ᠬᠤᠳᠠ ᠶᠢᠨ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠤᠯ ᠲᠤᠭᠤᠶᠢᠯᠠᠩ ᠤᠨ ᠠᠷᠪᠠᠨ ᠬᠤᠶᠠᠳᠤᠭᠠᠷ ᠤᠳᠠᠭ᠎ᠠ ︵ᠦᠷᠭᠡᠳᠭᠡᠯ︶ ᠶᠢᠨ ᠰᠣᠷᠣᠯᠴᠠᠯᠭ᠎ᠠ ᠶᠢᠨ ᠬᠤᠷᠠᠯ ᠢ ᠷᠠᠰᠢᠶᠠᠨ ᠬᠤᠳᠠ ᠳᠤ ᠬᠤᠷᠠᠯᠳᠤᠪᠠ
ᠨᠡᠶᠢᠲᠡᠯᠡᠭᠰᠡᠨ ᠴᠠᠭ᠄
2019-01-03
     12 ᠰᠠᠷ᠎ᠠ 26 ᠤ ᠡᠳᠦᠷ᠂ ᠬᠤᠳᠠ ᠶᠢᠨ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠤᠯ ᠲᠤᠭᠤᠶᠢᠯᠠᠩ ᠤᠨ ᠠᠷᠪᠠᠨ ᠬᠤᠶᠠᠳᠤᠭᠠᠷ ᠤᠳᠠᠭ᠎ᠠ ︵ᠦᠷᠭᠡᠳᠭᠡᠯ︶ ᠶᠢᠨ ᠰᠣᠷᠣᠯᠴᠠᠯᠭ᠎ᠠ ᠶᠢᠨ ᠬᠤᠷᠠᠯ ᠢ ᠷᠠᠰᠢᠶᠠᠨ ᠬᠤᠳᠠ ᠳᠤ ᠬᠤᠷᠠᠯᠳᠤᠵᠦ᠂  ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠲᠤᠬᠠᠢ ᠲᠦᠪ ᠤᠨ ᠪᠠᠶᠢᠯᠳᠤᠬᠤ ᠪᠤᠳᠤᠯᠭ᠎ᠠ ᠶᠢᠨ ᠠᠭᠤᠯᠭ᠎ᠠ ᠶᠢ ᠲᠤᠰᠬᠠᠢ ᠰᠡᠳᠦᠪ ᠪᠤᠯᠭᠠᠨ ᠰᠣᠷᠤᠯᠴᠠᠨ ᠨᠠᠶᠢᠳᠠᠪᠤᠷᠢᠵᠢᠭᠤᠯᠤᠨ᠎ᠠ᠃ ᠬᠤᠳᠠ ᠶᠢᠨ ᠤᠯᠤᠰ ᠲᠦᠷᠦ ᠶᠢᠨ ᠵᠦᠪᠯᠡᠯᠭᠡᠨ ᠤ ᠲᠡᠷᠢᠭᠦᠯᠡᠭᠴᠢ ᠵᠧᠦ ᠰᠢᠤᠸᠠᠢ ᠸᠧᠨ᠂ ᠦᠪᠡᠷᠳᠡᠭᠡᠨ ᠵᠠᠰᠠᠬᠤ ᠤᠷᠤᠨ ᠤ ᠨᠠᠮ  ᠤᠨ ᠬᠤᠷᠢᠶ᠎ᠠ ᠶᠢᠨ ᠷᠠᠰᠢᠶᠠᠨ ᠬᠤᠳᠠ ᠶᠢᠨ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠤᠨ ᠶᠡᠷᠦᠩᠬᠡᠢ ᠠᠩᠬᠢ ᠳᠤ ᠲᠤᠮᠢᠯᠠᠨ ᠰᠠᠭᠤᠭ᠎ᠠ ᠠᠩᠭᠢ ᠶᠢᠨ ᠲᠠᠷᠤᠭ᠎ᠠ᠂ ᠨᠠᠮ ᠤᠨ ᠬᠤᠷᠢᠶ᠎ᠠ ᠶᠢᠨ ᠲᠡᠳ᠋ ᠱᠦᠵᠢ ᠰᠥᠸᠧ ᠢ ᠵᠢᠶᠦ᠋ᠨ᠂ ᠬᠤᠳᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ᠂  ᠤᠬᠠᠭᠤᠯᠬᠤ ᠬᠡᠯᠳᠡᠰ  ᠤᠨ ᠲᠠᠷᠤᠭ᠎ᠠ ᠵᠦ ᠦ᠋ ᠵᠤᠸᠠᠩ ᠵᠡᠷᠭᠡ ᠭᠤᠤᠯ ᠲᠤᠭᠤᠶᠢᠯᠠᠩ ᠤᠨ ᠭᠡᠰᠢᠭᠦᠨ ᠬᠤᠷᠠᠯ ᠳᠤ ᠤᠷᠤᠯᠴᠠᠪᠠ᠃ ᠬᠤᠳᠠ  ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ᠂ ᠤᠬᠠᠭᠤᠯᠬᠤ ᠬᠡᠯᠳᠡᠰ ᠤᠨ ᠲᠠᠷᠤᠭ᠎ᠠ ᠵᠦ ᠦ᠋ ᠵᠤᠸᠠᠩ ᠬᠤᠷᠠᠯ ᠢ ᠡᠷᠬᠢᠯᠡᠵᠦ᠂ ᠡᠯ᠎ᠡ ᠪᠠᠯᠭᠠᠰᠤ ᠵᠡᠭᠡᠯᠢ᠂ ᠰᠠᠯᠠᠭ᠎ᠠ ᠲᠤᠪᠴᠢᠶᠠᠨ ᠤ ᠬᠠᠷᠢᠭᠤᠴᠠᠯᠭᠠᠳᠠᠨ ᠨᠦᠬᠦᠷ ᠨᠡᠶᠢᠳᠡ 100 ᠭᠠᠷᠤᠢ ᠬᠦᠮᠦᠰ ᠬᠤᠷᠠᠯ ᠳᠤ ᠤᠷᠤᠯᠴᠠᠪᠠ᠃       ᠰᠤᠷᠤᠯᠴᠠᠬᠤ ᠬᠤᠷᠠᠯ ᠳᠤ ᠲᠤᠮᠳᠠᠳᠤ ᠤᠷᠤᠨ ᠤ ᠪᠠᠭᠰᠢ ᠶᠢᠨ ᠶᠡᠭᠡ ᠰᠤᠷᠭᠠᠭᠤᠯᠢ ᠶᠢᠨ ᠲᠤᠮᠳᠠᠳᠤ ᠤᠯᠤᠰ  ᠤᠨ ᠬᠦᠳᠡᠭᠡ ᠲᠤᠰᠬᠤᠨ ᠤ ᠰᠤᠳᠤᠯᠭᠠᠨ ᠤ ᠬᠦᠷᠢᠶᠡᠯᠡᠩ ᠤᠨ ᠨᠠᠮ ᠤᠨ ᠬᠤᠷᠢᠶ᠎ᠠ ᠶᠢᠨ ᠱᠦᠵᠢ ᠪᠤᠯᠤᠨ ᠬᠤᠷᠢᠶᠠᠨ ᠳᠠᠷᠤᠭ᠎ᠠ᠂ ᠰᠤᠷᠭᠠᠨ ᠬᠦᠮᠦᠵᠢᠯ ᠤᠨ ᠬᠡᠯᠳᠡᠰ ᠤᠨ ᠰᠢᠨ᠎ᠡ ᠵᠠᠭᠤᠨ ᠤ ᠴᠢᠳᠠᠪᠤᠷᠢᠳᠠᠨ ᠳ᠋ᠧᠩ ᠳ᠋ᠠ ᠼᠠᠢ ᠫᠷᠤᠹᠧᠰᠰᠣᠷ ᠪᠤᠯᠤᠨ᠂ ᠲᠤᠮᠳᠠᠳᠤ ᠤᠷᠤᠨ ᠤ ᠪᠠᠭᠰᠢ ᠶᠢᠨ ᠶᠡᠭᠡ ᠰᠤᠷᠭᠠᠭᠤᠯᠢ ᠶᠢᠨ ᠲᠤᠮᠳᠠᠳᠤ ᠤᠯᠤᠰ ᠤᠨ ᠬᠦᠳᠡᠭᠡ ᠲᠤᠰᠬᠤᠨ  ᠤ ᠰᠤᠳᠤᠯᠭᠠᠨ ᠤ ᠬᠦᠷᠢᠶᠡᠯᠡᠩ ᠤᠨ ᠰᠣᠳᠣᠯᠣᠭᠴᠢ ᠶᠠᠩ ᠮᠢᠩ ᠳ᠋ᠤᠺᠲ᠋ᠤᠷ ᠢ ᠤᠷᠢᠨ ᠬᠢᠴᠢᠶᠡᠯᠯᠡᠭᠦᠯᠪᠠ᠃     ᠶᠠᠩ ᠮᠢᠩ ︽ᠠᠮᠢ ᠠᠬᠤᠢ ᠶᠢ ᠬᠦᠭᠵᠢᠨ ᠮᠠᠨᠳᠤᠭᠤᠯᠬᠤ᠂ ᠬᠠᠮᠳᠤᠷᠠᠯ ᠢᠶᠠᠷ ᠬᠦᠳᠦᠯᠦᠨ ᠲᠠᠭᠠᠭᠤᠯᠬᠤ᠂ ᠲᠤᠭᠳᠠᠴᠠ ᠶᠢᠨ ᠰᠢᠨ᠎ᠡ ᠶᠢ ᠡᠭᠦᠳᠬᠦ︾ ᠪᠠᠷ ᠰᠡᠳᠦᠪ ᠪᠤᠯᠭᠠᠵᠦ᠂ ᠷᠠᠰᠢᠶᠠᠨ ᠤ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠠᠵᠠ ᠲᠤᠬᠢᠶᠠᠯ ᠪᠤᠯᠤᠨ ᠲᠠᠪᠠᠭᠤᠯᠢᠭ ᠲᠠᠯ᠎ᠠ  ᠂ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠤᠷᠤᠨ ᠲᠤᠭ᠎ᠠ ᠶᠢᠨ ᠦᠨᠳᠦᠰᠦᠨ ᠲᠦᠰᠦᠪᠯᠡᠯ᠂ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠲᠦᠯᠦᠪᠵᠢᠭᠦᠯᠭᠡ ᠶᠢ ᠬᠡᠷᠡᠭᠵᠢᠭᠦᠯᠬᠦ  ᠶᠡᠷᠦᠩᠬᠡᠢ ᠰᠡᠳᠭᠢᠴᠡ ᠪᠤᠯᠤᠨ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ︽6 +2︾ ᠢᠨᠵᠧᠨᠧᠷᠢᠩ ᠢ ᠬᠡᠷᠡᠭᠵᠢᠭᠦᠯᠬᠦ ᠲᠦᠷᠪᠡᠨ ᠲᠠᠯ᠎ᠠ ᠠᠴᠠ ᠲᠦᠪ ᠤᠨ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠲᠦᠯᠦᠪᠵᠢᠭᠦᠯᠭᠡ ᠳᠤ ᠪᠦᠬᠦ ᠲᠠᠯ᠎ᠠ ᠪᠠᠷ ᠲᠤᠳᠤᠷᠬᠠᠶᠢᠯᠠᠨ ᠦᠬᠦᠯᠡᠬᠦ ᠶᠢᠨ ᠬᠠᠮᠳᠤ ᠪᠤᠳᠠᠳᠤ ᠪᠠᠶᠢᠳᠠᠯ ᠲᠠᠢ ᠤᠶᠠᠯᠳᠤᠭᠤᠯᠤᠨ ᠷᠠᠰᠢᠶᠠᠨ ᠬᠤᠳᠠ ᠳᠤ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠲᠦᠯᠦᠪᠵᠢᠭᠦᠯᠭᠡ ᠳᠤ ᠵᠢᠯᠤᠭᠤᠳᠬᠤ ᠴᠢᠨᠠᠷᠲᠠᠢ ᠰᠠᠨᠠᠯ ᠪᠤᠯᠤᠨ ᠠᠰᠢᠭᠲᠠᠢ ᠰᠠᠨᠠᠭᠤᠯᠭ᠎ᠠ ᠲᠤᠷᠠᠳᠪᠠ  ᠃ ᠳ᠋ᠧᠩ ᠳ᠋ᠠ ᠼᠠᠢ ︽ᠴᠢᠳᠠᠮᠠᠭᠠᠢ ᠵᠠᠰᠠᠯᠳᠠ ᠶᠢᠨ ᠲᠤᠮᠳᠠ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ︾ ᠪᠠᠷ ᠰᠡᠳᠦᠪ ᠪᠤᠯᠭᠠᠵᠦ᠂ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠶᠢ ᠡᠷᠬᠡᠪᠰᠢ ᠤᠷᠢᠳᠠᠪᠡᠷ ᠬᠢᠬᠦ᠂ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ  ᠨᠢ ᠴᠢᠳᠠᠮᠠᠭᠠᠢ ᠵᠠᠰᠠᠯᠳᠠ ᠳᠤ ᠲᠤᠬᠢᠶᠠᠯ ᠤᠯᠭᠤᠬᠤ ᠪᠠ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠵᠢᠴᠢ ᠦᠨᠳᠦᠰᠦᠨ ᠠᠷᠭ᠎ᠠ ᠵᠠᠮ ᠵᠡᠷᠭᠡ ᠶᠢ ᠤᠯᠠᠨ ᠲᠠᠯ᠎ᠠ ᠠᠴᠠ ᠵᠠᠳᠠᠯᠤᠨ ᠰᠢᠨᠵᠢᠯᠡᠵᠦ᠂ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠪᠠ ᠰᠤᠷᠤᠯᠴᠠᠬᠤ  ᠳᠤ ᠴᠢᠬᠤᠯᠠ ᠵᠢᠯᠤᠭᠤᠳᠤᠯᠭ᠎ᠠ ᠬᠠᠩᠭᠠᠵᠦ ᠦᠭᠬᠦ  ᠪᠤᠯᠤᠨ᠎ᠠ᠃     ᠵᠦ ᠦ᠋ ᠵᠤᠸᠠᠩ ᠶᠠᠷᠢᠶᠠᠨ ᠳᠠᠭᠠᠨ ᠵᠢᠭᠠᠵᠦ ᠭᠠᠷᠭᠠᠭᠰᠠᠨ ᠨᠢ᠂ ᠲᠤᠰ ᠤᠳᠠᠭᠠᠨ ᠤ ᠬᠢᠴᠢᠶᠡᠯᠯᠡᠯᠭᠡ ᠨᠢ ᠤᠯᠤᠰ  ᠤᠨ ᠲᠦᠷᠦ ᠶᠢᠨ ᠪᠤᠳᠤᠯᠭ᠎ᠠ ᠶᠢᠨ ᠲᠡᠭᠡᠳᠦ ᠳᠠᠪᠬᠤᠷᠭ᠎ᠠ ᠶᠢᠨ ᠲᠦᠰᠦᠪ ᠲᠦᠯᠦᠪᠯᠡᠭᠡ ᠶᠢ ᠬᠦᠳᠡᠭᠡ ᠲᠤᠰᠬᠤᠨ ᠤ ᠵᠤᠬᠢᠶᠠᠨ ᠪᠠᠶᠢᠭᠤᠯᠤᠯᠳᠠ ᠳᠤ ᠬᠡᠷᠡᠭᠵᠢᠭᠦᠯᠵᠦ᠂  ᠷᠠᠰᠢᠶᠠᠨ ᠬᠤᠳᠠ ᠶᠢᠨ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠨᠡᠩ ᠰᠠᠶᠢᠨ ᠨᠠᠶᠢᠳᠠᠪᠤᠷᠢᠵᠢᠭᠤᠯᠬᠤ ᠳᠤ ᠬᠤᠳᠠ ᠬᠦᠳᠡᠭᠡ ᠶᠢᠨ ᠨᠢᠭᠡ ᠴᠤᠭᠴᠠᠵᠢᠭᠤᠯᠤᠯᠳᠠ ᠶᠢᠨ ᠠᠯᠬᠤᠴᠠ ᠶᠢ ᠤᠯᠠᠮ ᠨᠢᠭᠡ ᠠᠯᠬᠤᠮ ᠲᠦᠷᠭᠡᠳᠭᠡᠵᠦ᠂ ᠠᠵᠦ ᠠᠬᠤᠢ ᠶᠢᠨ ᠬᠦᠭᠵᠢᠯᠳᠡ  ᠶᠢᠨ ᠶᠠᠰᠤ ᠴᠢᠨᠠᠷ ᠪᠤᠯᠤᠨ ᠦᠷ᠎ᠡ ᠪᠦᠳᠦᠮᠵᠢ ᠶᠢ ᠶᠡᠭᠡ ᠪᠠᠷ ᠲᠡᠭᠡᠭᠰᠢᠯᠡᠬᠦᠯᠦᠨ᠎ᠡ᠃ ᠪᠦᠬᠦ ᠬᠤᠳᠠ ᠪᠠᠷ ᠢᠶᠠᠨ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠨᠡᠶᠢᠳᠡ ᠶᠢᠨ ᠤᠶᠢᠯᠭᠠᠯᠳᠠ ᠶᠢ ᠨᠢᠭᠳᠠᠷᠠᠭᠤᠯᠵᠦ᠂ ᠠᠷᠭ᠎ᠠ ᠪᠠᠷᠢᠯ ᠪᠠ ᠦᠢᠯᠡ ᠠᠵᠢᠯᠯᠭ᠎ᠠ ᠶᠢ ᠪᠤᠳᠠᠳᠠᠶᠢᠵᠢᠭᠤᠯᠵᠦ᠂ ᠷᠠᠰᠢᠶᠠᠨ ᠬᠤᠳᠠ ᠶᠢᠨ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠠᠵᠢᠯ ᠳᠤ ᠲᠦᠯᠬᠢᠨ ᠤᠷᠤᠭᠤᠯᠤᠨ᠎ᠠ᠃ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠰᠠᠶᠢᠳᠤᠷ ᠨᠠᠶᠢᠳᠠᠪᠤᠷᠢᠵᠢᠭᠤᠯᠬᠤ ᠨᠢ ᠷᠠᠰᠢᠶᠠᠨ ᠬᠤᠳᠠ  ᠳᠤ ᠬᠦᠭᠵᠢᠯᠳᠠ ᠶᠢᠨ ᠲᠤᠬᠢᠶᠠᠯ ᠢ ᠠᠪᠴᠢᠷᠠᠵᠦ ᠦᠭᠴᠦ᠂ ᠬᠠᠮᠳᠤᠷᠠᠯ ᠤᠨ ᠬᠦᠴᠦᠨ ᠢᠶᠠᠨ ᠨᠢᠭᠳᠠᠷᠠᠭᠤᠯᠤᠨ᠂ ᠠᠵᠠ ᠲᠤᠬᠢᠶᠠᠯ ᠢ ᠠᠳᠬᠤᠨ᠂ ᠰᠤᠷᠤᠯᠴᠠᠭᠰᠠᠨ ᠦᠷ᠎ᠡ ᠪᠦᠳᠦᠭᠡᠯ ᠢᠶᠠᠨ ᠠᠵᠢᠯ ᠤᠨ ᠦᠷ᠎ᠡ ᠪᠦᠳᠦᠮᠵᠢ ᠪᠤᠯᠭᠠᠨ ᠬᠤᠪᠢᠷᠠᠭᠤᠯᠵᠦ᠂ ᠷᠠᠰᠢᠶᠠᠨ ᠬᠤᠳᠠ ᠶᠢᠨ ᠠᠵᠦ ᠠᠬᠤᠢ ᠨᠡᠶᠢᠭᠡᠮ ᠤᠨ ᠬᠦᠭᠵᠢᠯᠳᠡ ᠳᠤ ᠨᠡᠩ ᠰᠠᠶᠢᠨ ᠬᠤᠪᠢ ᠨᠡᠮᠡᠷᠢ ᠦᠵᠡᠭᠦᠯᠦᠨ᠎ᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号