ᠤᠯᠠᠭᠠᠨᠬᠤᠳᠠ ᠷᠠᠰᠢᠶᠠᠨ ᠬᠠᠶᠢᠯᠠᠷ ᠮᠠᠨᠵᠤᠤᠷ ᠤᠨ ᠵᠤᠭᠠᠴᠠᠯ ᠤᠨ ᠨᠢᠭᠡ ᠴᠤᠨᠨᠴᠠᠵᠢᠯᠠᠯᠳᠠ ᠶᠢ ᠲᠦᠯᠬᠢᠨ ᠠᠬᠢᠭᠤᠯᠬᠤ ᠬᠤᠷᠠᠯ ᠷᠠᠰᠢᠶᠠᠨ ᠬᠤᠳᠠ ᠳᠤ ᠶᠠᠪᠤᠨᠨᠳᠠᠪᠠ
ᠨᠡᠶᠢᠲᠡᠯᠡᠭᠰᠡᠨ ᠴᠠᠭ᠄
2019-01-03
    ᠠᠷᠪᠠᠨ ᠭᠤᠷᠪᠠᠳᠤᠭᠠᠷ ᠬᠤᠭᠤᠴᠠᠭᠠᠨ ᠤ ᠲᠤᠮᠳᠠᠳᠦ ᠤᠯᠤᠰ • ᠷᠠᠰᠢᠶᠠᠨ ᠤ ᠤᠯᠠᠨ ᠤᠯᠤᠰ ᠤᠨ ᠪᠡᠶ᠎ᠠ ᠰᠤᠪᠢᠯᠠᠬᠤ ᠮᠦᠰᠦ ᠴᠠᠰᠤᠨ ᠤ ᠨᠠᠶᠢᠷ ᠶᠠᠪᠤᠨᠨᠳᠠᠬᠤ ᠬᠤᠭᠤᠴᠠᠭᠠᠨ ᠳᠤ ᠤᠯᠠᠭᠠᠨᠬᠤᠳᠠ ᠷᠠᠰᠢᠶᠠᠨ ᠬᠠᠶᠢᠯᠠᠷ ᠮᠠᠨᠵᠤᠤᠷ ᠤᠨ ᠵᠤᠭᠠᠴᠠᠯ ᠤᠨ ᠨᠢᠭᠡ ᠴᠤᠨᠨᠴᠠᠵᠢᠯᠠᠯᠳᠠ ᠶᠢ ᠲᠦᠯᠬᠢᠨ ᠠᠬᠢᠭᠤᠯᠬᠤ ᠬᠤᠷᠠᠯ 12 ᠰᠠᠷ ᠎ᠠ ᠶᠢᠨ 21 ᠤ ᠡᠳᠦᠷ ᠷᠠᠰᠢᠶᠠᠨ ᠬᠤᠳᠠ ᠳᠤ  ᠶᠠᠪᠤᠨᠨᠳᠠᠪᠠ᠃ ᠬᠤᠷᠠᠯ ᠳᠤ ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠭᠡᠨ ᠤ ᠭᠡᠰᠢᠭᠦᠨ᠂ ᠬᠦᠮᠦᠨ ᠠᠮᠠ ᠡᠬᠢ ᠪᠠᠶᠠᠯᠢᠭ ᠤᠷᠴᠢᠨ ᠲᠤᠭᠤᠷᠢᠨ ᠤ ᠵᠦᠪᠯᠡᠯ ᠤᠨ ᠲᠡᠳ᠋ ᠡᠷᠬᠢᠯᠡᠭᠴᠢ ᠷᠧᠨ ᠶᠠ ᠫᠢᠩ᠂ ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠭᠦᠯᠡᠭᠴᠢ ᠠᠢ ᠯᠢ ᠬᠤᠸᠠ ᠵᠢᠴᠢ ᠦᠪᠡᠷᠳᠡᠭᠡᠨ ᠵᠠᠰᠠᠬᠤ ᠤᠷᠤᠨ ᠤ ᠬᠠᠮᠢᠶ᠎ᠠ ᠪᠦᠬᠦᠢ ᠪᠠᠶᠢᠭᠤᠯᠤᠯᠭ᠎ᠠ ᠨᠢᠭᠡᠴᠡ ᠶᠢᠨ ᠬᠠᠷᠢᠭᠤᠴᠠᠯᠭᠠᠳᠠᠨ᠂ ᠬᠦᠯᠤᠨ ᠪᠦᠢᠷ ᠬᠤᠳᠠ᠂ ᠬᠢᠩᠭᠠᠨ ᠠᠶᠢᠮᠠᠭ ᠤᠨ ᠬᠠᠮᠢᠶ᠎ᠠ ᠪᠦᠬᠦᠢ ᠤᠳᠤᠷᠢᠳᠤᠯᠭ᠎ᠠ ᠬᠤᠷᠠᠯ ᠳᠤ ᠤᠷᠤᠯᠴᠬᠠᠰᠠᠨ ᠪᠠᠶᠢᠨ᠎ᠠ᠃        ᠲᠤᠰ ᠤᠳᠠᠭᠠᠨ ᠤ ᠬᠢᠩᠭᠠᠨ ᠠᠶᠢᠮᠠᠭ᠂ ᠬᠦᠯᠤᠨ ᠪᠤᠶᠢᠷ ᠬᠤᠳᠠ ᠶᠢᠨ ᠵᠤᠭᠠᠴᠠᠯ ᠤᠨ ᠨᠢᠭᠡ ᠴᠤᠨᠨᠴᠠᠵᠢᠯᠠᠯᠳᠠ ᠶᠢ ᠲᠦᠯᠬᠢᠨ ᠠᠬᠢᠭᠤᠯᠬᠤ ᠬᠤᠷᠠᠯ ᠨᠢ ᠬᠦᠯᠤᠨ ᠪᠤᠶᠢᠷ ᠬᠤᠳᠠ ᠪᠤᠯᠤᠨ ᠬᠢᠩᠭᠠᠨ ᠠᠶᠢᠮᠠᠭ ᠤᠨ ᠰᠤᠶᠤᠯ ᠵᠤᠭᠠᠴᠠᠯ ᠢᠶᠠᠨ ᠬᠠᠮᠳᠤᠪᠠᠷ ᠬᠦᠭᠵᠢᠭᠦᠯᠵᠦ᠂ ᠰᠢᠯᠢᠳᠡᠭ ᠡᠬᠢ ᠪᠠᠶᠠᠯᠢᠭ ᠢᠶᠠᠨ ᠬᠠᠮᠳᠤᠪᠠᠷ ᠬᠤᠪᠢᠶᠠᠯᠴᠠᠬᠤ ᠳᠤ ᠴᠢᠬᠤᠯᠠ ᠠᠵᠠ ᠲᠤᠬᠢᠶᠠᠯ ᠪᠤᠯᠤᠨᠨᠰᠠᠨ ᠪᠠᠶᠢᠨ᠎ᠠ᠃         ᠷᠧᠨ ᠶᠠ ᠫᠢᠩ᠂ ᠬᠢᠩᠭᠠᠨ ᠠᠶᠢᠮᠠᠭ ᠪᠠ ᠬᠦᠯᠤᠨ ᠪᠤᠶᠢᠷ ᠪᠤᠯ ᠮᠠᠨ ᠤ ᠦᠪᠤᠷ ᠮᠤᠩᠭᠤᠯ ᠤᠨ ᠭᠤᠤᠯ ᠵᠤᠭᠠᠴᠠᠯ ᠤᠨ ᠤᠷᠤᠨ ᠪᠠᠶᠢᠵᠦ᠂ ᠤᠯᠠᠭᠠᠨᠬᠤᠳᠠ ᠷᠠᠰᠢᠶᠠᠨ ᠬᠠᠶᠢᠯᠠᠷ ᠮᠠᠨᠵᠤᠤᠷ ᠤᠨ ᠵᠤᠭᠠᠴᠠᠯ ᠤᠨ ᠨᠢᠭᠡ ᠴᠤᠨᠨᠴᠠᠵᠢᠯᠠᠯᠳᠠ ᠨᠢ ᠬᠠᠮᠤᠭ ᠴᠢᠬᠤᠯᠠ᠃ ᠨᠢᠭᠡ ᠴᠤᠨᠨᠴᠠᠵᠢᠭᠤᠯᠬᠤ ᠨᠢ ᠵᠤᠭᠠᠴᠬᠠᠰᠠᠤᠨ ᠲᠤ ᠤᠯᠠᠨ ᠲᠦᠷᠦᠯ ᠤᠨ ᠲᠦᠭᠦᠮ ᠨᠦᠬᠦᠴᠡᠯ ᠬᠠᠩᠭᠠᠵᠦ ᠲᠡᠶᠢᠯᠬᠦ ᠮᠦᠷᠳᠡᠭᠡᠨ ᠵᠤᠭᠠᠴᠬᠠᠰᠠᠤᠨ ᠤᠨ ᠠᠩᠬᠠᠷᠤᠯ ᠢ ᠲᠠᠳᠠᠵᠦ ᠴᠢᠳᠠᠨ᠎ᠠ᠃ ᠤᠯᠠᠭᠠᠨᠬᠤᠳᠠ ᠷᠠᠰᠢᠶᠠᠨ ᠬᠠᠶᠢᠯᠠᠷ ᠮᠠᠨᠵᠤᠤᠷ ᠤᠨ ᠵᠤᠭᠠᠴᠠᠯ ᠨᠢ ᠪᠦᠷ ᠦᠪᠡᠷ ᠦᠪᠡᠷ ᠤᠨ ᠤᠨᠴᠠᠯᠢᠭ ᠲᠠᠢ ᠪᠠᠶᠢᠵᠦ᠂ ᠨᠢᠭᠡ ᠴᠤᠨᠨᠴᠠᠵᠢᠭᠤᠯᠬᠤ ᠨᠢ ᠭᠠᠵᠠᠷ ᠤᠷᠤᠨ ᠤ ᠵᠤᠭᠠᠴᠠᠯ ᠤᠨ ᠦᠢᠯᠡᠰ ᠢ ᠬᠠᠮᠳᠤᠪᠠᠷ ᠬᠦᠭᠵᠢᠭᠦᠯᠬᠦ ᠶᠢᠨ ᠰᠠᠭᠤᠷᠢ ᠪᠤᠯᠤᠨ᠎ᠠ ᠭᠡᠪᠡ᠃          ᠠᠢ ᠯᠢ ᠬᠤᠸᠠ ᠴᠢᠬᠤᠯᠠᠴᠢᠯᠠᠬᠤ ᠳᠠᠭᠠᠨ᠂ ᠤᠯᠠᠭᠠᠨᠬᠤᠳᠠ ᠷᠠᠰᠢᠶᠠᠨ ᠬᠠᠶᠢᠯᠠᠷ ᠮᠠᠨᠵᠤᠤᠷ ᠤᠨ ᠵᠤᠭᠠᠴᠠᠯ ‍ᠦᠨ‌ᠨᠢᠭᠡ ᠴᠤᠨᠨᠴᠠᠵᠢᠯᠠᠯᠳᠠ ᠨᠢ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠨᠠᠶᠢᠳᠠᠪᠦᠷᠢᠵᠢᠭᠤᠯᠤᠨ ᠲᠤᠤᠱᠯᠠᠭᠤᠯᠵᠦ᠂ ᠤᠯᠤᠰ ᠤᠨ ᠭᠠᠳᠠᠨ᠎ᠠ ᠲᠤᠳᠤᠨᠠᠬᠢ ᠨᠡᠷᠡᠳᠦ ᠵᠤᠭᠠᠴᠠᠯ ᠤᠨ ᠵᠤᠷᠢᠯᠳᠠᠳᠤ ᠭᠠᠵᠠᠷ ᠢ ᠪᠦᠳᠦᠭᠡᠨ ᠪᠠᠶᠢᠭᠤᠯᠬᠤ ᠬᠠᠷᠠᠯᠳᠠ ᠪᠠᠨ ᠪᠡᠶᠡᠯᠡᠭᠦᠯᠬᠦ ᠶᠢᠨ ᠭᠤᠤᠯ ᠠᠷᠭ᠎ᠠ ᠬᠡᠯᠪᠡᠷᠢ ᠪᠤᠯᠤᠨ᠎ᠠ᠃ ᠵᠤᠭᠠᠴᠠᠯ ᠤᠨ ᠲᠦᠯᠦᠪᠯᠡᠭᠡ ᠶᠢ ᠨᠢᠭᠡ ᠴᠤᠨᠨᠴᠠᠵᠢᠭᠤᠯᠬᠤ᠂ ᠲᠦᠷᠦᠯ ᠵᠦᠢᠯ ᠪᠡᠯᠡ ᠮᠦᠩᠬᠦ ᠶᠢ ᠨᠢᠭᠡ ᠴᠤᠨᠨᠴᠠᠵᠢᠭᠤᠯᠬᠤ᠂ ᠰᠠᠭᠤᠷᠢ ᠲᠦᠭᠦᠭᠡᠷᠦᠮᠵᠢ ᠶᠢ ᠨᠢᠭᠡ ᠴᠤᠨᠨᠴᠠᠵᠢᠭᠤᠯᠬᠤ᠂ ᠨᠡᠷᠡᠳᠦ ᠲᠡᠮᠳᠡᠭ ᠢ ᠡᠭᠦᠳᠦᠨ ᠪᠠᠶᠢᠭᠤᠯᠬᠤ ᠶᠢ ᠨᠢᠭᠡ ᠴᠤᠨᠨᠴᠠᠵᠢᠭᠤᠯᠬᠤ᠂ ᠠᠮᠢ ᠠᠬᠤᠢ ᠶᠢ ᠰᠠᠶᠢᠵᠢᠷᠠᠭᠤᠯᠬᠤ ᠶᠢ ᠨᠢᠭᠡ ᠴᠤᠨᠨᠴᠠᠵᠢᠭᠤᠯᠬᠤ᠂ ᠬᠠᠮᠢᠶᠠᠷᠤᠯᠳᠠ ᠪᠠ ᠦᠢᠯᠡᠴᠢᠯᠡᠭᠡ ᠪᠠᠨ ᠨᠢᠭᠡ ᠴᠤᠨᠨᠴᠠᠵᠢᠭᠤᠯᠬᠤ ᠶᠢ ᠲᠦᠯᠬᠢᠨ ᠠᠬᠢᠭᠤᠯᠬᠤ ᠬᠡᠷᠡᠭᠳᠠᠢ ᠭᠡᠪᠡ᠃     ᠬᠤᠷᠠᠯ ᠳᠤ᠂ ᠠᠶᠢᠮᠠᠬ ᠤᠨ ᠨᠠᠮ ᠤᠨ ᠬᠤᠷᠢᠶᠠᠨ ᠤ ᠱᠦᠵᠢ ᠵᠠᠩ ᠡᠸ᠋ᠨ ᠬᠤᠢ ᠠᠴᠠ ᠮᠠᠠ ᠤ ᠠᠶᠢᠮᠠᠭ ᠤᠨ ᠡᠯ᠎ᠠ ᠬᠤᠰᠢᠭᠤ ᠰᠢᠶᠠᠨ ᠬᠤᠳᠠ ᠶᠢᠨ ᠵᠤᠭᠠᠴᠠᠯ ᠤᠨ ᠬᠦᠭᠵᠢᠯᠳᠡ ᠶᠢ ᠪᠦᠬᠦ ᠲᠠᠯ᠎ᠠ ᠪᠠᠷ ᠲᠠᠨᠢᠯᠴᠠᠭᠤᠯᠬᠤ ᠶᠢᠨ ᠬᠠᠮᠳᠦ ᠵᠤᠭᠠᠴᠠᠯ ᠤᠨ ᠤᠷᠤᠨ ᠪᠦᠰᠡ ᠶᠢᠨ ᠬᠠᠮᠳᠤᠷᠠᠯᠴᠠᠭ᠎ᠠ ᠪᠤᠯ ᠤᠳᠤᠬᠢ ᠴᠠᠭ ᠤᠨ ᠵᠤᠭᠠᠴᠠᠯ ᠤᠨ ᠦᠢᠯᠡᠰ ᠤᠨ ᠬᠦᠭᠵᠢᠯᠳᠡ ᠵᠢᠢᠨ ᠬᠠᠨᠳᠤᠰᠢ ᠪᠤᠯᠤᠨ᠎ᠠ᠃ ᠦᠩᠭᠡᠷᠡᠭᠰᠡᠨ ᠵᠢᠯ ᠳᠤ᠂ ᠬᠢᠩᠭᠠᠨ ᠠᠶᠢᠮᠠᠭ᠂ ᠬᠦᠯᠤᠨ ᠪᠤᠶᠢᠷ᠂ ᠮᠠᠨᠵᠤᠤᠷ ᠬᠤᠳᠠ ᠶᠢᠨ ᠬᠠᠮᠳᠤ ᠶᠢᠨ ᠵᠤᠭᠠᠴᠠᠯ ᠤᠨ ᠤᠷᠤᠯᠭ᠎ᠠ 824 ᠳ᠋ᠦᠩᠰᠢᠭᠤᠷ ᠲᠤᠯᠵᠦ᠂ ᠡᠨᠡ ᠨᠢ ᠪᠦᠬᠦ ᠤᠷᠤᠨ ᠤ ᠵᠤᠭᠠᠴᠠᠯ ᠤᠨ ᠨᠡᠶᠢᠳᠡ ᠤᠷᠤᠯᠭ᠎ᠠ ᠶᠢᠨ 1/4 ᠶᠢ ᠡᠵᠡᠯᠡᠵᠠᠢ᠃ ᠤᠷᠤᠨ ᠪᠦᠰᠡ ᠶᠢᠨ ᠴᠢᠨᠠᠷ ᠲᠠᠢ ᠵᠤᠭᠠᠴᠠᠯ ᠢ ᠬᠦᠭᠵᠢᠭᠦᠯᠬᠦ ᠳᠤ ᠵᠤᠭᠠᠴᠠᠯ ᠤᠨ ᠡᠬᠢ ᠪᠠᠶᠠᠯᠢᠭ ᠤᠨ ᠲᠠᠪᠠᠭᠤᠯᠢᠭ ᠢᠶᠠᠨ ᠬᠠᠮᠳᠤᠪᠠᠷ ᠠᠰᠢᠨᠨᠯᠠᠵᠦ᠂ ᠡᠬᠢ ᠪᠠᠶᠠᠯᠢᠭ ᠤᠨ ᠲᠤᠳᠠᠭᠤᠳᠠᠯ ᠢᠶᠠᠨ ᠬᠠᠷᠢᠯᠴᠠᠨ ᠨᠦᠬᠦᠪᠦᠷᠢᠯᠡᠵᠦ᠂ ᠵᠤᠭᠠᠴᠠᠯ ᠤᠨ ᠦᠢᠯᠡᠴᠢᠯᠡᠭᠡᠨ ᠤ  ᠰᠢᠰᠲ᠋ᠧᠮ ᠢᠶᠠᠨ ᠪᠦᠷᠢᠨ ᠲᠡᠬᠦᠯᠳᠡᠷᠵᠢᠭᠦᠯᠵᠦ᠂ ᠲᠠᠪᠠᠭᠤᠯᠢᠭ ᠡᠬᠢ ᠪᠠᠶᠠᠯᠢᠭ ᠢᠶᠠᠨ ᠬᠠᠷᠢᠯᠴᠠᠨ ᠬᠤᠪᠢᠶᠠᠯᠴᠠᠵᠦ᠂ ᠵᠠᠬ᠎ᠠ ᠲᠡᠯᠭᠡᠭᠦᠷ ᠢ ᠬᠠᠮᠳᠤᠪᠠᠷ ᠪᠠᠶᠢᠭᠤᠯᠵᠦ᠂ ᠵᠤᠭᠠᠴᠬᠠᠰᠠᠤᠨ ᠢ ᠬᠠᠷᠢᠯᠴᠠᠨ ᠤᠨᠨᠳᠤᠵᠦ᠂ ᠠᠰᠢᠭ ᠤᠷᠤᠯᠭ᠎ᠠ ᠪᠠᠨ ᠬᠠᠮᠳᠤᠪᠠᠷ ᠡᠳ᠋ᠯᠡᠬᠦ ᠶᠢ ᠪᠡᠶᠡᠯᠡᠭᠦᠯᠵᠦ᠂ ᠤᠯᠠᠭᠠᠨᠬᠤᠳᠠ ᠷᠠᠰᠢᠶᠠᠨ ᠬᠠᠶᠢᠯᠠᠷ ᠮᠠᠨᠵᠤᠤᠷ ᠤᠨ ᠵᠤᠭᠠᠴᠠᠯ ᠢ ᠤᠯᠤᠰ ᠤᠨ ᠭᠠᠳᠠᠨ᠎ᠠ ᠲᠤᠳᠤᠨᠠᠬᠢ ᠨᠡᠷᠡᠳᠦ ᠲᠡᠮᠳᠡᠭ ᠪᠤᠯᠭᠠᠬᠤ ᠬᠠᠷᠠᠯᠳᠠ ᠪᠠᠨ ᠬᠠᠮᠳᠤᠪᠠᠷ ᠪᠡᠶᠡᠯᠡᠭᠦᠯᠵᠦ᠂ ᠤᠷᠤᠨ ᠪᠦᠰᠡ ᠶᠢᠨ ᠵᠤᠭᠠᠴᠠᠯ ᠤᠨ ᠬᠦᠭᠵᠢᠯᠳᠡ ᠶᠢ ᠰᠢᠨ᠎ᠠ ᠲᠦᠪᠰᠢᠨ ᠳᠤ ᠭᠠᠷᠭᠠᠬᠤ ᠶᠢ ᠬᠦᠰᠡᠶ᠎ᠠ ᠭᠡᠵᠡᠢ᠃ ᠬᠤᠷᠠᠯ ᠤᠨ ᠬᠠᠮᠤᠭ ᠰᠡᠭᠦᠯ ᠳᠤ ᠡᠯ᠎ᠠ ᠲᠠᠯ᠎ᠠ ᠶᠢᠨ ᠬᠢᠨ ᠬᠡᠯᠡᠯᠴᠡᠭᠡᠷ ᠤᠨ ᠪᠢᠴᠢᠭ ᠲᠤ ᠭᠠᠵᠠᠷ ᠤᠨ ᠦᠰᠦᠭ ᠵᠢᠷᠤᠵᠦ᠂ ︽ᠬᠦᠯᠤᠨ ᠪᠤᠶᠢᠷ ᠬᠤᠳᠠ ᠶᠢᠨ ᠵᠠᠰᠠᠭ ᠤᠨ ᠤᠷᠳᠤᠨ᠂ ᠬᠢᠩᠭᠠᠨ ᠠᠶᠢᠮᠠᠬ ᠤᠨ ᠵᠠᠬᠢᠷᠭ᠎ᠠ ᠠᠴᠠ ︵ᠤᠯᠠᠭᠠᠨᠬᠤᠳᠠ ᠷᠠᠰᠢᠶᠠᠨ ᠬᠠᠶᠢᠯᠠᠷ ᠮᠠᠨᠵᠤᠤᠷ ︶ ᠵᠤᠭᠠᠴᠠᠯ ᠢ ᠨᠢᠭᠡ ᠴᠤᠨᠨᠴᠠᠵᠢᠭᠤᠯᠬᠤ ᠵᠢᠴᠢ ᠰᠠᠭᠤᠷᠢ ᠲᠦᠬᠦᠭᠡᠷᠦᠮᠵᠢ ᠶᠢ ᠬᠠᠷᠢᠯᠴᠠᠨ ᠨᠡᠪᠳᠡᠷᠡᠯᠴᠡᠬᠦᠯᠬᠦ ᠲᠦᠢᠮᠤᠴᠢᠯᠬᠠᠰᠠᠨ ᠲᠤᠬᠢᠷᠠᠯᠴᠠᠭᠠᠨ ᠤ ᠬᠡᠯᠡᠯᠴᠡᠭᠡᠷ︾᠂ ︽ᠬᠠᠶᠢᠯᠠᠷ ᠠᠴᠠ ᠷᠠᠰᠢᠶᠠᠨ ᠬᠦᠷᠬᠦ ᠵᠡᠷᠭᠡ ᠭᠠᠵᠠᠷ ᠤᠷᠤᠨ ᠤ ᠤᠷᠤᠨ ᠪᠦᠰᠨ ᠶᠢᠨ ᠴᠢᠨᠠᠷᠳᠠᠢ ᠠᠭᠠᠷ ᠤᠨ ᠠᠶᠠᠯᠠᠯ ᠤᠨ ᠱᠤᠭᠤᠮ ᠢ ᠨᠡᠭᠡᠭᠡᠬᠦ ᠬᠡᠯᠡᠯᠴᠡᠭᠡᠷ︾᠂ ︽ᠦᠪᠤᠷ ᠮᠤᠩᠭᠤᠯ ᠤᠨ ᠶᠡᠭᠡ ᠬᠢᠩᠭᠠᠨ ᠳᠠᠪᠠᠭᠠᠨ ᠤ ᠷᠠᠰᠢᠶᠠᠨ ᠵᠤᠭᠠᠴᠠᠯ ᠢ ᠬᠦᠭᠵᠢᠭᠦᠯᠬᠦ ᠬᠢᠵᠠᠭᠠᠷᠳᠦ ᠬᠠᠷᠢᠭᠤᠴᠠᠯᠭᠠᠳᠦ ᠺᠤᠮᠫᠠᠨᠢ ᠪᠤᠯᠤᠨ ᠬᠦᠯᠤᠨ ᠪᠤᠶᠢᠷ ᠵᠤᠭᠠᠴᠠᠯ ᠤᠨ ᠦᠢᠯᠡᠰ ᠤᠨ ᠪᠦᠯᠦᠭᠯᠡᠯ ᠤᠨ ᠬᠤᠪᠢ ᠤᠷᠤᠭᠤᠯᠤᠨᠨᠰᠠᠨ ᠺᠤᠮᠫᠠᠨᠢ ᠶᠢᠨ ᠡᠪᠤᠯ ᠤᠨ ᠤᠯᠠᠷᠢᠯ ᠤᠨ ᠵᠤᠭᠠᠴᠠᠯ ᠤᠨ ᠬᠠᠮᠳᠤᠷᠠᠯᠴᠠᠭᠠᠨ ᠤ ᠬᠡᠯᠡᠯᠴᠡᠭᠡᠷ︾ ᠵᠡᠷᠭᠡ ᠳᠤ ᠭᠠᠷ ᠤᠨ ᠦᠰᠦᠭ ᠵᠢᠷᠤᠵᠠᠢ᠃ ᠵᠤᠭᠠᠴᠠᠯ ᠢ ᠨᠢᠭᠡ ᠴᠤᠨᠨᠴᠠᠵᠢᠭᠤᠯᠬᠤ ᠬᠡᠯᠡᠯᠴᠡᠭᠡᠷ ᠲᠤ ᠭᠤᠤᠯᠳᠠᠭᠤ᠄ ᠤᠷᠤᠨ ᠪᠦᠰᠨ ᠶᠢᠨ ᠵᠤᠭᠠᠴᠠᠯ ᠢ ᠨᠢᠭᠡ ᠴᠤᠨᠨᠴᠠᠵᠢᠭᠤᠯᠵᠦ᠂ ᠵᠤᠭᠠᠴᠬᠠᠰᠠᠤᠨ ᠤᠨ ᠠᠩᠬᠠᠷᠤᠯ ᠢ ᠲᠠᠳ᠋ᠬᠠᠰᠠᠨ ᠵᠤᠭᠠᠴᠠᠯ ᠤᠨ ᠱᠤᠭᠤᠮ ᠢ ᠪᠠᠶᠢᠭᠤᠯᠵᠦ᠂ ᠬᠠᠮᠳᠤᠷᠠᠯᠴᠠᠭᠠᠨ ᠤ ᠬᠦᠭᠵᠢᠯᠳᠡ ᠶᠢᠨ ᠰᠢᠰᠲᠧᠮ ᠢ ᠪᠠᠶᠢᠭᠤᠯᠵᠦ᠂ ᠵᠢᠯ ᠪᠦᠷᠢ ᠵᠤᠭᠠᠴᠬᠠᠰᠠᠤᠨ ᠢ 100 ᠳᠦᠮᠡᠨ ᠬᠦᠮᠦᠨ ᠤᠳᠠᠭ᠎ᠠ ᠠᠴᠠ ᠢᠯᠡᠭᠦᠦ ᠬᠠᠷᠢᠯᠴᠠᠨ ᠬᠦᠷᠭᠡᠬᠦ ᠶᠢ ᠪᠠᠳᠤᠯᠠᠨ᠎ᠠ᠃ ᠬᠡᠷᠡᠭᠴᠡᠭᠡ ᠱᠬᠭᠠᠷᠳᠠᠯᠭ᠎ᠠ ᠶᠢ ᠦᠨᠳᠦᠰᠦᠯᠡᠨ ᠵᠤᠭᠠᠴᠠᠯ ᠤᠨ ᠲᠤᠰᠬᠠᠢ ᠲᠡᠷᠭᠡ ᠶᠢ ᠨᠡᠪᠳᠡᠷᠡᠭᠦᠯᠬᠦ ᠪᠤᠯᠤᠨ᠎ᠠ᠃ ᠭᠤᠤᠯᠳᠠᠭᠤ ᠮᠠᠨᠵᠤᠤᠷ — ᠬᠠᠶᠢᠯᠠᠷ — ᠷᠠᠰᠢᠶᠠᠨ ᠬᠦᠷᠬᠦ ᠭᠠᠯᠳᠦ ᠲᠡᠷᠭᠡᠨ ᠤ ᠱᠤᠭᠤᠮ ᠢ ᠨᠡᠪᠳᠡᠷᠡᠭᠦᠯᠵᠦ᠂ ᠴᠠᠩᠴᠦ᠋ᠨ ᠠᠴᠠ ᠷᠠᠰᠢᠶᠠᠨ ᠬᠦᠷᠴᠦ ᠪᠠᠶᠢᠭ᠎ᠠ ᠭᠠᠯᠳᠦ ᠲᠡᠷᠭᠡ ᠶᠢᠨ ᠮᠠᠨᠵᠤᠤᠷ ᠬᠤᠳᠠ ᠳᠤ ᠬᠦᠷᠬᠦ ᠱᠤᠭᠤᠮ ᠢ ᠨᠡᠭᠡᠭᠡᠵᠦ᠂ ᠮᠦᠭᠳᠡᠨ ᠠᠴᠠ ᠷᠠᠰᠢᠶᠠᠨ ᠬᠦᠷᠬᠦ ᠭᠠᠯᠳᠦ ᠲᠡᠷᠭᠡ ᠶᠢ ᠬᠠᠶᠢᠯᠠᠷ᠂ ᠮᠠᠨᠵᠤᠤᠷ ᠲᠤ ᠬᠦᠷᠭᠡᠵᠦ᠂ ᠡᠭᠦᠨ ᠤ ᠬᠠᠮᠳᠦ ᠬᠤᠷᠳᠤᠴᠠ ᠶᠢ ᠨᠢ ᠪᠠᠰᠠ ᠲᠦᠷᠭᠡᠤᠡᠭᠡᠬᠦ ᠪᠤᠯᠤᠨ᠎ᠠ᠃ ᠬᠠᠶᠢᠯᠠᠷ ᠠᠴᠠ ᠷᠠᠰᠢᠶᠠᠨ ᠬᠦᠷᠬᠦ ᠠᠭᠠᠷ ᠤᠨ ᠠᠶᠠᠯᠠᠯ ᠤᠨ ᠱᠤᠭᠤᠮ ᠢ ᠨᠡᠭᠡᠭᠡᠬᠦ ᠬᠡᠯᠡᠯᠴᠡᠭᠡᠷ ᠨᠢ ᠭᠤᠤᠯᠳᠠᠭᠤ 2019 ᠤᠨ ᠤ 1 ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠬᠦ ᠪᠠᠷ ᠪᠠᠶᠢᠵᠦ᠂ ᠤᠳᠤᠬᠠᠨ ᠤ ᠲᠦᠯᠦᠪᠯᠡᠭᠰᠡᠨ ᠢᠶᠠᠷ ᠭᠠᠷᠠᠭ ᠪᠦᠷᠢ ᠬᠤᠶᠠᠷ ᠤᠳᠠᠭ᠎ᠠ ᠨᠡᠪᠳᠡᠷᠡᠭᠦᠯᠬᠦ ᠪᠠᠷ ᠪᠠᠶᠢᠨ᠎ᠠ᠃           ᠦᠪᠤᠷ ᠮᠤᠩᠭᠤᠯ ᠤᠨ ᠶᠡᠭᠡ ᠬᠢᠩᠭᠠᠨ ᠳᠠᠪᠠᠭᠠᠨ ᠤ ᠷᠠᠰᠢᠶᠠᠨ ᠵᠤᠭᠠᠴᠠᠯ ᠢ ᠬᠦᠭᠵᠢᠭᠦᠯᠬᠦ ᠬᠢᠵᠠᠭᠠᠷᠳᠦ ᠬᠠᠷᠢᠭᠤᠴᠠᠯᠭᠠᠳᠦ ᠺᠤᠮᠫᠠᠨᠢ ᠪᠤᠯᠤᠨ ᠬᠦᠯᠤᠨ ᠪᠤᠶᠢᠷ ᠵᠤᠭᠠᠴᠠᠯ ᠤᠨ ᠦᠢᠯᠡᠰ ᠤᠨ ᠪᠦᠯᠦᠭᠯᠡᠯ ᠤᠨ ᠬᠤᠪᠢ ᠤᠷᠤᠭᠤᠯᠤᠨᠨᠰᠠᠨ ᠺᠤᠮᠫᠠᠨᠢ ᠶᠢᠨ ᠡᠪᠤᠯ ᠤᠨ ᠤᠯᠠᠷᠢᠯ ᠤᠨ ᠵᠤᠭᠠᠴᠠᠯ ᠤᠨ ᠬᠠᠮᠳᠤᠷᠠᠯᠴᠠᠭᠠᠨ ᠤ ᠬᠡᠯᠡᠯᠴᠡᠭᠡᠷ ᠨᠢ ᠬᠤᠶᠠᠷ ᠠᠶᠢᠮᠠᠭ ᠬᠤᠳᠠ ᠶᠢᠨ ᠬᠠᠷᠢᠯᠴᠠᠭ᠎ᠠ ᠪᠠᠷ ᠲᠠᠮᠵᠢᠨ᠂ ᠷᠠᠰᠢᠶᠠᠨ ᠪᠤᠯᠤᠨ ᠬᠦᠯᠤᠨ ᠪᠤᠶᠢᠷ ᠤᠨ ᠡᠪᠤᠯ ᠤᠨ ᠤᠯᠠᠷᠢᠯ ᠤᠨ ᠵᠤᠭᠠᠴᠠᠯ ᠢ ᠬᠠᠮᠳᠤᠪᠠᠷ ᠬᠦᠭᠵᠢᠭᠦᠯᠵᠦ᠂ ᠨᠦᠬᠦᠷᠰᠡᠭ ᠬᠠᠷᠢᠴᠠᠭ᠎ᠠ ᠪᠠᠶᠢᠭᠤᠯᠤᠨ ᠵᠤᠭᠠᠴᠠᠯ ᠤᠨ ᠵᠠᠬ᠎ᠠ ᠲᠡᠯᠭᠡᠭᠦᠷ ᠢᠶᠠᠨ ᠬᠠᠮᠳᠤᠪᠠᠷ ᠡᠳ᠋ᠯᠡᠵᠦ᠂ ᠷᠠᠰᠢᠶᠠᠨ ᠪᠤᠯᠤᠨ ᠬᠦᠯᠤᠨ ᠪᠤᠶᠢᠷ ᠤᠨ ᠡᠪᠤᠯ ᠤᠨ ᠤᠯᠠᠷᠢᠯ ᠤᠨ ᠵᠤᠭᠠᠴᠠᠯ ᠤᠨ ᠨᠡᠷᠡᠳᠦ ᠲᠡᠮᠳᠡᠭ ᠢ ᠡᠭᠦᠤᠡᠬᠦ ᠶᠢ ᠲᠦᠯᠬᠢᠨ ᠠᠬᠢᠭᠤᠯᠬᠤ ᠪᠤᠯᠤᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号