ᠬᠤᠳᠠ ᠶᠢᠨ ᠤᠯᠤᠰ ᠲᠦᠷᠦ ᠶᠢᠨ ᠵᠦᠪᠯᠡᠯᠭᠡᠨ ᠤ ᠨᠠᠮ ᠤᠨ ᠤᠳᠤᠷᠢᠳᠬᠤ ᠲᠤᠭᠤᠶᠢᠯᠠᠩ ᠲᠤᠭᠤᠷᠢᠨ ᠪᠠᠶᠢᠴᠠᠭᠠᠨ ᠴᠡᠭᠴᠡᠯᠡᠨ ᠵᠠᠰᠠᠬᠤ ᠲᠤᠰᠬᠠᠢ ᠰᠡᠳᠦᠪᠳᠦ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2019-01-21
    ᠲᠤᠭᠤᠷᠢᠨ ᠪᠠᠶᠢᠴᠠᠭᠠᠬᠤ ᠠᠵᠢᠯ ᠤᠨ ᠲᠤᠬᠠᠢ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠪᠤᠯᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠦᠷᠪᠡᠳᠦᠭᠡᠷ ᠲᠤᠭᠤᠷᠢᠨ ᠪᠠᠶᠢᠴᠠᠭᠠᠬᠤ ᠲᠤᠭᠤᠶᠢᠯᠠᠩ ᠤᠨ ᠷᠠᠰᠢᠶᠠᠨ ᠬᠤᠳᠠ ᠶᠢ  ᠲᠤᠭᠤᠷᠢᠨ ᠪᠠᠶᠢᠴᠠᠭᠠᠬᠤ ᠬᠠᠷᠢᠭᠤ ᠲᠤᠰᠬᠠᠭᠰᠠᠨ ᠰᠠᠨᠠᠯ ᠵᠢᠴᠢ ᠴᠡᠭᠴᠡᠯᠡᠨ ᠵᠠᠰᠠᠬᠤ ᠱᠠᠭᠠᠷᠳᠠᠯᠭ᠎ᠠ ᠶᠢ ᠭᠦᠨᠵᠡᠭᠡᠢ ᠲᠤᠤᠱᠯᠠᠭᠤᠯᠬᠤ ᠪᠠᠷ᠂ 1  ᠰᠠᠷ᠎ᠠ ᠶᠢᠨ 21   ᠤ  ᠦᠳᠡ  ᠶᠢᠨ ᠡᠮᠦᠨ᠎ᠡ᠂ ᠬᠤᠳᠠ ᠶᠢᠨ ᠣᠯᠣᠰ ᠲᠦᠷᠦ ᠶᠢᠨ ᠵᠦᠪᠯᠡᠯᠭᠡᠨ ᠤ ᠨᠠᠮ ᠤᠨ ᠤᠳᠤᠷᠢᠳᠬᠤ ᠲᠤᠭᠤᠶᠢᠯᠠᠩ ᠲᠤᠭᠤᠷᠢᠨ ᠪᠠᠶᠢᠴᠠᠭᠠᠨ ᠴᠡᠭᠴᠡᠯᠡᠨ ᠵᠠᠰᠠᠬᠤ ᠲᠤᠰᠬᠠᠢ ᠰᠡᠳᠦᠪᠳᠦ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠬᠤᠷᠠᠯᠳᠤᠭᠤᠯᠪᠠ     ᠬᠤᠳᠠ ᠶᠢᠨ ᠣᠯᠣᠰ ᠲᠦᠷᠦ ᠶᠢᠨ ᠵᠦᠪᠯᠡᠯᠭᠡᠨ ᠤ ᠨᠠᠮ ᠤᠨ ᠤᠳᠤᠷᠢᠳᠬᠤ ᠲᠤᠭᠤᠶᠢᠯᠠᠩ ᠤᠨ ᠱᠦᠵᠢ᠂ ᠲᠡᠷᠢᠭᠦᠯᠡᠭᠴᠢ ᠵᠧᠦ ᠰᠢᠤᠸᠠᠢ ᠸᠧᠨ ᠬᠤᠷᠠᠯ ᠢ ᠡᠷᠬᠢᠯᠡᠨ ᠬᠤᠷᠠᠯᠳᠤᠭᠤᠯᠵᠠᠢ᠃      ᠬᠤᠳᠠ ᠶᠢᠨ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠦᠪᠯᠡᠯ ᠤᠨ ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ ᠲᠤᠭᠤᠶᠢᠯᠠᠩ ᠳᠤ ᠬᠠᠮᠳᠤᠪᠡᠷ ᠲᠤᠮᠢᠯᠠᠨ ᠰᠠᠭᠤᠭ᠎ᠠ ᠨᠢᠭᠡᠳᠦᠭᠡᠷ ᠲᠤᠭᠤᠶᠢᠯᠠᠩ ᠤᠨ ᠲᠤᠭᠤᠶᠢᠯᠠᠩ ᠤᠨ ᠳᠠᠷᠤᠭ᠎ᠠ ᠲᠠᠩ ᠳ᠋ᠦᠩ ᠰᠢᠶᠠ ᠬᠤᠷᠠᠯ ᠳᠤ ᠤᠷᠤᠯᠴᠠᠨ ᠵᠢᠯᠤᠭᠤᠳᠴᠠᠢ᠃ ᠬᠤᠳᠠ ᠶᠢᠨ ᠤᠯᠤᠰ ᠲᠦᠷᠦ ᠶᠢᠨ ᠵᠦᠪᠯᠡᠯᠭᠡᠨ ᠤ ᠨᠠᠮ ᠤᠨ ᠤᠳᠤᠷᠢᠳᠬᠤ ᠲᠤᠭᠤᠶᠢᠯᠠᠩ ᠤᠨ ᠪᠦᠷᠢᠯᠳᠦᠭᠦᠨ ᠭᠡᠰᠢᠭᠦᠨ ᠸᠠᠩ ᠶᠦᠩ ᠾᠧ ᠂ ᠢᠦᠢ ᠵᠢᠢ ᠹᠠᠩ᠂ ᠵᠠᠩ ᠫᠢᠩ ᠬᠤᠷᠠᠯ ᠳᠤ ᠤᠷᠤᠯᠴᠠᠪᠠ᠃ᠬᠤᠳᠠ ᠶᠢᠨ ᠤᠯᠤᠰ ᠲᠦᠷᠦ ᠶᠢᠨ ᠵᠦᠪᠯᠡᠯᠭᠡᠨ ᠤ ᠨᠠᠮ ᠤᠨ ᠤᠳᠤᠷᠢᠳᠬᠤ ᠲᠤᠭᠤᠶᠢᠯᠠᠩ ᠲᠤᠰ ᠤᠳᠠᠭᠠᠨ ᠤ ᠲᠤᠰᠬᠠᠢ ᠰᠡᠳᠦᠪᠳᠦ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠲᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠬᠤᠷᠠᠯ ᠠᠴᠠ ᠡᠮᠦᠨ᠎ᠡ ᠬᠢᠨᠠᠮᠠᠭᠠᠢ ᠲᠤᠬᠢᠷᠠᠭᠤᠯᠤᠨ ᠪᠠᠶᠢᠷᠢᠯᠠᠭᠤᠯᠤᠯᠳᠠ ᠬᠢᠭᠰᠡᠨ ᠪᠦᠭᠡᠳ ᠭᠦᠢᠴᠡᠳ ᠪᠡᠯᠡᠳᠭᠡᠯ ᠬᠢᠵᠡᠢ᠃ ᠬᠤᠷᠠᠯ ᠲᠡᠭᠡᠷ᠎ᠡ᠂ ᠵᠧᠦ ᠰᠢᠤᠸᠠᠢ ᠸᠧᠨ ᠨᠦᠬᠦᠷ ᠬᠤᠳᠠ ᠶᠢᠨ ᠤᠯᠤᠰ ᠲᠦᠷᠦ ᠶᠢᠨ ᠵᠦᠪᠯᠡᠯᠭᠡᠨ ᠤ ᠨᠠᠮ  ᠤᠨ ᠤᠳᠤᠷᠢᠳᠬᠤ ᠲᠤᠭᠤᠶᠢᠯᠠᠩ ᠤᠨ ᠤᠳᠤᠷᠢᠳᠬᠤ ᠪᠠᠭ ᠢ ᠲᠦᠯᠦᠭᠡᠯᠡᠨ ︽ᠵᠢᠷᠭᠤᠭ᠎ᠠ ᠶᠢᠨ ᠲᠤᠭᠤᠷᠢᠨ᠂ ᠨᠢᠭᠡ  ᠶᠢ ᠴᠢᠩᠭᠠᠳᠬᠠᠬᠤ︾ ᠵᠡᠷᠭᠡ ᠲᠠᠯ᠎ᠠ ᠪᠠᠷ ᠬᠠᠷᠭᠤᠭᠤᠯᠤᠨ ᠪᠠᠶᠢᠴᠠᠭᠠᠬᠤ ᠶᠢᠨ ᠬᠠᠮᠳᠤ ᠦᠪᠡᠷ ᠤᠨ ᠪᠡᠶ᠎ᠡ ᠶᠢᠨ ᠪᠠᠶᠢᠴᠠᠭᠠᠯᠳᠠ ᠶᠢ ᠦᠷᠨᠢᠭᠦᠯᠵᠦ᠂ ᠨᠠᠮ ᠤᠨ ᠤᠳᠤᠷᠢᠳᠬᠤ ᠲᠤᠭᠤᠶᠢᠯᠠᠩ ᠤᠨ ᠤᠳᠤᠷᠢᠳᠬᠤ ᠪᠠᠭ ᠤᠨ ᠪᠦᠷᠢᠯᠳᠦᠭᠦᠨ ᠭᠡᠰᠢᠭᠦᠨ ᠬᠠᠷᠭᠤᠭᠤᠯᠤᠨ ᠪᠠᠶᠢᠴᠠᠭᠠᠬᠤ ᠲᠤᠬᠠᠢ ᠲᠤᠰ ᠲᠤᠰ ᠶᠠᠷᠢᠶ᠎ᠠ  ᠲᠠᠯᠪᠢᠵᠦ᠂  ᠬᠤᠭᠤᠷᠤᠨᠳᠤ  ᠪᠠᠨ ᠲᠦᠪ ᠴᠢᠩᠭ᠎ᠠ ᠨᠠᠷᠢᠨ ᠬᠢᠨᠠᠮᠠᠭᠠᠢ ᠰᠢᠭᠦᠮᠵᠢᠯᠡᠯ ᠦᠷᠨᠢᠭᠦᠯᠵᠡᠢ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠦᠷᠪᠡᠳᠦᠭᠡᠷ ᠲᠤᠭᠤᠷᠢᠨ ᠪᠠᠶᠢᠴᠠᠭᠠᠬᠤ ᠲᠤᠭᠤᠶᠢᠯᠠᠩ ᠤᠨ  ᠴᠡᠭᠴᠡᠯᠡᠨ ᠵᠠᠰᠠᠬᠤ ᠱᠠᠭᠠᠷᠳᠠᠯᠭ᠎ᠠ ᠶᠢ ᠦᠨᠳᠦᠰᠦᠯᠡᠨ᠂  ᠭᠤᠤᠯ ᠰᠡᠳᠦᠪ ᠲᠠᠢ ᠪᠠᠨ ᠨᠢᠭᠳᠠ ᠠᠪᠴᠠᠯᠳᠤᠭᠤᠯᠵᠦ᠂ ᠲᠤᠪᠤᠶᠢᠮ᠎ᠠ ᠠᠰᠠᠭᠤᠳᠠᠯ ᠢ ᠨᠠᠷᠢᠨ ᠬᠢᠨᠠᠮᠠᠭᠠᠢ ᠪᠠᠶᠢᠴᠠᠭᠠᠨ᠂ ᠰᠢᠭᠦᠮᠵᠢᠯᠡᠯ ᠪᠠ ᠦᠪᠡᠷ ᠤᠨ ᠰᠢᠭᠦᠮᠵᠢᠯᠡᠯ ᠢ ᠭᠦᠨᠵᠡᠭᠡᠢ ᠦᠷᠨᠢᠭᠦᠯᠵᠦ᠂ ᠦᠵᠡᠯ ᠰᠠᠨᠠᠭ᠎ᠠ  ᠪᠠᠨ ᠨᠢᠭᠡᠳᠭᠡᠵᠦ᠂ ᠬᠠᠷᠢᠯᠴᠠᠨ ᠬᠠᠪᠰᠤᠷᠤᠯᠴᠠᠵᠦ᠂ ᠪᠦᠯᠬᠦᠮᠳᠡᠯ ᠢ ᠴᠢᠩᠭᠠᠳᠬᠠᠨᠨ᠂ ᠬᠦᠴᠦᠨ ᠪᠠᠨ ᠨᠢᠭᠲᠠᠷᠠᠭᠤᠯᠬᠤ ᠬᠠᠷᠠᠯᠳᠠ ᠪᠠᠨ ᠪᠡᠶᠡᠯᠡᠭᠦᠯᠵᠡᠢ ᠭᠡᠪᠡ᠃ ᠬᠠᠷᠭᠤᠭᠤᠯᠤᠨ ᠪᠠᠶᠢᠴᠠᠭᠠᠯᠳᠠ ᠳᠠᠭᠤᠰᠤᠭᠰᠠᠨ ᠤ ᠳᠠᠷᠠᠭ᠎ᠠ ᠲᠠᠩ ᠳ᠋ᠦᠩ ᠰᠢᠶᠠ ᠬᠤᠷᠠᠯ ᠤᠨ ᠪᠠᠶᠢᠳᠠᠯ ᠤᠨ ᠲᠤᠬᠠᠢ ᠦᠨᠡᠯᠡᠯᠳᠡ ᠬᠢᠵᠡᠢ᠃     ᠵᠧᠦ ᠰᠢᠤᠸᠠᠢ ᠸᠧᠨ ᠳ᠋ᠦᠩᠨᠡᠯᠳᠡ ᠶᠢᠨ ᠶᠠᠷᠢᠶ᠎ᠠ ᠲᠠᠯᠪᠢᠬᠤ ᠳᠠᠭᠠᠨ ᠢᠯᠡᠷᠬᠡᠶᠢᠯᠡᠭᠰᠡᠨ ᠨᠢ᠂ ᠬᠤᠳᠠ ᠶᠢᠨ ᠤᠯᠤᠰ ᠲᠦᠷᠦ ᠶᠢᠨ ᠵᠦᠪᠯᠡᠯᠭᠡᠨ ᠤ ᠨᠠᠮ ᠤᠨ ᠤᠳᠤᠷᠢᠳᠬᠤ ᠲᠤᠭᠤᠶᠢᠯᠠᠩ ᠪᠠᠶᠢᠴᠠᠭᠠᠨ ᠢᠯᠡᠷᠡᠭᠦᠯᠦᠭᠰᠠᠨ ᠠᠰᠠᠭᠤᠳᠠᠯ ᠳᠤ ᠴᠢᠭᠯᠡᠭᠦᠯᠦᠨ ᠴᠡᠭᠴᠡᠯᠡᠨ ᠵᠠᠰᠠᠬᠤ ᠶᠢ ᠰᠠᠶᠢᠳᠤᠷ ᠬᠢᠬᠦ ᠬᠡᠷᠡᠭᠲᠡᠢ ᠭᠡᠵᠡᠢ᠃ ᠨᠢᠭᠡ ᠳᠤ᠂ ᠤᠯᠤᠰ ᠲᠦᠷᠦ ᠶᠢ ᠡᠷᠬᠢᠮᠯᠡᠵᠦ᠂ ᠡᠷᠬᠡᠪᠰᠢ ︽ᠲᠦᠷᠪᠡᠨ ᠤᠬᠠᠮᠰᠠᠷ︾ ᠢ ᠪᠠᠳᠤ ᠪᠤᠢ ᠪᠤᠯᠭᠠᠵᠤ᠂ ︽ᠲᠦᠷᠪᠡᠨ ᠢᠳᠡᠭᠡᠯ︾ ᠢ ᠪᠠᠳᠤᠳᠬᠠᠵᠤ᠂ ︽ᠬᠤᠶᠠᠷ ᠢ ᠬᠦᠷᠢᠶᠡᠯᠡᠬᠦ︾ ᠶᠢ  ᠪᠠᠷᠢᠮᠳᠠᠯᠠᠵᠦ᠂ ᠦᠵᠡᠯ ᠰᠠᠨᠠᠭ᠎ᠠ᠂ ᠤᠯᠤᠰ ᠲᠦᠷᠦ᠂ ᠦᠢᠯᠡ ᠠᠵᠢᠯᠯᠠᠭ᠎ᠠ ᠶᠢᠨ ᠲᠠᠯ᠎ᠠ ᠪᠠᠷ ᠰᠢ ᠶᠢᠨ ᠫᠢᠩ ᠨᠦᠬᠦᠷ ᠢᠶᠠᠷ ᠭᠤᠤᠯᠯᠠᠭᠴᠢ ᠪᠤᠯᠭᠠᠭᠰᠠᠨ ᠨᠠᠮ ᠤᠨ ᠲᠦᠪ ᠬᠤᠷᠢᠶ᠎ᠠ  ᠲᠠᠢ ᠲᠡᠭᠡᠳᠦ ᠬᠡᠮᠵᠢᠶ᠎ᠡ ᠪᠠᠷ ᠨᠢᠭᠡᠳᠦᠯᠲᠠᠢ ᠪᠠᠶᠢᠯᠭᠠᠬᠤ ᠬᠡᠷᠡᠭᠲᠡᠢ᠃ ᠬᠤᠶᠠᠷ ᠲᠤ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠦᠷᠪᠡᠳᠦᠭᠡᠷ ᠲᠤᠭᠤᠷᠢᠨ ᠪᠠᠶᠢᠴᠠᠭᠠᠬᠤ ᠲᠤᠭᠤᠶᠢᠯᠠᠩ ᠷᠠᠰᠢᠶᠠᠨ ᠬᠤᠳᠠ ᠶᠢ ᠲᠤᠭᠤᠷᠢᠨ ᠪᠠᠶᠢᠴᠠᠭᠠᠬᠰᠠᠨ ᠰᠠᠨᠠᠯ ᠱᠠᠭᠠᠷᠳᠠᠯᠭ᠎ᠠ ᠶᠢ ᠲᠡᠭᠡᠳᠦ ᠬᠡᠮᠵᠢᠶ᠎ᠡ ᠪᠠᠷ ᠴᠢᠬᠤᠯᠠᠴᠢᠯᠠᠵᠦ᠂ ᠲᠤᠭᠤᠷᠢᠨ ᠪᠠᠶᠢᠴᠠᠭᠠᠬᠤ ᠬᠠᠷᠢᠭᠤ ᠲᠤᠰᠬᠠᠭᠰᠠᠨ ᠰᠠᠨᠠᠯ ᠢᠶᠠᠷ ᠠᠰᠠᠭᠤᠳᠠᠯ ᠢ  ᠲᠤᠷᠠᠳᠴᠤ᠂ ᠠᠰᠠᠭᠤᠳᠠᠯ ᠪᠦᠬᠦᠨ ᠢ ᠴᠢᠬᠤᠯᠠᠴᠢᠯᠠᠵᠦ᠂ ᠲᠠᠷᠤᠶᠢᠬᠠᠨ ᠴᠡᠭᠴᠡᠯᠡᠨ ᠵᠠᠰᠠᠬᠤ ᠠᠵᠢᠯ ᠢ ᠦᠷᠨᠢᠭᠦᠯᠬᠦ ᠶᠢᠨ ᠬᠠᠮᠳᠤ ᠪᠦᠬᠦ ᠬᠦᠴᠦ ᠪᠠᠷ ᠢᠶᠠᠷ ᠬᠠᠮᠵᠢᠯᠴᠠᠨ ᠲᠤᠭᠤᠷᠢᠨ ᠪᠠᠶᠢᠴᠠᠭᠠᠬᠤ ᠠᠵᠢᠯ ᠢ ᠤᠷᠤᠭᠰᠢᠲᠠᠢ ᠶᠠᠪᠤᠭᠳᠠᠭᠤᠯᠤᠨ᠎ᠠ᠃ ᠭᠤᠷᠪᠠ ᠳᠤ᠂ ᠨᠠᠮ ᠤᠨ ᠲᠤᠭᠤᠶᠢᠯᠠᠩ ᠪᠠ ᠬᠤᠪᠢ ᠬᠦᠮᠦᠨ ᠤ ᠪᠠᠶᠢᠴᠠᠭᠠᠯᠳᠠ ᠠᠴᠠ ᠢᠯᠡᠷᠡᠭᠦᠯᠦᠭᠰᠡᠨ ᠠᠰᠠᠭᠤᠳᠠᠯ   ᠢ ᠴᠡᠭᠴᠡᠯᠡᠨ ᠵᠠᠰᠠᠬᠤ ᠨᠠᠷᠢᠨ ᠳᠠᠩᠰᠠ ᠶᠢ ᠵᠢᠭᠰᠠᠭᠠᠵᠦ᠂ ᠴᠡᠭᠴᠡᠯᠡᠨ ᠵᠠᠰᠠᠬᠤ ᠠᠷᠭ᠎ᠠ ᠪᠠᠷᠢᠯ ᠢ ᠲᠤᠭᠳᠠᠭᠠᠵᠦ᠂ ᠴᠠᠭ ᠬᠤᠭᠤᠴᠠᠭ᠎ᠠ ᠶᠢ ᠲᠤᠳᠤᠷᠬᠠᠶᠢᠯᠠᠵᠦ᠂ ᠴᠡᠭᠴᠡᠯᠡᠨ ᠵᠠᠰᠠᠬᠤ ᠶᠢ ᠨᠠᠶᠢᠳᠠᠪᠤᠷᠢᠵᠢᠭᠤᠯᠬᠤ ᠶᠢ ᠪᠠᠳᠤᠯᠠᠬᠤ ᠬᠡᠷᠡᠭᠲᠡᠢ ᠭᠡᠵᠡᠢ᠃  
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号