠦᠷ᠎ᠡ ᠪᠦᠳᠦᠮᠵᠢ ᠲᠠᠢ ᠪᠠᠶᠡᠯᠡᠭᠦᠯᠬᠦ ᠬᠡᠷᠡᠭᠲᠡᠢ ᠭᠡᠵᠡᠢ᠃    ᠬᠤᠷᠠᠯ ᠠᠴᠠ ᠴᠢᠬᠤᠯᠠᠴᠢᠯᠠᠭᠰᠠᠨ ᠨᠢ᠂ ᠤᠷᠤᠨ ᠨᠤᠳᠤᠭ ᠤᠨ ᠪᠠᠶᠢᠭᠤᠯᠤᠮᠵᠢ ᠶᠢᠨ ᠦᠭᠡᠷᠡᠴᠢᠯᠡᠯᠳᠡ ᠪᠤᠯ ᠨᠢᠭᠡᠨ ᠰᠢᠰᠲ᠋ᠧᠮᠳᠤ ᠢᠨᠵᠧᠨᠧᠷᠢᠩ ᠪᠤᠯᠤᠨ᠎ᠠ᠃ ᠤᠯᠤᠰ ᠲᠦᠷᠦ ᠶᠢᠨ ᠴᠢᠨᠠᠷ᠂ ᠲᠦᠷᠦ ᠶᠢᠨ ᠪᠤᠳᠤᠯᠭ᠎ᠠ ᠶᠢᠨ ᠴᠢᠨᠠᠷ  ᠢᠶᠠᠷ ᠴᠢᠩᠭ᠎ᠠ᠂ ᠨᠠᠶᠢᠭᠡᠮ ᠤᠨ ᠠᠩᠬᠠᠷᠤᠯ ᠢ ᠲᠡᠭᠡᠳᠦ ᠬᠡᠮᠵᠢᠶ᠎ᠠ ᠪᠠᠷ ᠲᠠᠳᠠᠵᠦ ᠪᠠᠶᠢᠨ᠎ᠠ᠃ ᠡᠯ᠎ᠡ ᠭᠠᠵᠠᠷ ᠤᠷᠤᠨ ᠡᠯ᠎ᠡ ᠰᠠᠯᠠᠭ᠎ᠠ ᠮᠦᠴᠢᠷ ᠤᠬᠠᠮᠰᠡᠷ ᠠᠴᠠ ᠪᠠᠨ ᠤᠯᠤᠰ ᠲᠦᠷᠦ ᠪᠠ ᠪᠦᠬᠦ ᠲᠠᠯ᠎ᠠ ᠶᠢᠨ ᠲᠡᠭᠡᠳᠦ ᠬᠡᠮᠵᠢᠶᠠᠨ ᠤ ᠦᠨᠳᠦᠷᠴᠡ  ᠠᠴᠠ ᠵᠤᠬᠢᠶᠠᠨ ᠪᠠᠶᠢᠭᠤᠯᠤᠯᠳᠠ ᠶᠢᠨ ᠤᠳᠤᠷᠢᠳᠤᠯᠭ᠎ᠠ ᠪᠠᠨ ᠴᠢᠩᠭᠠᠳᠬᠠᠵᠦ᠂ ᠬᠠᠷᠢᠭᠤᠴᠠᠯᠭ᠎ᠠ ᠪᠠᠨ ᠪᠤᠳᠠᠳᠠᠶᠢᠵᠢᠭᠤᠯᠵᠦ᠂ ᠨᠠᠷᠢᠨ ᠨᠢᠮᠪᠠᠢ ᠵᠤᠬᠢᠶᠠᠨ ᠪᠠᠶᠢᠭᠤᠯᠤᠨ ᠬᠡᠷᠡᠭᠵᠢᠭᠦᠯᠵᠦ᠂ ᠦᠵᠡᠯ ᠰᠠᠨᠠᠭ᠎ᠠ ᠤᠯᠤᠰ ᠲᠦᠷᠦ  ᠶᠢᠨ ᠠᠵᠢᠯ ᠪᠠᠨ ᠴᠢᠩᠭᠠᠳᠬᠠᠵᠦ᠂ ᠰᠠᠬᠢᠯᠭ᠎ᠠ ᠪᠠᠳᠤ ᠲᠦᠷᠢᠮ ᠲᠤᠭᠳᠠᠭᠠᠯ ᠢ ᠪᠠᠷᠢᠮᠳᠠᠯᠠᠵᠦ᠂ ᠡᠯ᠎ᠡ ᠵᠦᠢᠯ ᠤᠨ ᠡᠭᠦᠷᠭᠡ ᠶᠢ ᠵᠤᠬᠢᠶᠠᠨ ᠪᠠᠶᠢᠭᠤᠯᠤᠯᠳᠠ ᠲᠠᠢ᠂ ᠰᠠᠬᠢᠯᠭ᠎ᠠ ᠪᠠᠳᠣ ᠲᠠᠢ᠂ ᠠᠯᠬᠤᠮ ᠲᠠᠷᠠᠭ᠎ᠠ ᠲᠠᠢ ᠨᠠᠶᠢᠳᠠᠪᠤᠷᠢᠵᠢᠭᠤᠯᠵᠦ ᠂ ᠦᠵᠡᠯ ᠰᠠᠨᠠᠭ᠎ᠠ ᠰᠡᠳᠭᠢᠯᠭᠡ ᠰᠠᠮᠠᠷᠠᠭᠤᠯᠬᠤ ᠦᠭᠡᠢ᠂ ᠠᠵᠢᠯ   ᠲᠠᠰᠤᠷᠠᠬᠤ ᠦᠭᠡᠢ᠂ ᠡᠩᠨᠡᠭᠡ  ᠪᠤᠳᠠᠷᠠᠬᠤ ᠦᠭᠡᠢ᠂  ᠠᠵᠢᠯ ᠤᠨ ᠡᠷᠴᠢ ᠵᠤᠷᠢᠭ ᠰᠤᠯᠠᠷᠠᠬᠤ ᠦᠭᠡᠢ ᠪᠠᠶᠢᠬᠤ ᠶᠢ ᠪᠠᠳᠤᠯᠠᠬᠤ ᠬᠡᠷᠡᠭᠲᠡᠢ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号