ᠷᠠᠰᠢᠶᠠᠨ ᠬᠤᠳᠠ ᠬᠤᠳᠠ ᠶᠢᠨ ᠨᠠᠮ ᠤᠨ ᠬᠤᠷᠢᠶ᠎ᠠ ᠶᠢᠨ ᠲᠦᠷᠪᠡᠳᠦᠭᠡᠷ ᠬᠤᠭᠤᠴᠠᠭᠠᠨ ᠤ ᠵᠢᠷᠠᠨ ᠲᠠᠪᠤᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠬᠤᠷᠠᠯᠳᠤᠭᠤᠯᠵᠠᠢ
ᠨᠡᠶᠢᠲᠡᠯᠡᠭᠰᠡᠨ ᠴᠠᠭ᠄
2019-01-20
    1  ᠰᠠᠷ᠎ᠠ ᠶᠢᠨ 18   ᠤ  ᠡᠳᠦᠷ᠂ ᠠᠶᠢᠠᠮᠭ ᠤᠨ  ᠨᠠᠮ ᠤᠨ ᠬᠤᠷᠢᠶ᠎ᠠ ᠶᠢᠨ ᠭᠡᠰᠢᠭᠦᠨ᠂ ᠬᠤᠳᠠ ᠶᠢᠨ ᠨᠠᠮ  ᠤᠨ ᠬᠤᠷᠢᠶ᠎ᠠ ᠶᠢᠨ ᠱᠦᠵᠢ ᠭᠤᠤ ᠴᠠᠩ ᠱᠧᠩ ᠬᠤᠳᠠ ᠶᠢᠨ ᠨᠠᠮ ᠤᠨ ᠬᠤᠷᠢᠶ᠎ᠠ ᠶᠢᠨ ᠲᠦᠷᠪᠡᠳᠦᠭᠡᠷ ᠬᠤᠭᠤᠴᠠᠭᠠᠨ  ᠤ ᠵᠢᠷᠠᠨ ᠲᠠᠪᠤᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠠᠢ᠃ ᠬᠤᠳᠠ ᠶᠢᠨ ᠨᠠᠮ ᠤ ᠬᠤᠷᠢᠶ᠎ᠠ ᠶᠢᠨ ᠲᠡᠳ᠋ ᠱᠦᠵᠢ ᠭᠥᠸᠧ ᠯᠢᠩ ᠶᠦᠨ ᠵᠡᠷᠭᠡ ᠤᠳᠤᠷᠢᠳᠤᠯᠭ᠎ᠠ ᠨᠠᠷ ᠬᠤᠷᠠᠯ ᠳᠤ ᠤᠷᠤᠯᠴᠠᠪᠠ᠃ ᠬᠤᠳᠠ  ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠪᠠᠢ ᠶᠠ ᠪᠢᠨ᠂ ᠬᠤᠳᠠ ᠶᠢᠨ ᠤᠯᠤᠰ ᠲᠦᠷᠦ ᠶᠢᠨ ᠵᠦᠪᠯᠡᠯᠭᠡᠨ ᠤ  ᠲᠡᠷᠢᠭᠦᠯᠡᠭᠴᠢ ᠵᠧᠦ ᠰᠢᠤᠸᠠᠢ ᠸᠧᠨ ᠵᠡᠷᠭᠡ ᠤᠳᠤᠷᠢᠳᠤᠯᠭ᠎ᠠ ᠬᠤᠷᠠᠯ ᠳᠤ ᠤᠷᠤᠯᠴᠠᠪᠠ᠃     ᠬᠤᠷᠠᠯ ᠳᠤ ᠰᠢ ᠶᠢᠨ ᠫᠢᠩ ᠶᠡᠷᠦᠩᠬᠡᠢ ᠱᠦᠵᠢ ᠶᠢᠨ ᠲᠦᠪ ᠬᠤᠷᠢᠶᠠᠨ ᠤ ᠣᠯᠣᠰ ᠲᠦᠷᠦ ᠶᠢᠨ ᠲᠤᠪᠴᠢᠶ᠎ᠠ  ᠶᠢᠨ ᠠᠷᠠᠳᠴᠢᠯᠠᠯ ᠤᠨ ᠠᠮᠢᠳᠤᠷᠠᠯ ᠤᠨ ᠬᠤᠷᠠᠯ ᠲᠡᠭᠡᠷᠡᠬᠢ ᠴᠢᠬᠤᠯᠠ ᠶᠠᠷᠢᠶᠠᠨ ᠤ ᠵᠤᠷᠢᠭ ᠰᠠᠨᠠᠭ᠎ᠠ ᠪᠤᠯᠤᠨ ︽ᠲᠦᠪ ᠬᠤᠷᠢᠶᠠᠨ ᠤ ᠲᠤᠭᠤᠷᠢᠨ ᠪᠠᠶᠢᠴᠠᠭᠠᠬᠤ ᠠᠵᠢᠯ ᠤᠨ ᠲᠦᠯᠦᠪᠵᠢᠭᠦᠯᠭᠡ ︵2018 ᠊2022︶︾ ᠶᠢ ᠰᠤᠷᠤᠯᠴᠠᠪᠠ ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠤᠯᠤᠨ ᠨᠠᠮ ᠤᠨ ᠠᠷᠪᠠ ᠶᠢᠰᠦᠳᠦᠭᠡᠷ  ᠶᠡᠭᠡ ᠬᠤᠷᠠᠯ ᠤᠨ ᠵᠤᠷᠢᠭ ᠰᠠᠨᠠᠭ᠎ᠠ᠂ ︽ᠰᠢ ᠶᠢᠨ ᠫᠢᠩ  ᠤᠨ ᠲᠦᠷᠦ ᠶᠢ ᠵᠠᠰᠠᠵᠦ ᠵᠠᠰᠠᠭ ᠢ ᠡᠷᠬᠢᠯᠡᠬᠦ ᠲᠤᠬᠠᠢ ᠶᠠᠷᠢᠶ᠎ᠠ︾ ᠶᠢᠨ ᠨᠢᠭᠡᠳᠦᠭᠡᠷ  ᠂ ᠬᠤᠶᠠᠳᠤᠭᠠᠷ ᠡᠪᠬᠡᠮᠡᠯ ᠪᠤᠯᠤᠨ ︽ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ ᠭᠤᠴᠢᠨ ᠲᠠᠶᠢᠯᠤᠮᠵᠢ︾᠂ ᠰᠢ ᠶᠢᠨ ᠫᠢᠩ ᠶᠡᠷᠦᠩᠬᠡᠢ ᠱᠦᠵᠢ ᠶᠢᠨ ᠭᠤᠸᠠᠩᠳᠦ᠋ᠩ᠂ ᠱᠠᠩᠬᠠᠢ  ᠢ ᠪᠠᠶᠢᠴᠠᠭᠠᠭᠰᠠᠨ ᠪᠠ ᠲᠦᠪ ᠤᠨ ᠦᠭᠡᠷᠡᠴᠢᠯᠡᠯᠳᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠦᠪᠯᠡᠯ ᠤᠨ ᠲᠠᠪᠤᠳᠤᠭᠠᠷ ᠤᠳᠠᠭᠠᠨ ᠤ ᠬᠤᠷᠠᠯ ᠲᠡᠭᠡᠷᠡᠬᠢ ᠴᠢᠬᠤᠯᠠ ᠶᠠᠷᠢᠶ᠎ᠠ ᠵᠢᠴᠢ ᠰᠢ ᠶᠢᠨ ᠫᠢᠩ ᠶᠡᠷᠦᠩᠬᠡᠢ ᠱᠦᠵᠢ ᠯᠢᠦ ᠱᠣᠣ ᠴᠢ ᠨᠦᠬᠦᠷ ᠤᠨ ᠮᠠᠨᠳᠤᠯᠡᠭᠰᠡᠨ120 ᠵᠢᠯ ᠤᠨ  ᠤᠢ ᠶᠢ ᠲᠤᠷᠠᠰᠬᠠᠬᠤ ᠰᠠᠭᠤᠳᠠᠯ ᠤᠨ ᠬᠤᠷᠠᠯ ᠳᠡᠭᠡᠷᠡᠬᠢ ᠴᠢᠬᠤᠯᠠ ᠶᠠᠷᠢᠶ᠎ᠠ᠂ ︽ᠲᠤᠮᠳᠠᠳᠤ ᠤᠯᠤᠰ ᠤᠨ ᠡᠪ ᠬᠠᠮᠳᠤ ᠨᠠᠮ ᠤᠨ ᠲᠦᠷᠢᠮ︾᠂ ︽ᠲᠤᠮᠳᠠᠳᠤ ᠤᠯᠤᠰ ᠤᠨ ᠡᠪ ᠬᠠᠮᠳᠤ ᠨᠠᠮ ᠤᠨ ᠰᠠᠬᠢᠯᠭ᠎ᠠ ᠪᠠᠳᠤ ᠶᠢᠨ ᠰᠢᠢᠳᠭᠡᠯ ᠦᠭᠬᠦ ᠲᠦᠷᠢᠮ︾ ᠵᠡᠷᠭᠡ ᠬᠤᠯᠪᠤᠭᠳᠠᠯ ᠪᠦᠬᠦᠢ ᠨᠠᠮ ᠤᠨ ᠲᠤᠳᠤᠭᠠᠳᠤ  ᠶᠢᠨ ᠬᠠᠤᠯᠢ ᠲᠤᠭᠳᠠᠭᠠᠯ ᠤᠨ ᠵᠤᠷᠢᠭ ᠰᠠᠨᠠᠭ᠎ᠠ ᠶᠢ ᠰᠤᠷᠤᠯᠴᠠᠵᠦ᠂ ᠡᠯ᠎ᠡ ᠪᠠᠶᠢᠩᠭᠤ ᠶᠢᠨ ᠭᠡᠰᠢᠭᠦᠨ ᠠᠷᠠᠳᠴᠢᠯᠡᠯ ᠤᠨ ᠠᠮᠢᠳᠤᠷᠠᠯ ᠤᠨ ᠬᠤᠷᠠᠯ ᠤᠨ ᠭᠤᠤᠯ ᠰᠡᠳᠤᠪ ᠤᠨ  ᠲᠤᠭᠤᠷᠢᠨ ᠳᠤ ᠰᠣᠳᠤᠯᠤᠨ ᠶᠠᠷᠢᠯᠴᠠᠪᠠ᠃     ᠬᠤᠷᠠᠯ ᠠᠴᠠ ᠱᠠᠭᠠᠷᠳᠠᠭᠰᠠᠨ ᠨᠢ᠂ ᠪᠦᠬᠦ ᠬᠤᠳᠠ ᠶᠢᠨ ᠡᠯ᠎ᠡ ᠱᠠᠳᠤᠨ ᠤ  ᠤᠳᠤᠷᠢᠳᠬᠤ ᠺᠠᠳ᠋ᠷ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠤᠯᠤᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠲᠦᠷᠦᠭᠦᠯᠡᠨ ᠰᠤᠷᠤᠯᠴᠠᠨ᠂ ︽ᠬᠤᠶᠠᠷ ᠢ ᠬᠦᠷᠢᠶᠡᠯᠡᠬᠦ︾ ᠶᠢ  ᠪᠤᠳᠠᠳᠠᠢ ᠳᠤ ᠦᠢᠯᠡᠳᠦᠯᠭᠡᠵᠢᠭᠦᠯᠵᠦ᠂ ᠰᠢ ᠶᠢᠨ ᠫᠢᠩ ᠶᠡᠷᠦᠩᠬᠡᠢ ᠱᠦᠵᠢ ᠶᠢᠨ ᠪᠦᠬᠦ ᠨᠠᠮ ᠤᠨ  ᠭᠤᠤᠯᠯᠠᠠᠭᠴᠢ᠂ ᠨᠠᠮ ᠤᠨ ᠲᠦᠪ ᠬᠤᠷᠢᠶ᠎ᠠ ᠶᠢᠨ ᠭᠤᠤᠯᠯᠠᠭᠴᠢ ᠪᠠᠶᠢᠷᠢ ᠰᠠᠭᠤᠷᠢ ᠶᠢ ᠡᠷᠡᠰ ᠬᠠᠮᠠᠭᠠᠯᠠᠵᠦ᠂  ᠨᠠᠮ ᠤᠨ ᠲᠦᠪ ᠬᠤᠷᠢᠶᠠᠨ ᠤ ᠡᠷᠬᠡ ᠰᠦᠷ ᠪᠤᠯᠤᠨ ᠲᠦᠪᠯᠡᠷᠡᠩᠭᠦᠢ ᠨᠢᠭᠡᠳᠦᠯᠲᠠᠢ ᠤᠳᠤᠷᠢᠳᠠᠯᠭ᠎ᠠ ᠶᠢ ᠡᠷᠡᠰ ᠬᠠᠮᠠᠭᠠᠯᠠᠬᠤ ᠬᠡᠷᠡᠭᠲᠡᠢ᠃ ᠰᠤᠷᠳᠠᠯ ᠤᠨ ᠪᠠᠶᠢᠭᠤᠯᠤᠯᠳᠠ ᠶᠢ ᠦᠷᠬᠦᠯᠵᠢᠯᠡᠨ ᠭᠦᠨᠵᠡᠭᠡᠶᠢᠷᠡᠭᠦᠯᠵᠦ᠂ ᠠᠷᠢᠭᠤᠨ ᠴᠢᠭᠡᠴᠢ  ᠪᠠᠷ ᠪᠠᠶ᠎ᠠ ᠪᠠᠨ ᠵᠠᠰᠠᠬᠤ ᠶᠢ ᠴᠢᠩᠭᠠᠳᠬᠠᠨ᠂ ᠲᠦᠪ ᠤᠨ ᠨᠠᠢᠮᠠᠨ ᠲᠤᠭᠳᠠᠭᠠᠯ ᠵᠢᠴᠢ  ᠬᠡᠷᠡᠭᠵᠢᠭᠦᠯᠬᠦ ᠨᠠᠷᠢᠨ ᠲᠦᠷᠢᠮ  ᠤᠨ ᠵᠤᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠃ ᠨᠠᠮ ᠤᠨ ᠠᠷᠪᠠ ᠶᠢᠰᠦᠳᠦᠭᠡᠷ ᠶᠡᠭᠡ ᠬᠤᠷᠠᠯ  ᠤᠨ ᠰᠢᠢᠳᠪᠦᠷᠢᠳᠦ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠲᠤᠤᠱᠯᠠᠭᠤᠯᠵᠦ᠂ ᠡᠭᠦᠷᠭᠡ ᠪᠤᠯᠭᠠᠨ ᠢ ᠤᠯᠠᠮ ᠨᠢᠭᠡ ᠠᠯᠬᠤᠮ ᠨᠠᠷᠢᠯᠢᠭᠵᠢᠭᠤᠯᠤᠨ ᠲᠤᠬᠢᠷᠠᠭᠤᠯᠵᠦ᠂ ᠬᠠᠷᠢᠭᠤᠴᠠᠯᠭ᠎ᠠ   ᠪᠠᠨ ᠨᠠᠶᠢᠳᠠᠪᠤᠷᠢᠵᠢᠭᠤᠯᠵᠦ᠂ ᠠᠬᠢᠴᠠ ᠪᠠᠨ ᠲᠤᠳᠤᠷᠬᠠᠶᠢᠯᠠᠵᠦ᠂ ᠦᠨᠡᠨ ᠢ ᠪᠠᠷᠢᠮᠳᠠᠯᠠᠨ ᠪᠤᠳᠠᠳᠠᠢ ᠠᠵᠢᠯᠯᠠᠵᠦ᠂  ᠰᠢᠷᠭᠠᠭᠤ ᠬᠠᠳᠠᠭᠤᠵᠢᠯᠲᠠᠢ ᠲᠡᠮᠡᠴᠡᠨ᠂ ᠡᠯ᠎ᠡ ᠵᠦᠢᠯ ᠤᠨ ᠬᠠᠷᠠᠯᠳᠠ ᠡᠭᠦᠷᠭᠡ ᠪᠠᠨ ᠬᠤᠭᠤᠴᠠᠭ᠎ᠠ ᠶᠤᠰᠤᠭᠠᠷ ᠴᠢᠨᠠᠷᠯᠢᠭ ᠪᠠᠶᠡᠯᠡᠭᠦᠯᠬᠦ ᠶᠢ ᠪᠠᠳᠤᠯᠠᠬᠤ ᠬᠡᠷᠡᠭᠲᠡᠢ ᠬᠡᠵᠡᠢ      ᠬᠤᠷᠠᠯ ᠠᠴᠠ ᠴᠢᠬᠤᠯᠠᠴᠢᠯᠠᠭᠰᠠᠨ ᠨᠢ᠂ ︽ᠲᠦᠪ ᠤᠨ ᠲᠤᠭᠤᠷᠢᠨ ᠪᠠᠶᠢᠴᠠᠭᠠᠬᠤ ᠠᠵᠢᠯ ᠤᠨ ᠲᠦᠯᠦᠪᠵᠢᠭᠦᠯᠭᠡ ︵2018 ᠊2022︶︾ ᠶᠢᠨ ᠵᠤᠷᠢᠭ ᠰᠠᠨᠠᠭ᠎ᠠ ᠶᠢ  ᠲᠤᠤᠱᠯᠠᠭᠤᠯᠬᠤ ᠶᠢ ᠬᠢᠨᠠᠮᠠᠭᠠᠢ ᠰᠤᠷᠤᠯᠴᠠᠨ᠂ ᠡᠯ᠎ᠡ ᠱᠠᠳᠤᠨ ᠤ ᠤᠳᠤᠷᠢᠳᠤᠯᠭ᠎ᠠ ᠲᠦᠷᠦᠭᠦᠯᠡᠨ ᠰᠤᠷᠤᠯᠴᠠᠵᠦ᠂ ᠦᠷᠬᠦᠯᠵᠢᠯᠡᠨ ᠭᠦᠨᠵᠡᠭᠡᠢ ᠰᠤᠷᠤᠯᠴᠠᠨ᠂ ᠲᠤᠭᠤᠷᠢᠨ ᠦᠵᠡᠵᠦ ᠲᠤᠭᠤᠷᠢᠨ ᠪᠠᠶᠢᠴᠠᠭᠠᠬᠤ ᠠᠵᠢᠯ ᠤᠨ ᠴᠢᠬᠤᠯᠠ ᠴᠢᠨᠠᠷ ᠤᠨ ᠲᠠᠨᠢᠯᠳᠠ ᠶᠢ ᠭᠦᠨᠵᠡᠭᠡᠶᠢᠷᠡᠭᠦᠯᠬᠦ ᠬᠡᠷᠡᠭᠲᠡᠢ᠃ ᠲᠤᠭᠤᠷᠢᠨ ᠪᠠᠶᠢᠴᠠᠭᠠᠬᠤ ᠠᠵᠢᠯ ᠤᠨ ᠤᠯᠤᠰ ᠲᠦᠷᠦ ᠶᠢᠨ ᠵᠤᠭᠰᠤᠴᠠ ᠪᠤᠯᠤᠨ ᠤᠯᠤᠰ ᠲᠦᠷᠦ ᠶᠢᠨ ᠱᠠᠭᠠᠷᠳᠠᠯᠭ᠎ᠠ ᠶᠢ ᠭᠦᠨᠵᠡᠭᠡᠢ ᠤᠶᠢᠯᠠᠭᠠᠵᠦ᠂ ᠲᠤᠭᠤᠷᠢᠨ ᠪᠠᠶᠢᠴᠠᠭᠠᠬᠤ ᠬᠢᠨᠠᠯᠳᠠ ᠲᠠᠯᠪᠢᠬᠤ ᠶᠢ  ᠴᠢᠨᠠᠷᠯᠢᠭ ᠰᠠᠶᠢᠲᠠᠢ ᠦᠷᠨᠢᠭᠦᠯᠵᠦ᠂ ᠷᠠᠰᠢᠶᠠᠨ ᠬᠤᠳᠠ ᠶᠢᠨ ᠲᠤᠭᠤᠷᠢᠨ ᠪᠠᠶᠢᠴᠠᠭᠠᠬᠤ ᠠᠵᠢᠯ ᠰᠢᠨ᠎ᠡ ᠦᠷ᠎ᠡ ᠪᠦᠳᠦᠮᠵᠢ ᠤᠯᠬᠤ ᠶᠢ ᠠᠬᠢᠭᠤᠯᠬᠤ ᠬᠡᠷᠡᠭᠲᠡᠢ᠃ ᠲᠤᠰᠬᠠᠢ ᠲᠤᠭᠤᠷᠢᠨ ᠪᠠᠶᠢᠴᠠᠭᠠᠬᠤ᠂ ᠬᠦᠳᠡᠯᠦᠩᠭᠦᠢ ᠲᠤᠭᠤᠷᠢᠨ ᠪᠠᠶᠢᠴᠠᠭᠠᠬᠤ  ᠪᠤᠯᠤᠨ ᠲᠤᠭᠤᠷᠢᠨ  ᠪᠠᠶᠢᠴᠠᠭᠠᠨ ︽ᠡᠷᠬᠢᠨ ᠬᠠᠷᠠᠬᠤ︾ ᠶᠢ ᠨᠢᠭᠡᠳᠦᠯᠲᠠᠢ ᠲᠦᠯᠦᠪᠯᠡᠵᠦ᠂ ᠲᠤᠭᠤᠷᠢᠨ ᠦᠵᠡᠬᠦ ᠴᠡᠭᠴᠡᠯᠡᠨ ᠵᠠᠰᠠᠬᠤ ᠰᠡᠭᠦᠯᠴᠢ ᠶᠢᠨ ᠬᠤᠭᠤᠴᠠᠭᠠᠨ ᠤ ᠠᠵᠢᠯ ᠢ ᠰᠠᠶᠢᠳᠤᠷ ᠬᠢᠬᠦ ᠬᠡᠷᠡᠭᠲᠡᠢ᠃      ᠬᠤᠷᠠᠯ ᠠᠴᠠ ᠱᠠᠭᠠᠷᠳᠠᠭᠰᠠᠨ ᠨᠢ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠲᠤᠬᠠᠢ ᠤᠶᠢᠯᠠᠭᠠᠯᠳᠠ ᠲᠠᠨᠢᠯᠳᠠ ᠪᠠᠨ ᠭᠦᠨᠵᠡᠭᠡᠶᠢᠷᠡᠭᠦᠯᠵᠦ᠂ ᠤᠬᠠᠮᠰᠡᠷ ᠠᠴᠠ ᠪᠠᠨ ᠦᠵᠡᠯ ᠰᠠᠨᠠᠭ᠎ᠠ᠂ ᠤᠯᠤᠰ ᠲᠦᠷᠦ᠂ ᠦᠢᠯᠡ ᠠᠵᠢᠯᠯᠠᠭ᠎ᠠ ᠶᠢᠨ ᠲᠠᠯ᠎ᠠ  ᠪᠠᠷ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶ᠎ᠠ ᠲᠠᠢ ᠲᠡᠭᠡᠳᠦ ᠬᠡᠮᠵᠢᠶ᠎ᠡ ᠪᠠᠷ ᠨᠢᠭᠡᠳᠦᠯᠲᠠᠢ ᠪᠠᠶᠢᠵᠦ᠂ ᠰᠢᠨ᠎ᠡ ᠶᠢ ᠡᠭᠦᠳᠦᠭᠰᠡᠨ ᠤᠨᠤᠯ ᠢᠶᠠᠷ ᠵᠡᠪᠰᠡᠭᠯᠡᠬᠦ ᠶᠢ ᠴᠢᠩᠭᠠᠳᠬᠠᠵᠦ᠂ ᠪᠦᠬᠦ ᠲᠠᠯ᠎ᠠ ᠪᠠᠷ ᠰᠢᠰᠲ᠋ᠧᠮ ᠲᠠᠢ ᠰᠤᠷᠤᠯᠴᠠᠬᠤ ᠶᠢ ᠪᠠᠷᠢᠮᠳᠠᠯᠠᠨ᠂ ᠪᠣᠳᠠᠳᠠᠢ ᠲᠠᠢ ᠤᠶᠠᠯᠳᠤᠭᠤᠯᠵᠦ ᠰᠤᠷᠤᠯᠴᠠᠬᠤ ᠶᠢ ᠪᠠᠷᠢᠮᠳᠠᠯᠠᠨ᠂ ᠠᠰᠠᠭᠤᠳᠠᠯ ᠳᠤ ᠴᠢᠭᠯᠡᠭᠦᠯᠦᠨ ᠰᠣᠷᠣᠯᠴᠠᠬᠤ ᠶᠢ  ᠪᠠᠷᠢᠮᠳᠠᠯᠠᠬᠤ ᠬᠡᠷᠡᠭᠲᠡᠢ ᠭᠡᠵᠡᠢ᠃ ︽ᠲᠦᠷᠪᠡᠨ ᠤᠬᠠᠮᠰᠡᠷ︾ ᠢ ᠪᠠᠳᠤ ᠪᠠᠢ ᠪᠤᠯᠭᠠᠨ᠂ ︽ᠲᠦᠷᠪᠡᠨ ᠢᠳᠡᠭᠡᠯ︾ ᠢ ᠪᠠᠳᠤᠳᠬᠠᠬᠤ ᠨᠢ ᠠᠯᠢᠪᠠ ᠠᠵᠢᠯ ᠢ ᠰᠠᠶᠢᠳᠤᠷ ᠬᠢᠬᠦ   ᠶᠢᠨ ᠤᠯᠤᠰ ᠲᠦᠷᠦ ᠶᠢᠨ ᠪᠠᠳᠤᠯᠠᠭ᠎ᠠ ᠮᠦᠨ᠃ ᠵᠤᠷᠢᠭᠲᠠᠢ ᠪᠠᠷ ᠡᠭᠦᠷᠭᠡᠯᠡᠬᠦ ᠵᠠᠩ ᠴᠢᠨᠠᠷ᠂ ᠦᠨᠡᠨ ᠠᠴᠠ ᠵᠦᠪ ᠢ ᠡᠷᠢᠬᠦ ᠰᠤᠷᠳᠠᠯ ᠪᠤᠯ ᠠᠯᠢᠪᠠ ᠠᠵᠢᠯ ᠢ ᠰᠠᠶᠢᠳᠤᠷ ᠬᠢᠬᠦ   ᠶᠢᠨ ᠪᠠᠳᠤᠯᠠᠭ᠎ᠠ ᠮᠦᠨ ᠭᠡᠵᠡᠢ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号