ᠰᠢᠨ ᠎ᠡ ᠵᠢᠯ ᠤᠨ ᠪᠠᠶᠠᠷ ᠤᠨ ᠦᠭᠡ
ᠨᠡᠶᠢᠲᠡᠯᠡᠭᠰᠡᠨ ᠴᠠᠭ᠄
2019-01-03
ᠳᠤᠮᠳᠠᠳᠤ ᠤᠯᠤᠰ ᠤᠨ ᠡᠪ ᠬᠠᠮᠲᠤ ᠨᠠᠮ ᠤᠨ ᠬᠢᠨᠭ᠍ᠭᠠᠨ ᠠᠶᠢᠮᠠᠭ ᠤᠨ ᠬᠤᠷᠢᠶ ᠎ᠠ ᠬᠢᠨᠭ᠍ᠭᠠᠨ ᠠᠶᠢᠮᠠᠭ ᠤᠨ ᠵᠠᠬᠢᠷᠭ᠎ᠠ         2019 ᠤᠨ ᠤ 1 ᠰᠠᠷ᠎ᠠ ᠶᠢᠨ 1 ᠤ ᠡᠳᠦᠷ     ᠡᠳᠦᠷ ᠬᠤᠨᠤᠭ ᠤᠨ ᠥᠡᠭᠭᠡᠷᠡᠬᠦ ᠠᠨᠤ ᠤᠷᠤᠰᠬᠠᠯ ᠤᠰᠤᠨ ᠮᠡᠲᠦ ᠲᠦᠷᠭᠡᠨ᠃ ᠡᠨᠡᠬᠦ ᠬᠠᠭᠤᠴᠢᠨ ᠵᠢᠯ ᠢᠶᠠᠨ ᠦᠳᠡᠵᠦ ᠰᠢᠨ ᠎ᠡ ᠵᠢᠯ ᠢᠶᠠᠨ ᠤᠭᠲᠤᠬᠤ ᠪᠠᠶᠠᠷᠲᠤ ᠮᠦᠴᠡ ᠳᠤ᠂ ᠠᠶᠢᠮᠠᠭ ᠤᠨ ᠨᠠᠮ ᠤᠨ ᠬᠤᠷᠢᠶ ᠎ᠠ ᠠᠴᠠ ᠪᠦᠬᠦ ᠠᠶᠢᠮᠠᠭ ᠤᠨ ᠡᠯ ᠎ᠡ ᠦᠨᠳᠦᠰᠦᠲᠡᠨ ᠤ ᠠᠷᠠᠳ ᠲᠦᠮᠡᠨ᠂ ᠠᠶᠢᠮᠠᠭ ᠲᠤ ᠰᠠᠭᠤᠭ᠎ᠠ ᠴᠡᠷᠢᠭ ᠠᠩᠬᠢ ᠶᠢᠨ ᠵᠢᠯᠤᠭᠤᠳᠤᠭᠴᠢ ᠪᠠᠶᠢᠯᠳᠤᠭᠴᠢ᠂ ᠵᠡᠪᠰᠡᠭᠲᠦ ᠴᠠᠭᠳᠠᠭᠠᠨ ᠤ ᠳᠠᠷᠤᠭ᠎ᠠ ᠪᠠᠶᠢᠯᠳᠤᠭᠴᠢ ᠪᠠ ᠳᠤᠲᠤᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ᠂ ᠡᠯ ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭ᠎ᠠ ᠶᠢᠨ ᠬᠢᠨ ᠤ ᠬᠤᠯᠪᠤᠭ᠎ᠠ ᠪᠠ ᠨᠠᠮ ᠪᠦᠯᠦᠭ ᠤᠨ ᠪᠤᠰᠤ ᠬᠦᠮᠥᠰ᠂ ᠡᠯ ᠎ᠡ ᠠᠵᠢᠯ ᠠᠴᠠ ᠪᠠᠨ ᠳᠠᠷᠬᠠᠯᠠᠭᠳᠠᠭᠰᠠᠨ ᠠᠵᠢᠯ ᠠᠴᠠ ᠠᠮᠠᠷᠠᠭᠰᠠᠨ ᠠᠬᠠᠮᠠᠳ ᠺᠠᠳ᠋ᠷ᠂ ᠪᠦᠬᠦ᠋ᠢᠯᠡ ᠬᠢᠨᠭ᠍ᠭᠠᠨ ᠠᠶᠢᠮᠠᠭ ᠤᠨ ᠬᠥᠭᠵᠢᠯᠲᠡ ᠶᠢ ᠬᠠᠯᠠᠮᠵᠢᠯᠠᠨ ᠳᠡᠳᠬᠦᠵᠦ ᠪᠠᠶᠢᠭ᠎ᠠ ᠤᠯᠤᠰ ᠤᠨ ᠳᠤᠲᠤᠭᠠᠳᠤ ᠭᠠᠳᠠᠭᠠᠳᠤ ᠶᠢᠨ ᠨᠠᠶᠢᠵᠠ ᠨᠥᠬᠦᠷ ᠲᠤ ᠪᠠᠨ ᠰᠢᠨ ᠎ᠡ ᠵᠢᠯ ᠤᠨ ᠵᠦᠡᠭᠨᠡᠯ ᠳᠡᠪᠰᠢᠭᠦᠯᠵᠦ ᠪᠠᠶᠢᠨ ᠎ᠠ᠃    ᠨᠢᠭᠡ ᠬᠤᠪᠢ ᠶᠢᠨ ᠴᠢᠷᠮᠠᠶᠢᠯᠭ᠎ᠠ᠂ ᠨᠢᠭᠡ ᠬᠤᠪᠢ ᠶᠢᠨ ᠤᠯᠤᠯᠲᠠ᠃ 2018 ᠤᠨ ᠪᠤᠯ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯ ᠎ᠠ ᠪᠠᠷ ᠲᠤᠤᠱᠯᠠᠭᠤᠯᠬᠤ ᠡᠬᠢᠯᠡᠯᠲᠡ ᠶᠢᠨ ᠵᠢᠯ᠂ ᠥᠭᠡᠷᠡᠴᠢᠯᠡᠯᠲᠡ ᠬᠢᠵᠦ ᠴᠢᠯᠦᠭᠡᠲᠡᠢ ᠶᠠᠪᠤᠯᠴᠠᠭᠰᠠᠨ 40 ᠵᠢᠯ ᠤᠨ ᠤᠢ᠂ ᠮᠦᠨ ᠴᠦ ᠬᠢᠨᠭ᠍ᠭᠠᠨ ᠠᠶᠢᠮᠠᠭ ᠤᠨ ᠬᠥᠭᠵᠢᠯᠲᠡ ᠪᠠᠨ ᠲᠦᠷᠭᠡᠳᠬᠡᠨ᠂ ᠳᠠᠪᠠᠨ ᠬᠦᠭᠡᠭᠡᠭᠰᠡᠨ ᠦᠷ ᠎ᠡ ᠪᠦᠲᠦᠮᠵᠢ ᠳᠤᠪᠤᠶᠢᠮ ᠎ᠠ ᠨᠢᠭᠡ ᠵᠢᠯ ᠪᠤᠯᠤᠨ ᠎ᠠ᠃ ᠨᠢᠭᠡ ᠵᠢᠯ ᠤᠨ ᠲᠤᠷᠰᠢ᠂ ᠰᠢ ᠶᠢᠨ ᠫᠢᠡᠭ ᠤᠨ ᠰᠢᠨ ᠎ᠠ ᠴᠠᠭ ᠦᠶ ᠎ᠡ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ ᠰᠢᠨᠵᠢᠯᠡᠬᠦ ᠤᠬᠠᠭᠠᠨᠴᠢ ᠵᠢᠯᠤᠭᠤᠳᠤᠯᠭ᠎ᠠ᠂ ᠨᠠᠮ ᠪᠠ ᠥᠪᠡᠷᠲᠡᠭᠡᠨ ᠵᠠᠰᠠᠬᠤ ᠤᠷᠤᠨ ᠤ ᠡᠷᠡᠰ ᠬᠠᠳᠠᠭᠤ ᠵᠢᠯᠤᠭᠤᠳᠤᠯᠭ᠋ ᠎ᠠ ᠳᠤᠤᠷ ᠎ᠠ᠂ ᠠᠶᠢᠮᠠᠭ ᠤᠨ ᠨᠠᠮ ᠤᠨ ᠬᠤᠷᠢᠶ ᠎ᠠ ᠪᠦᠬᠦ ᠠᠶᠢᠮᠠᠭ ᠤᠨ ᠡᠯ ᠎ᠡ ᠦᠨᠳᠦᠰᠦᠲᠡᠨ ᠤ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠰᠠᠬᠢᠨ ᠬᠠᠮᠠᠭᠠᠯᠠᠵᠤ ᠬᠠᠷᠢᠯᠴᠠᠨ ᠬᠠᠪᠰᠤᠷᠤᠯᠴᠠᠨ᠂ ᠪᠦᠯᠬᠦᠮᠳᠡᠨ ᠲᠡᠮᠡᠴᠡᠵᠦ᠂ ︽ᠲᠠᠪᠤ ᠶᠢ ᠨᠢᠭᠡ ᠴᠤᠭᠴᠠᠵᠢᠭᠤᠯᠬᠤ︾ ᠶᠡᠷᠦᠩᠬᠡᠢ ᠪᠠᠶᠢᠷᠢᠰᠢᠭᠤᠯᠤᠯᠲᠠ ᠶᠢ ᠨᠢᠭᠡᠲᠦᠯᠲᠡᠢ ᠲᠦᠯᠬᠢᠨ ᠠᠬᠢᠭᠤᠯᠵᠤ᠂ ︽ᠳᠦᠷᠪᠡᠨ ᠪᠦᠬᠦ ᠲᠠᠯ ᠎ᠠ︾ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠵᠤᠬᠢᠴᠠᠭᠤᠯᠤᠨ ᠲᠦᠯᠬᠢᠨ ᠠᠬᠢᠭᠤᠯᠵᠤ᠂ ︽ᠳᠦᠷᠪᠡᠨ ᠬᠦᠴᠦᠯᠡᠴᠡ︾᠂ ︽ᠭᠤᠷᠪᠠᠨ ᠪᠠᠲᠤᠲᠠᠢ︾ ᠵᠡᠷᠭᠡ ᠭᠤᠤᠯᠳᠠᠯᠭᠠᠲᠤ ᠡᠭᠦᠷᠭᠡ ᠶᠢᠨ ᠲᠤᠭᠤᠷᠢᠨ ᠳᠤ᠂ ᠬᠤᠪᠢᠰᠬᠠᠯᠲᠤ ᠤᠯᠠᠮᠵᠢᠯᠠᠯ ᠢᠶᠠᠨ ᠵᠠᠯᠭᠠᠮᠵᠢᠯᠠᠨ᠂ ᠪᠤᠬᠢᠷᠳᠤᠯ ᠦᠭᠡᠢ ᠬᠥᠭᠵᠢᠯᠲᠡ ᠶᠢ ᠵᠢᠯᠤᠭᠤᠳᠴᠦ᠂ ︽ᠭᠤᠷᠪᠠᠨ ᠶᠡᠭᠡ ᠳᠠᠶᠢᠯᠠᠯᠳᠤᠭᠠᠨ︾ ᠢ ᠭᠤᠶᠢᠪᠢᠰᠢ ᠦᠭᠡᠢ ᠰᠠᠶᠢᠲᠤᠷ ᠬᠢᠵᠦ᠂ ︽ᠭᠤᠷᠪᠠᠨ ᠶᠡᠭᠡ ᠠᠰᠠᠭᠤᠳᠠᠯ︾ ᠢ ᠬᠦᠴᠦᠯᠡᠨ ᠰᠢᠢᠳᠪᠦᠷᠢᠯᠡᠵᠦ᠂ ᠠᠵᠤ ᠠᠬᠤᠢ ᠨᠡᠶᠢᠭᠡᠮ ᠤᠨ ᠡᠯ ᠎ᠡ ᠲᠦᠷᠦᠯ ᠤᠨ ᠠᠵᠢᠯ ᠦᠢᠯᠡᠰ ᠰᠢᠨ ᠎ᠡ ᠠᠬᠢᠯᠲᠠ ᠰᠢᠨ ᠎ᠡ ᠠᠮᠵᠢᠯᠲᠠ ᠤᠯᠵᠤ᠂ ᠪᠦᠬᠦ ᠠᠶᠢᠮᠠᠭ ᠢᠶᠠᠷ ᠢᠶᠠᠨ ᠠᠵᠤ ᠠᠬᠤᠢ ᠴᠡᠴᠡᠭᠯᠡᠨ ᠬᠥᠭᠵᠢᠭᠰᠡᠨ᠂ ᠠᠮᠢ ᠠᠬᠤᠢ ᠰᠠᠶᠢᠨ ᠰᠠᠶᠢᠬᠠᠨ᠂ ᠦᠨᠳᠦᠰᠦᠲᠡᠨ ᠨᠦᠭᠦᠳ ᠪᠦᠯᠬᠦᠮᠳᠡᠯ ᠲᠠᠢ᠂ ᠨᠡᠶᠢᠭᠡᠮ ᠲᠤᠭᠲᠠᠭᠤᠨ᠂ ᠬᠢᠯᠢ ᠬᠢᠵᠠᠭᠠᠷ ᠠᠮᠤᠷ ᠠᠮᠤᠭᠤᠯᠠᠩ ᠠᠬᠤᠢ ᠪᠠᠶᠢᠳᠠᠯ ᠢ ᠪᠦᠷᠢᠯᠳᠦᠭᠦᠯᠦᠭᠰᠡᠨ ᠪᠠᠶᠢᠨ ᠎ᠠ᠃    ᠡᠨᠡ ᠵᠢᠯ᠂ ᠪᠢᠳᠡ ᠬᠥᠭᠵᠢᠯᠲᠡ ᠪᠤᠯ ᠨᠢᠭᠡᠳᠦᠭᠡᠷ ᠭᠡᠬᠦ ᠴᠢᠬᠤᠯᠠ ᠡᠭᠦᠷᠭᠡ ᠶᠢ ᠢᠮᠠᠭᠲᠠ ᠭᠤᠶᠢᠪᠢᠰᠢ ᠦᠭᠡᠢ ᠪᠠᠲᠤ ᠴᠡᠭᠡᠵᠢᠯᠡᠵᠦ᠂ ᠬᠥᠭᠵᠢᠯᠲᠡ ᠶᠢᠨ ᠰᠢᠨ ᠎ᠡ ᠤᠢᠢᠯᠠᠭᠠᠭᠳᠠᠬᠤᠨ ᠢ ᠪᠦᠬᠦ ᠲᠠᠯ ᠎ᠠ ᠪᠠᠷ ᠨᠠᠶᠢᠳᠠᠪᠤᠷᠢᠵᠢᠭᠤᠯᠵᠤ᠂ ᠬᠠᠨᠭ᠍ᠭᠠᠯᠭ᠎ᠠ ᠶᠢᠨ ᠲᠠᠯ ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠤᠶᠢᠪᠢᠰᠢ ᠦᠭᠡᠢ ᠲᠦᠯᠬᠢᠨ ᠠᠬᠢᠭᠤᠯᠵᠤ᠂ ᠰᠢᠨ ᠎ᠠ ᠬᠠᠭᠤᠴᠢᠨ ᠡᠨᠧᠷᠭᠢ ᠶᠢᠨ ᠰᠤᠯᠢᠯᠲᠠ ᠳᠤ ᠠᠩᠬᠠᠷᠤᠯ ᠢᠶᠠᠨ ᠲᠦᠪᠯᠡᠷᠡᠭᠦᠯᠵᠦ᠂ ᠪᠦᠬᠦ ᠬᠦᠴᠦᠨ ᠢᠶᠠᠷ ᠲᠦᠷᠦᠯ ᠵᠦᠢᠯ ᠢ ᠠᠳᠬᠤᠨ᠂ ᠪᠡᠯᠡ ᠤᠷᠤᠭᠤᠯᠤᠯᠲᠠ ᠶᠢ ᠠᠬᠢᠭᠤᠯᠵᠤ᠂ ᠤᠳᠤ ᠦᠶ ᠎ᠡ ᠶᠢᠨ ᠲᠠᠷᠢᠶᠠᠯᠠᠩ ᠮᠠᠯ ᠠᠵᠤ ᠠᠬᠤᠢ ᠶᠢ ᠶᠡᠭᠡ ᠬᠦᠴᠦᠨ ᠢᠶᠠᠷ ᠬᠥᠭᠵᠢᠭᠦᠯᠦᠨ᠂ ᠰᠢᠨ ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢ ᠲᠦᠯᠬᠢᠨ ᠠᠬᠢᠭᠤᠯᠬᠤ ᠶᠢ ᠲᠦᠷᠭᠡᠳᠬᠡᠵᠦ᠂ ᠤᠳᠤ ᠦᠶ ᠎ᠡ ᠶᠢᠨ ᠦᠢᠯᠡᠴᠢᠯᠡᠭᠡᠨ ᠤ ᠦᠢᠯᠡᠰ ᠢ ᠴᠡᠴᠡᠭᠯᠡᠨ ᠬᠥᠭᠵᠢᠭᠦᠯᠵᠦ᠂ ᠡᠨᠧᠷᠭᠢ ᠠᠷᠪᠢᠯᠠᠨ ᠤᠷᠴᠢᠨ ᠲᠤᠭᠤᠷᠢᠨ ᠢ ᠬᠠᠮᠠᠭᠠᠯᠠᠬᠤ᠂ ᠴᠡᠪᠡᠷ ᠡᠨᠧᠷᠭᠢ᠂ ᠠᠮᠢᠳᠤ ᠪᠤᠳᠠᠰ ᠤᠨ ᠡᠮ ᠨᠠᠶᠢᠷᠠᠬᠤ᠂ ᠤᠳᠤ ᠦᠶ ᠎ᠡ ᠶᠢᠨ ᠲᠤᠨᠤᠭ ᠲᠦᠬᠦᠭᠡᠷᠦᠮᠵᠢ ᠦᠢᠯᠡᠳᠬᠦ ᠵᠡᠷᠭᠡ ᠨᠢᠭᠡ ᠪᠦᠯᠦᠭ ᠲᠤᠮᠤ ᠲᠦᠷᠦᠯ ᠵᠦᠢᠯ ᠰᠠᠶᠢᠨ ᠲᠦᠷᠦᠯ ᠵᠦᠢᠯ ᠳᠠᠷᠠᠭᠠᠯᠠᠨ ᠬᠢᠨᠭ᠍ᠭᠠᠨ ᠠᠶᠢᠮᠠᠭ ᠲᠤ ᠨᠤᠳᠤᠭᠰᠢᠵᠦ᠂ ᠮᠠᠨ ᠤ ᠠᠶᠢᠮᠠᠭ ᠤᠨ ᠤᠯᠠᠨ ᠲᠦᠷᠦᠯ ᠤᠨ ᠠᠵᠤ ᠦᠢᠯᠡᠰ ᠤᠨ ᠬᠤᠭᠤᠰᠤᠨ ᠢ ᠨᠥᠬᠦᠪᠦᠷᠢᠯᠡᠵᠦ᠂ ᠪᠦᠬᠦ ᠠᠶᠢᠮᠠᠭ ᠤᠨ ᠠᠵᠤ ᠠᠬᠤᠢ ᠶᠢᠨ ᠶᠡᠷᠦᠩᠬᠡᠶᠢᠯᠡᠭᠰᠡᠨ ᠬᠢᠷᠢ ᠲᠥᠪᠰᠢᠨ ᠰᠢᠨ ᠎ᠡ ᠱᠠᠲᠤᠨ ᠳᠤ ᠳᠠᠪᠰᠢᠭᠰᠠᠨ ᠪᠠᠶᠢᠨ ᠎ᠠ᠃    ᠡᠨᠡ ᠵᠢᠯ᠂ ᠪᠢᠳᠡ ᠭᠤᠶᠢᠪᠢᠰᠢ ᠦᠭᠡᠢ ᠪᠠᠷ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠨᠡᠭᠡᠬᠡᠯᠲᠡ ᠶᠢ ᠥᠷᠭᠡᠳᠬᠡᠵᠦ᠂ ᠭᠤᠤᠯᠳᠠᠯᠭᠠᠲᠤ ᠬᠦᠷᠢᠶ ᠎ᠡ ᠴᠠᠷᠠᠭ᠎ᠠ ᠪᠠ ᠵᠠᠩᠭᠢᠯᠠᠭ᠎ᠠ ᠶᠢᠨ ᠭᠤᠭᠴᠤᠭ᠎ᠠ ᠶᠢ ᠭᠦᠨᠵᠡᠭᠡᠢ ᠲᠦᠯᠬᠢᠨ ᠠᠬᠢᠭᠤᠯᠵᠤ᠂ ︽ᠨᠢᠭᠡ ᠪᠦᠰᠡ ᠨᠢᠬᠡ ᠵᠠᠮ︾ ᠤᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠠᠭᠤᠰᠤᠯᠴᠠᠨ᠂ ᠰᠠᠨᠠᠭᠠᠴᠢᠯᠠᠭ᠋ ᠎ᠠ ᠠᠴᠠ ᠪᠠᠨ ᠵᠡᠭᠦᠨ ᠬᠤᠶᠢᠲᠤ ᠶᠢ ᠬᠥᠭᠵᠢᠭᠦᠯᠦᠨ ᠮᠠᠨᠳᠤᠭᠤᠯᠬᠤ ᠪᠠ ᠪᠡᠭᠡᠵᠢᠩ ᠲᠢᠶᠠᠨᠵᠢᠨ ᠾᠧᠪᠸᠢ ᠬᠠᠮᠵᠢᠯᠴᠠᠨ ᠬᠥᠭᠵᠢᠬᠦ ᠳᠤ ᠠᠭᠤᠰᠤᠯᠴᠠᠨ᠂ ᠤᠷᠢᠳ ᠬᠤᠵᠢᠳ ᠪᠡᠭᠡᠵᠢᠩ᠂ ᠱᠠᠨᠳᠦ᠋ᠡᠭ᠂ ᠱᠸᠡᠵᠧᠨ᠂ ᠬᠦᠬᠡᠬᠤᠲᠠ ᠵᠡᠷᠭᠡ ᠭᠠᠵᠠᠷ ᠲᠤ ᠠᠷᠠᠯᠵᠢᠶᠠᠴᠢᠨ ᠤᠷᠢᠵᠤ ᠪᠡᠯᠡ ᠲᠠᠲᠠᠬᠤ ᠪᠠ ᠡᠪᠦᠯ ᠤᠨ ᠤᠯᠠᠷᠢᠯ ᠤᠨ ᠵᠤᠭᠠᠴᠠᠯ ᠤᠨ ᠲᠠᠨᠢᠯᠴᠠᠭᠤᠯᠭ᠎ᠠ ᠶᠢᠨ ᠬᠤᠷᠠᠯ ᠡᠷᠬᠢᠯᠡᠵᠦ᠂ ᠷᠠᠰᠢᠶᠠᠨ ᠤ ᠤᠯᠠᠨ ᠤᠯᠤᠰ ᠤᠨ ᠶᠠᠷᠢᠶᠠᠨ ᠤ ᠲᠠᠪᠴᠠᠩ᠂ ᠷᠠᠰᠢᠶᠠᠨ ᠤᠯᠠᠨ ᠤᠯᠤᠰ ᠤᠨ ᠪᠡᠶ ᠎ᠡ ᠰᠤᠪᠢᠯᠠᠬᠤ ᠮᠦᠰᠦ ᠴᠠᠰᠤᠨ ᠤ ᠨᠠᠶᠢᠷ᠂ ᠡᠯ ᠎ᠡ ᠭᠠᠵᠠᠷ ᠤᠨ ᠬᠢᠨᠭ᠍ᠭᠠᠨᠴᠤᠳ ᠤᠨ ᠬᠤᠷᠠᠯ ᠵᠡᠷᠭᠡ ᠰᠢᠷᠢᠰ ᠴᠢᠬᠤᠯᠠ ᠶᠡᠭᠡ ᠠᠵᠢᠯᠯᠠᠭ᠎ᠠ ᠶᠢ ᠥᠷᠨᠢᠭᠦᠯᠵᠦ᠂ ᠪᠦᠬᠦ ᠠᠶᠢᠮᠠᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠤᠷᠮᠠᠰᠢᠭᠤᠯᠵᠦ᠂ ᠬᠢᠨᠭ᠍ᠭᠠᠨ ᠠᠶᠢᠮᠠᠭ ᠤᠨ ᠬᠥᠭᠵᠢᠯᠲᠠ ᠶᠢᠨ ᠤᠷᠤᠨ ᠵᠠᠢ ᠨᠡᠩ ᠠᠭᠤᠳᠠᠮ ᠪᠤᠯᠵᠠᠢ᠃    ᠡᠨᠡ ᠵᠢᠯ᠂ ᠪᠢᠳᠡ ᠠᠷᠠᠳ ᠲᠦᠮᠡᠨ ᠢᠶᠠᠷ ᠭᠤᠤᠯ ᠪᠤᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠢᠮᠠᠭᠲᠠ ᠪᠠᠷᠢᠮᠲᠠᠯᠠᠵᠤ᠂ ᠪᠦᠬᠦ ᠠᠶᠢᠮᠠᠭ ᠤᠨ ᠬᠦᠴᠦᠨ ᠢ ᠬᠠᠮᠲᠤᠳᠬᠠᠨ᠂ ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠬᠤ ᠳᠠᠶᠢᠯᠠᠯᠳᠤᠭᠠᠨ ᠢ ᠪᠠᠲᠤᠲᠠᠢ ᠲᠦᠯᠬᠢᠨ ᠠᠬᠢᠭᠤᠯᠵᠤ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠲᠠ ᠶᠢ ᠪᠦᠬᠦ ᠲᠠᠯ ᠎ᠠ ᠪᠠᠷ ᠴᠢᠩᠭᠠᠳᠬᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ ᠎ᠡ ᠦᠵᠡᠭᠦᠯᠬᠦ ᠠᠶᠢᠮᠠᠭ ᠢ ᠡᠭᠦᠳᠦᠨ ᠪᠠᠶᠢᠭᠤᠯᠬᠤ ᠦᠷ ᠎ᠡ ᠪᠦᠲᠦᠮᠵᠢ ᠶᠢ ᠲᠠᠰᠤᠷᠠᠯᠲᠠ ᠦᠭᠡᠢ ᠪᠠᠲᠤᠳᠬᠠᠵᠤ᠂ ᠰᠤᠷᠭᠠᠨ ᠬᠥᠮᠦᠵᠢᠯ ᠰᠢᠨᠵᠢᠯᠡᠬᠦ ᠤᠬᠠᠭᠠᠨ᠂ ᠡᠮ ᠡᠮᠨᠡᠯᠭᠡ ᠡᠷᠡᠭᠦᠯ ᠬᠠᠮᠠᠭᠠᠯᠠᠯ᠂ ᠰᠤᠶᠤᠯ ᠪᠡᠶ ᠎ᠡ ᠲᠠᠮᠢᠷ ᠵᠡᠷᠭᠡ ᠨᠡᠶᠢᠭᠡᠮ ᠤᠨ ᠠᠵᠤ ᠦᠢᠯᠡᠰ ᠤᠨ ᠳᠤᠲᠠᠭᠤᠳᠠᠯ ᠢ ᠨᠥᠬᠦᠪᠦᠷᠢᠯᠡᠵᠦ᠂ ᠨᠡᠶᠢᠭᠡᠮ ᠤᠨ ᠪᠠᠲᠤᠯᠠᠪᠤᠷᠢ ᠶᠢᠨ ᠰᠢᠰᠲᠧᠮ ᠢ ᠲᠡᠭᠦᠯᠳᠡᠷᠵᠢᠭᠦᠯᠦᠨ᠂ ᠠᠵᠢᠯ ᠤᠯᠭᠤᠵᠤ ᠦᠢᠯᠡᠰ ᠪᠤᠰᠬᠠᠬᠤ ᠶᠢ ᠪᠦᠬᠦ ᠬᠦᠴᠦᠨ ᠢᠶᠠᠷ ᠲᠦᠯᠬᠢᠨ ᠠᠬᠢᠭᠤᠯᠵᠤ᠂ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠤᠷᠤᠯᠭ᠎ᠠ ᠶᠢᠨ ᠨᠡᠮᠡᠭᠳᠡᠯ ᠤᠨ ᠠᠷᠭ᠎ᠠ ᠵᠠᠮ ᠢ ᠲᠠᠰᠤᠷᠠᠯᠲᠠ ᠦᠭᠡᠢ ᠦᠷᠭᠡᠳᠬᠡᠨ᠂ ᠡᠯ ᠎ᠡ ᠦᠨᠳᠦᠰᠦᠲᠡᠨ ᠤ ᠠᠷᠠᠳ ᠲᠦᠮᠡᠨ ᠤ ᠬᠦᠷᠳᠡᠮᠵᠢ ᠶᠢᠨ ᠲᠦᠷᠦᠭᠳᠡᠯ᠂ ᠵᠤᠯ ᠵᠢᠷᠭᠠᠯᠲᠤ ᠲᠦᠷᠦᠭᠳᠡᠯ᠂ ᠠᠮᠤᠷ ᠲᠥᠪᠰᠢᠨ ᠤ ᠲᠦᠷᠦᠭᠳᠡᠯ ᠢᠯᠡᠷᠬᠡᠢ ᠲᠡᠭᠡᠭᠰᠢᠯᠡᠵᠡᠢ᠃     ᠡᠨᠡ ᠵᠢᠯ᠂ ᠪᠢᠳᠡ ᠪᠦᠬᠦ ᠲᠠᠯ ᠎ᠠ ᠪᠠᠷ ᠨᠠᠮ ᠢ ᠴᠢᠩᠭ᠎ᠠ ᠵᠠᠰᠠᠬᠤ ᠶᠢ ᠢᠮᠠᠭᠲᠠ ᠪᠠᠷᠢᠮᠲᠠᠯᠠᠨ᠂ ᠰᠢᠨ ᠎ᠡ ᠴᠠᠭ ᠦᠶ ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠢ ᠱᠠᠭᠠᠷᠳᠠᠯᠭ᠎ᠠ ᠶᠢ ᠪᠦᠬᠦ ᠲᠠᠯ ᠎ᠠ ᠪᠠᠷ ᠲᠤᠤᠱᠯᠠᠭᠤᠯᠵᠤ᠂ ᠬᠤᠪᠢᠰᠬᠠᠯᠲᠤ ᠤᠯᠠᠮᠵᠢᠯᠠᠯ ᠢ ᠵᠠᠯᠭᠠᠮᠵᠢᠯᠠᠬᠤ ᠢᠨᠵᠧᠨᠧᠷᠢᠩ ᠢ ᠪᠠᠲᠤᠲᠠᠢ ᠥᠷᠨᠢᠭᠦᠯᠦᠨ᠂ ᠬᠥᠮᠦᠨ ᠰᠤᠩᠭᠤᠬᠤ ᠬᠥᠮᠦᠨ ᠬᠡᠷᠡᠭᠯᠡᠬᠦ ᠵᠥᠪ ᠤᠨᠤᠪᠴᠢᠲᠠᠢ ᠬᠦᠲᠦᠯᠦᠮᠵᠢ ᠶᠢ ᠪᠠᠲᠤᠲᠠᠢ ᠪᠠᠶᠢᠭᠤᠯᠤᠨ᠂ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠭᠠᠳᠬᠠᠬᠤ ᠶᠢ ᠬᠦᠴᠦᠲᠡᠢ ᠥᠷᠨᠢᠭᠦᠯᠵᠦ᠂ ᠢᠯᠵᠢᠷᠠᠯ ᠢ ᠡᠰᠡᠷᠭᠦᠴᠡᠬᠦ ᠲᠡᠮᠡᠴᠡᠯ ᠢ ᠭᠦᠨᠵᠡᠭᠡᠢ ᠲᠦᠯᠬᠢᠨ ᠠᠬᠢᠭᠤᠯᠤᠨ᠂ ᠨᠠᠮ ᠤᠨ ᠪᠠᠶᠢᠭᠤᠯᠤᠯᠲᠠ ᠤᠨ ᠰᠢᠨᠵᠢᠯᠡᠬᠦ ᠤᠬᠠᠭᠠᠨᠴᠢ ᠬᠢᠷᠢ ᠲᠥᠪᠰᠢᠨ ᠲᠠᠰᠤᠷᠠᠯᠲᠠ ᠦᠭᠡᠢ ᠳᠡᠭᠡᠭᠰᠢᠯᠡᠵᠦ᠂ ᠪᠦᠬᠦ ᠠᠶᠢᠮᠠᠭ ᠲᠤ ᠠᠷᠢᠭᠤᠨ ᠴᠢᠭᠡᠴᠢ᠂ ᠠᠵᠢᠯ ᠬᠢᠵᠦ ᠦᠢᠯᠡᠰ ᠪᠤᠰᠬᠠᠬᠤ ᠰᠠᠶᠢᠨ ᠰᠠᠶᠢᠬᠠᠨ ᠠᠭᠤᠷ ᠠᠮᠢᠰᠬᠤᠯ ᠪᠤᠢ ᠪᠤᠯᠵᠠᠢ᠃    ᠡᠳᠡᠭᠡᠷ ᠠᠮᠵᠢᠯᠲᠠ ᠨᠢ᠂ ᠰᠢ ᠶᠢᠨ ᠫᠢᠡᠭ ᠤᠨ ᠰᠢᠨ ᠎ᠡ ᠴᠠᠭ ᠦᠶ ᠎ᠡ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠤᠳᠤᠷᠢᠳᠤᠯᠭ᠎ᠠ ᠶᠢᠨ ᠦᠷ ᠎ᠡ ᠪᠦᠲᠦᠭᠡᠯ᠂ ᠰᠢ ᠶᠢᠨ ᠫᠢᠡᠭ ᠨᠥᠬᠦᠷ ᠢᠶᠠᠷ ᠭᠤᠤᠯ ᠪᠤᠯᠭᠠᠭᠰᠠᠨ ᠨᠠᠮ ᠤᠨ ᠲᠥᠪ ᠬᠤᠷᠢᠶᠠᠨ ᠤ ᠭᠤᠶᠢᠪᠢᠰᠢ ᠦᠭᠡᠢ ᠤᠳᠤᠷᠢᠳᠤᠯᠭ᠎ᠠ᠂ ᠲᠤᠳᠤᠨᠤᠰᠤᠭ ᠬᠠᠯᠠᠮᠵᠢᠯᠠᠯ ᠤᠨ ᠦᠷ ᠎ᠡ ᠪᠦᠲᠦᠭᠡᠯ᠂ ᠥᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ ᠎ᠠ ᠵᠠᠰᠠᠭ ᠤᠨ ᠤᠷᠳᠤᠨ ᠤ ᠵᠥᠪ ᠤᠨᠤᠪᠴᠢᠲᠠᠢ ᠤᠳᠤᠷᠢᠳᠤᠯᠭ᠎ᠠ᠂ ᠪᠦᠬᠦ ᠬᠦᠴᠦᠨ ᠢᠶᠠᠷ ᠳᠡᠮᠵᠢᠭᠰᠡᠨ ᠤ ᠦᠷ ᠎ᠡ ᠪᠦᠲᠦᠭᠡᠯ᠂ ᠪᠦᠬᠦ ᠠᠶᠢᠮᠠᠭ ᠤᠨ ᠡᠯ ᠎ᠡ ᠦᠨᠳᠦᠰᠦᠲᠡᠨ ᠤ ᠠᠷᠠᠳ ᠲᠦᠮᠡᠨ ᠤ ᠨᠢᠭᠡ ᠰᠡᠳᠬᠢᠯ ᠢᠶᠠᠷ ᠪᠦᠯᠬᠦᠮᠳᠡᠡ ᠰᠢᠷᠭᠠᠭᠤ ᠠᠵᠢᠯᠯᠠᠭᠰᠠᠨ ᠤ ᠦᠷ ᠎ᠡ ᠳ᠋ᠦᠡᠭ ᠪᠤᠯᠤᠨ ᠎ᠠ᠃ ᠬᠠᠮᠲᠤ ᠳᠤᠨᠢ᠂ ᠪᠢᠳᠡ ᠪᠠᠰᠠ ᠮᠠᠨ ᠤ ᠠᠶᠢᠮᠠᠭ ᠤᠨ ᠬᠥᠭᠵᠢᠯᠲᠠ ᠳᠤ ᠲᠤᠩ ᠤᠯᠠᠨ ᠠᠰᠠᠭᠤᠳᠠᠯ ᠤᠷᠤᠰᠢᠵᠤ ᠪᠠᠶᠢᠭ᠎ᠠ ᠶᠢ ᠲᠤᠳᠤᠷᠬᠠᠢ ᠤᠯᠵᠤ ᠮᠡᠳᠡᠨ᠂ ᠤᠷᠤᠭᠰᠢᠯᠠᠬᠤ ᠵᠠᠮ ᠳᠤ ᠮᠠᠰᠢ ᠤᠯᠠᠨ ᠠᠶᠤᠯ ᠲᠥᠭᠰᠢᠭᠦᠷᠢ ᠦᠷᠢᠰᠦᠯᠳᠦᠭᠡᠨ ᠳᠤ ᠲᠤᠯᠭᠠᠷᠠᠵᠤ᠂ ᠤᠯᠠᠨ ᠲᠠᠯ ᠎ᠠ ᠶᠢᠨ ᠠᠵᠢᠯ ᠢᠶᠠᠨ ᠰᠠᠶᠢᠲᠤᠷ ᠬᠢᠵᠦ ᠳᠡᠶᠢᠯᠦᠭᠰᠡᠨ ᠦᠭᠡᠢ ᠭᠠᠵᠠᠷ ᠪᠠᠰᠠ ᠪᠠᠭ᠎ᠠ ᠪᠤᠰᠤ ᠪᠤᠢ᠂ ᠡᠷᠬᠡᠪᠰᠢ ᠪᠠᠶᠢᠯᠳᠤᠬᠤ ᠪᠤᠳᠤᠯᠭ᠎ᠠ ᠶᠢᠨ ᠲᠤᠭᠳᠠᠯ ᠬᠦᠴᠦᠨ ᠢ ᠪᠠᠷᠢᠮᠳᠠᠯᠠᠨ ᠲᠠᠷᠢᠬᠢ ᠲᠤᠯᠤᠭᠠᠢ ᠪᠠᠨ ᠬᠤᠷᠴᠠ ᠰᠡᠷᠭᠡᠭ ᠪᠠᠶᠢᠯᠭᠠᠵᠦ᠂ ᠨᠡᠩ ᠰᠢᠷᠭᠠᠭᠤ ᠲᠡᠮᠡᠴᠡᠨ ᠴᠢᠷᠮᠠᠶᠢᠬᠤ ᠬᠡᠷᠡᠭᠲᠡᠢ᠃    ᠬᠠᠭᠤᠴᠢᠨ ᠵᠢᠯ ᠳᠤ ᠠᠮᠵᠢᠯᠳᠠ ᠲᠦᠭᠦᠷᠡᠩ᠂ ᠰᠢᠨ ᠎ᠡ ᠵᠢᠯ ᠳᠤ ᠳᠠᠬᠢᠨ ᠤᠷᠤᠭᠰᠢᠯᠠᠨ ᠎ᠠ᠃ 2019 ᠤᠨ ᠪᠤᠯ ᠰᠢᠨ ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠤᠢ᠂ ᠴᠢᠨᠡᠭᠡᠯᠢᠭ ᠨᠡᠶᠢᠭᠡᠮ ᠢ ᠪᠦᠬᠦ ᠲᠠᠯ ᠎ᠠ ᠪᠠᠷ ᠪᠠᠶᠢᠭᠤᠯᠬᠤ ᠵᠠᠩᠬᠢᠯᠠᠭ᠎ᠠ ᠶᠢᠨ ᠨᠢᠭᠡ ᠵᠢᠯ ᠮᠦᠨ᠃ ᠰᠢᠨ ᠎ᠡ ᠨᠢᠭᠡᠨ ᠵᠢᠯ ᠳᠤ᠂ ᠪᠢᠳᠡ ᠰᠢ ᠶᠢᠨ ᠫᠢᠡᠭ ᠤᠨ ᠰᠢᠨ ᠎ᠡ ᠴᠠᠭ ᠦᠶ ᠎ᠡ ᠶᠢᠨ ᠳᠤᠮᠳᠠᠳᠤ ᠤᠯᠤᠰ ᠤᠨ ᠤᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠲᠤᠭᠲᠠᠭᠤᠨ ᠢᠶᠠᠷ ᠤᠷᠤᠭᠰᠢᠯᠠᠬᠤ ᠠᠵᠢᠯ ᠤᠨ ᠶᠡᠷᠦᠩᠬᠡᠢ ᠬᠦ᠋ᠭ ᠠᠶᠠᠰ ᠢ ᠪᠠᠷᠢᠮᠲᠠᠯᠠᠵᠤ᠂ ᠰᠢᠨ ᠎ᠡ ᠬᠥᠭᠵᠢᠯᠲᠡ ᠶᠢᠨ ᠤᠢᠯᠠᠭᠠᠭᠳᠠᠬᠤᠨ ᠢ ᠪᠠᠷᠢᠮᠲᠠᠯᠠᠵᠤ᠂ ︽ᠲᠠᠪᠤ ᠶᠢ ᠨᠢᠭᠡ ᠴᠤᠭᠴᠠᠵᠢᠭᠤᠯᠬᠤ ︾ ᠶᠡᠷᠦᠩᠬᠡᠢ ᠪᠠᠶᠢᠷᠢᠯᠠᠭᠤᠯᠤᠯᠲᠠ ᠶᠢ ᠨᠢᠭᠡᠲᠦᠯᠲᠡᠢ ᠲᠦᠯᠬᠢᠨ ᠠᠬᠢᠭᠤᠯᠵᠤ᠂ ︽ᠳᠦᠷᠪᠡᠨ ᠪᠦᠬᠦ ᠲᠠᠯ ᠎ᠠ︾ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠵᠤᠬᠢᠴᠠᠭᠤᠯᠤᠨ ᠲᠦᠯᠬᠢᠨ ᠠᠬᠢᠭᠤᠯᠵᠤ᠂ ᠬᠠᠨᠭ᠍ᠭᠠᠯᠭ᠎ᠠ ᠶᠢᠨ ᠲᠠᠯ ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠪᠠᠷ ᠭᠤᠤᠯ ᠱᠤᠭᠤᠮ ᠪᠤᠯᠭᠠᠵᠤ᠂ ᠴᠢᠨᠠᠷ ᠰᠠᠶᠢᠲᠠᠢ ᠬᠥᠭᠵᠢᠯᠲᠡ ᠶᠢᠨ ᠱᠠᠭᠠᠷᠳᠠᠯᠭ᠎ᠠ ᠶᠢ ᠪᠦᠬᠦ ᠲᠠᠯ ᠎ᠠ ᠪᠠᠷ ᠨᠠᠶᠢᠳᠠᠪᠤᠷᠢᠵᠢᠭᠤᠯᠵᠤ᠂ ᠲᠤᠭᠲᠠᠭᠤᠨ ᠢᠶᠠᠷ ᠨᠡᠮᠡᠭᠳᠡᠭᠦᠯᠦᠨ᠂ ᠥᠭᠡᠷᠡᠴᠢᠯᠡᠯᠲᠡ ᠶᠢ ᠠᠬᠢᠭᠤᠯᠵᠤ᠂ ᠪᠦᠲᠦᠴᠡ ᠶᠢ ᠲᠤᠬᠢᠷᠠᠭᠤᠯᠤᠨ᠂ ᠠᠷᠠᠳ ᠢ ᠬᠠᠷᠠᠭᠠᠯᠵᠠᠵᠤ᠂ ᠠᠶᠤᠯ ᠲᠥᠭᠰᠢᠭᠦᠷᠢ ᠶᠢ ᠰᠡᠷᠭᠡᠶᠢᠯᠡᠨ᠂ ︽ᠭᠤᠷᠪᠠᠨ ᠶᠡᠭᠡ ᠳᠠᠶᠢᠯᠠᠯᠳᠤᠭᠠᠨ︾ ᠢ ᠡᠷᠬᠡᠪᠰᠢ ᠰᠠᠶᠢᠲᠤᠷ ᠬᠢᠵᠦ᠂ ︽ᠭᠤᠷᠪᠠᠨ ᠶᠡᠭᠡ ᠠᠰᠠᠭᠤᠳᠠᠯ︾ ᠢ ᠪᠦᠬᠦ ᠬᠦᠴᠦᠨ ᠢᠶᠠᠷ ᠰᠢᠢᠳᠪᠦᠷᠢᠯᠡᠵᠦ᠂ ᠮᠠᠨ ᠤ ᠠᠶᠢᠮᠠᠭ ᠢᠶᠠᠨ ᠪᠤᠬᠢᠷᠳᠤᠯ ᠦᠭᠡᠢ ᠬᠥᠭᠵᠢᠯᠲᠡ ᠶᠢᠨ ᠳᠠᠭᠠᠭᠤᠯᠤᠭᠴᠢ ᠤᠷᠤᠨ᠂ ᠬᠦᠳᠡᠭᠡ ᠲᠤᠰᠬᠤᠨ ᠢ ᠮᠠᠨᠳᠤᠭᠤᠯᠤᠨ ᠬᠥᠭᠵᠢᠭᠦᠯᠬᠦ ᠶᠢᠨ ᠳᠠᠭᠤᠷᠢᠶᠠᠯ ᠤᠷᠤᠨ᠂ ᠠᠮᠢ ᠠᠬᠤᠢ ᠶᠢᠨ ᠪᠤᠯᠪᠠᠰᠤᠨ ᠤ ᠵᠢᠱᠢᠶ ᠎ᠡ ᠦᠵᠡᠭᠦᠯᠬᠦ ᠤᠷᠤᠨ᠂ ᠦᠨᠳᠦᠰᠦᠲᠡᠨ ᠤ ᠪᠦᠯᠬᠦᠮᠳᠡᠯ ᠤᠨ ᠵᠢᠱᠢᠶᠡᠴᠢ ᠤᠷᠤᠨ᠂ ᠨᠠᠮ ᠢ ᠴᠢᠩᠭ᠎ᠠ ᠵᠠᠰᠠᠬᠤ ᠶᠢᠨ ᠨᠠᠶᠢᠳᠠᠪᠤᠷᠢᠲᠠᠢ ᠤᠷᠤᠨ ᠪᠤᠯᠭᠠᠬᠤ ᠪᠠᠷ ᠴᠢᠷᠮᠠᠶᠢᠵᠤ᠂ ᠠᠷᠠᠳ ᠨᠢ ᠪᠠᠶᠠᠨ ᠠᠶᠢᠮᠠᠭ ᠨᠢ ᠬᠦᠴᠦᠷᠬᠡᠭ᠂ ᠳᠠᠪᠠᠨ ᠬᠦᠭᠡᠭᠡᠬᠦ ᠴᠤ᠋ ᠰᠢᠨ ᠎ᠡ ᠬᠠᠭᠤᠳᠠᠰᠤ ᠶᠢ ᠪᠢᠴᠢᠭᠯᠡᠬᠦ ᠪᠠᠷ ᠬᠦᠴᠦᠯᠡᠨ ᠴᠢᠷᠮᠠᠶᠢᠰᠤᠭᠠᠢ᠃    ᠰᠢᠷᠭᠠᠭᠤ ᠲᠡᠮᠡᠴᠡᠬᠦ ᠪᠠᠷ ᠳᠠᠮᠵᠢᠨ ᠵᠤᠯ ᠵᠢᠷᠭᠠᠯ ᠢ ᠤᠯᠳᠠᠭ᠂ ᠪᠤᠳᠠᠲᠠᠢ ᠠᠵᠢᠯᠯᠠᠪᠠᠯ ᠰᠠᠶ᠋ᠢ ᠭᠡᠭᠡᠨ ᠰᠠᠷᠠᠭᠤᠯ ᠢᠷᠡᠭᠡᠳᠦᠢ ᠲᠠᠢ ᠪᠤᠯᠤᠨ ᠎ᠠ᠃ ᠪᠢᠳᠡ ᠭᠠᠷ ᠭᠠᠷ ᠢᠶᠠᠨ ᠬᠤᠯᠪᠤᠨ᠂ ᠴᠠᠭ ᠮᠦᠴᠡ ᠲᠠᠢ ᠤᠷᠤᠯᠳᠤᠬᠤ ᠬᠠᠳᠠᠨ ᠵᠤᠷᠢᠭ ᠂ ᠮᠠᠩᠯᠠᠢ ᠳᠤᠨᠢ ᠭᠠᠷᠬᠤ ᠪᠠᠷ ᠮᠡᠷᠡᠶᠢᠨ ᠴᠢᠷᠮᠠᠶᠢᠬᠤ ᠡᠷᠴᠢ ᠬᠦᠴᠦ᠂ ᠵᠤᠷᠢᠭᠲᠠᠢ ᠰᠡᠳᠬᠢᠨ ᠵᠤᠷᠢᠭᠲᠠᠢ ᠲᠤᠷᠰᠢᠬᠤ ᠰᠢᠭᠤᠷᠬᠠᠢ ᠬᠦᠴᠦ ᠪᠠᠷ ᠴᠠᠭ ᠦᠶ ᠎ᠡ ᠠᠴᠠ ᠬᠢᠨᠭ᠍ᠭᠠᠨ ᠤ ᠠᠷᠠᠳ ᠲᠦᠮᠡᠨ ᠳᠤ ᠲᠤᠰᠢᠶᠠᠭᠰᠠᠨ ᠡᠭᠦᠷᠭᠡ ᠪᠠ ᠬᠠᠷᠢᠭᠤᠴᠠᠯᠭ᠎ᠠ ᠶᠢ ᠡᠭᠦᠷᠭᠡᠯᠡᠵᠦ᠂ ᠡᠳᠦᠷ ᠪᠤᠯᠭᠠᠨ ᠰᠠᠶᠢᠲᠤᠷ ᠠᠵᠢᠯᠯᠠᠨ᠂ ᠤᠴᠢᠷ ᠪᠤᠯᠭᠠᠨ ᠢ ᠪᠠᠲᠤᠲᠠᠢ ᠰᠠᠶᠢᠲᠤᠷ ᠬᠢᠵᠦ᠂ ᠬᠢᠨᠭ᠍ᠭᠠᠨ ᠠᠶᠢᠮᠠᠭ ᠤᠨ ᠡᠯ ᠎ᠡ ᠲᠦᠷᠦᠯ ᠤᠨ ᠠᠵᠢᠯ ᠦᠢᠯᠡᠰ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠲᠦᠯᠬᠢᠨ ᠠᠬᠢᠭᠤᠯᠵᠤ᠂ ᠦᠵᠡᠰᠭᠦᠯᠡᠩᠲᠦ ᠰᠠᠶᠢᠬᠠᠨ ᠥᠪᠦᠷ ᠮᠤᠩᠭᠤᠯ ᠢ ᠪᠦᠲᠦᠭᠡᠨ ᠪᠠᠶᠢᠭᠤᠯᠵᠤ᠂ ᠠᠭᠤᠤ ᠶᠡᠭᠡ ᠳᠤᠮᠳᠠᠳᠤ ᠶᠢᠨ ᠬᠦᠰᠡᠯ ᠢᠶᠠᠨ ᠲᠡᠷᠭᠡᠯᠰᠢᠭᠦᠯᠬᠦ ᠳᠤ ᠨᠡᠩ ᠶᠡᠭᠡ ᠬᠤᠪᠢ ᠨᠡᠮᠡᠷᠢ ᠪᠠᠨ ᠦᠵᠡᠭᠦᠯᠦᠶ ᠎ᠡ︕ᠠᠭᠤᠤ ᠶᠡᠭᠡ ᠡᠬᠡ ᠤᠯᠤᠰ ᠤᠨ ᠴᠡᠴᠡᠭᠯᠡᠨ ᠬᠥᠭᠵᠢᠬᠦ ᠶᠢ ᠵᠦᠩᠨᠡᠨ ᠪᠡᠯᠭᠡᠳᠡᠶ᠎ᠠ︕    ᠪᠦᠬᠦ ᠠᠶᠢᠮᠠᠭ ᠤᠨ ᠡᠯ ᠎ᠡ ᠦᠨᠳᠦᠰᠦᠲᠡᠨ ᠤ ᠠᠷᠠᠳ ᠲᠦᠮᠡᠨ ᠤ ᠵᠤᠯ ᠵᠢᠷᠭᠠᠯᠳᠠᠢ᠂ ᠡᠷᠡᠬᠦᠯ ᠡ᠊ᠡᠭᠭᠡ ᠪᠠᠶᠢᠬᠤ ᠶᠢ ᠵᠦᠡᠭᠨᠡᠶ᠎ᠠ︕
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号