ᠦᠪᠡᠷᠳᠡᠭᠡᠨ ᠵᠠᠰᠠᠬᠤ ᠤᠷᠤᠨ ᠤ ᠶᠠᠳᠠᠭᠤ ᠶᠢ ᠲᠡᠳᠭᠦᠨ ᠨᠡᠬᠡᠬᠡᠨ ᠬᠦᠭᠵᠢᠭᠦᠯᠬᠦ ᠤᠳᠤᠷᠢᠳᠬᠤ ᠲᠤᠭᠤᠶᠢᠯᠠᠩ  ᠤᠨ ᠬᠤᠷᠠᠯ ᠵᠢᠴᠢ ᠤᠨᠢᠨ ᠲᠡᠭᠡᠷ᠎ᠡ ᠨᠢ ᠶᠠᠳᠠᠭᠤ ᠶᠢ ᠲᠡᠳᠭᠦᠬᠦ ᠪᠤᠭᠤᠮᠳᠠ ᠰᠢᠪᠳᠤᠯᠬᠤ ᠲᠠᠶᠢᠯᠠᠯᠳᠤᠭᠠᠨ ᠤ ᠢᠯᠠᠯᠳᠠ ᠶᠢ ᠤᠯᠬᠤ ᠬᠤᠰᠢᠭᠤ ︵ᠰᠢᠶᠠᠨ ᠬᠤᠳᠠ︶ ᠶᠢᠨ ᠨᠠᠮ ᠤᠨ ᠬᠤᠷᠢᠶ᠎ᠠ ᠶᠢᠨ ᠱᠦᠵᠢ ᠶᠢᠨ ᠲᠤᠰᠢᠶᠠᠯ ᠤᠨ ᠮᠡᠳᠡᠭᠦᠯᠦᠯᠳᠡ ᠶᠢᠨ ᠰᠠᠨᠠᠯ ᠰᠤᠯᠢᠯᠴᠠᠬᠤ ᠬᠤᠷᠠᠯ ᠢ  ᠷᠠᠰᠢᠶᠠᠨ ᠬᠤᠳᠠ ᠳᠤ ᠵᠤᠬᠢᠶᠠᠨ ᠪᠠᠶᠢᠭᠤᠯᠵᠦ ᠬᠦᠯᠢᠶᠠᠨ ᠠᠪᠴᠤ  ᠰᠤᠨᠤᠰᠪᠠ
ᠨᠡᠶᠢᠲᠡᠯᠡᠭᠰᠡᠨ ᠴᠠᠭ᠄
2019-01-03
     12 ᠰᠠᠷ᠎ᠠ ᠶᠢᠨ 25   ᠤ  ᠡᠳᠦᠷ  ᠂  ᠦᠪᠡᠷᠳᠡᠭᠡᠨ ᠵᠠᠰᠠᠬᠤ ᠤᠷᠤᠨ ᠤ ᠶᠠᠳᠠᠭᠤ ᠶᠢ ᠲᠡᠳᠭᠦᠨ ᠨᠡᠬᠡᠬᠡᠨ ᠬᠦᠭᠵᠢᠭᠦᠯᠬᠦ ᠤᠳᠤᠷᠢᠳᠬᠤ ᠲᠤᠭᠤᠶᠢᠯᠠᠩ ᠤᠨ ᠬᠤᠷᠠᠯ ᠵᠢᠴᠢ ᠤᠨᠢᠨ ᠲᠡᠭᠡᠷ᠎ᠡ ᠨᠢ ᠶᠠᠳᠠᠭᠤ ᠶᠢ ᠲᠡᠳᠭᠦᠬᠦ ᠪᠤᠭᠤᠮᠳᠠ ᠰᠢᠪᠳᠤᠯᠬᠤ ᠲᠠᠶᠢᠯᠠᠯᠳᠤᠭᠠᠨ ᠤ ᠢᠯᠠᠯᠳᠠ ᠶᠢ ᠤᠯᠬᠤ ᠬᠤᠰᠢᠭᠤ ︵ᠰᠢᠶᠠᠨ ᠬᠤᠳᠠ︶ ᠶᠢᠨ ᠨᠠᠮ ᠤᠨ ᠬᠤᠷᠢᠶ᠎ᠠ ᠶᠢᠨ ᠱᠦᠵᠢ ᠶᠢᠨ ᠲᠤᠰᠢᠶᠠᠯ ᠤᠨ ᠮᠡᠳᠡᠭᠦᠯᠦᠯᠳᠡ ᠶᠢᠨ ᠰᠠᠨᠠᠯ ᠰᠤᠯᠢᠯᠴᠠᠬᠤ ᠸᠢᠳᠢᠤ᠋ ᠬᠤᠷᠠᠯ ᠢ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ  ᠶᠢᠨ ᠬᠤᠷᠢᠶ᠎ᠠ ᠶᠢᠨ ᠡᠷᠬᠢᠯᠡᠭᠴᠢ ᠯᠢ ᠵᠢᠢ ᠾᠧᠩ ᠡᠷᠬᠢᠯᠡᠵᠦ᠂ ᠵᠠᠪᠠᠯ ᠢᠯᠠᠯᠳᠠ ᠤᠯᠬᠤ ᠢᠳᠡᠭᠡᠯ ᠵᠤᠷᠢᠭ ᠢ ᠴᠢᠬᠤᠯᠠᠴᠢᠯᠠᠭᠰᠠᠨ ᠪᠠᠶᠢᠨ᠎ᠠ᠃ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠲᠤᠪᠤᠶᠢᠯᠭᠠᠨ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠯᠠᠳᠤᠭᠠᠨ ᠢ ᠪᠦᠬᠦ ᠲᠠᠯ᠎ᠠ ᠪᠠᠷ ᠲᠦᠯᠬᠢᠨ ᠠᠬᠢᠭᠤᠯᠤᠨ᠎ᠠ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ᠂ ᠦᠪᠡᠷᠳᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠲᠡᠷᠢᠭᠦᠯᠡᠭᠴᠢ ᠯᠢ ᠵᠢᠶᠠ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠠᠷᠠᠳ ᠤᠨ ᠲᠦᠯᠦᠭᠡᠯᠡᠭᠴᠢᠳ  ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠤᠷᠳᠤᠨ᠂ ᠤᠯᠤᠰ ᠲᠦᠷᠦ ᠶᠢᠨ ᠵᠦᠪᠯᠡᠯᠭᠡᠨ ᠤ ᠤᠳᠤᠷᠢᠳᠤᠯᠭ᠎ᠠ ᠨᠠᠷ ᠬᠤᠷᠠᠯ ᠳᠤ ᠤᠷᠤᠯᠴᠠᠪᠠ᠃ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠶᠢᠨ ᠭᠡᠰᠢᠭᠦᠨ᠂ ᠷᠠᠰᠢᠶᠠᠨ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠭᠤᠤ ᠴᠠᠩ ᠱᠧᠩ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠷᠠᠰᠢᠶᠠᠨ ᠤ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠤᠨ ᠶᠡᠷᠦᠩᠬᠡᠢ ᠠᠩᠭᠢ ᠳᠤ ᠲᠤᠮᠢᠯᠠᠨ ᠰᠠᠭᠤᠭ᠎ᠠ ᠠᠩᠭᠢ ᠶᠢᠨ ᠲᠠᠷᠤᠭ᠎ᠠ᠂ ᠬᠤᠳᠠ ᠶᠢᠨ ᠨᠠᠮ ᠤᠨ ᠬᠤᠷᠢᠶ᠎ᠠ ᠶᠢᠨ ᠲᠡᠳ᠋ ᠱᠦᠵᠢ ᠰᠥᠸᠧ ᠢ ᠵᠢᠶᠦ᠋ᠨ᠂ ᠷᠠᠰᠢᠶᠠᠨ ᠬᠤᠳᠠ ᠶᠢᠨ ᠨᠠᠮ ᠤᠨ ᠬᠤᠷᠢᠶ᠎ᠠ ᠶᠢᠨ ᠲᠡᠳ᠋ ᠱᠦᠵᠢ ᠭᠥᠸᠧ ᠯᠢᠩ ᠶᠦᠨ ᠵᠡᠷᠭᠡ ᠲᠦᠷᠪᠡᠨ ᠤᠳᠤᠷᠢᠳᠬᠤ ᠪᠠᠭ ᠤᠨ ᠤᠳᠤᠷᠢᠳᠤᠯᠭ᠎ᠠ ᠨᠠᠷ ᠷᠠᠰᠢᠶᠠᠨ ᠬᠤᠳᠠ ᠳᠠᠬᠢ ᠬᠤᠪᠢᠶᠠᠷᠢ ᠬᠤᠷᠠᠯ ᠤᠨ ᠲᠠᠯᠠᠪᠠᠢ ᠳᠤ ᠬᠦᠯᠢᠶᠡᠨ ᠠᠪᠴᠤ ᠰᠤᠨᠤᠰᠪᠠ᠃      ᠬᠤᠷᠠᠯ ᠲᠡᠭᠡᠷ᠎ᠡ ᠮᠠᠨ ᠤ ᠤᠷᠤᠨ ᠤ ᠶᠠᠳᠠᠭᠤ ᠶᠢ ᠲᠡᠳᠭᠦᠬᠦ ᠪᠠᠭ᠎ᠠ ᠲᠤᠭᠠᠨ ᠤ ᠢᠳᠡᠭᠡᠮᠵᠢᠳᠦ  ᠵᠢᠭᠡᠯᠯᠡᠭᠡ  ᠶᠢᠨ ᠬᠤᠭᠤᠴᠠᠭ᠎ᠠ ᠬᠡᠳᠦᠷᠡᠭᠰᠡᠨ ᠠᠰᠠᠭᠤᠳᠠᠯ ᠢ ᠴᠡᠭᠴᠡᠯᠡᠨ ᠵᠠᠰᠠᠬᠤ ᠶᠢ ᠪᠡᠶᠡᠯᠡᠭᠦᠯᠦᠭᠰᠡᠨ ᠪᠠᠶᠢᠳᠠᠯ ᠪᠤᠯᠤᠨ ᠲᠠᠩᠰᠠ ᠡᠪᠬᠡᠮᠡᠯ ᠪᠠᠶᠢᠭᠤᠯᠤᠨ ᠺᠠᠷᠲ ᠵᠤᠬᠢᠶᠠᠬᠤ ᠲᠤᠭ᠎ᠠ ᠪᠠᠷᠢᠮᠳᠠ ᠶᠢᠨ ᠶᠠᠰᠤ ᠴᠢᠨᠠᠷ ᠤᠨ ᠪᠠᠶᠢᠳᠠᠯ ᠢ ᠮᠡᠳᠡᠭᠦᠯᠪᠡ᠃ ᠯᠢ ᠵᠢᠢ ᠾᠧᠩ ᠠᠴᠠ 5 ᠬᠤᠰᠢᠭᠤ ᠰᠢᠶᠠᠨ ᠤ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠳᠤ ᠦᠨᠡᠯᠡᠯᠳᠡ ᠬᠢᠵᠦ᠂ ᠡᠯ᠎ᠡ ᠭᠠᠵᠠᠷ ᠤᠨ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠢ ᠤᠷᠤᠭᠰᠢ ᠲᠦᠯᠬᠢᠨ ᠠᠬᠢᠭᠤᠯᠬᠤ ᠶᠢ ᠨᠡᠩ ᠰᠠᠶᠢᠳᠤᠷ ᠬᠢᠬᠦ ᠶᠢ ᠱᠠᠭᠠᠷᠳᠠᠪᠠ᠃ ᠤᠨᠴᠠᠭᠠᠶᠢᠯᠠᠨ᠂ ᠠᠰᠠᠭᠤᠳᠠᠯ ᠲᠤᠪᠤᠶᠢᠮ᠎ᠠ ᠪᠠᠶᠢᠭ᠎ᠠ ᠭᠠᠵᠠᠷ ᠤᠷᠤᠨ ᠳᠤ ᠨᠠᠷᠢᠨ ᠲᠤᠩᠭᠠᠯᠳᠠ ᠬᠢᠵᠦ᠂ ᠠᠰᠠᠭᠤᠳᠠᠯ   ᠢ  ᠴᠢᠩᠭ᠎ᠠ ᠬᠦᠴᠦᠲᠡᠢ  ᠴᠡᠭᠴᠡᠯᠡᠨ ᠰᠠᠶᠢᠵᠢᠷᠠᠭᠤᠯᠤᠨ᠎ᠠ᠃      ᠯᠢ ᠵᠢᠢ ᠾᠧᠩ ᠠᠴᠠ᠂ ᠣᠳᠤᠬᠠᠨ ᠳᠤ ᠮᠠᠨ ᠤ ᠠᠶᠢᠮᠠᠭ ᠤᠨ ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠤᠯᠲᠠ ᠶᠢᠨ ᠠᠵᠢᠯ ᠨᠢ ᠰᠢᠢᠳᠪᠦᠷᠢᠲᠦ ᠢᠯᠠᠯᠲᠠ ᠤᠯᠬᠤ ᠵᠠᠩᠭᠢᠯᠠᠭ᠎ᠠ ᠶᠢᠨ ᠬᠤᠭᠤᠴᠠᠭᠠᠨ ᠳᠤ ᠪᠠᠶᠢᠵᠤ᠂ ᠡᠯ᠎ᠡ ᠱᠠᠲᠤ ᠡᠯ᠎ᠡ ᠰᠠᠯᠠᠭ᠎ᠠ ᠮᠦᠴᠢᠷ ᠠᠴᠠ ᠤᠯᠤᠰ ᠲᠦᠷᠦ ᠶᠢᠨ ᠵᠣᠭᠰᠤᠴᠠ ᠪᠠᠨ ᠳᠡᠭᠡᠭᠰᠢᠯᠡᠭᠦᠯᠵᠦ᠂ ᠵᠤᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠠᠲᠤᠳᠬᠠᠵᠤ᠂ ᠨᠡᠩ ᠶᠡᠭᠡ ᠡᠷᠡᠰ ᠵᠤᠷᠢᠭ ᠪᠠ ᠬᠦᠴᠦᠯᠡᠴᠡ ᠪᠠᠷ ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠤᠯᠲᠠ ᠶᠢᠨ ᠡᠯ᠎ᠡ ᠲᠦᠷᠦᠯ ᠤᠨ ᠠᠵᠢᠯ ᠢ ᠲᠦᠯᠬᠢᠨ ᠠᠬᠢᠭᠤᠯᠬᠤ ᠬᠡᠷᠡᠭᠲᠡᠢ᠃ ᠲᠥᠪ ᠤᠨ ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠤᠯᠲᠠ ᠶᠢᠨ ᠲᠤᠰᠬᠠᠢ ᠲᠦᠷᠦᠯ ᠤᠨ ᠲᠣᠭᠤᠷᠢᠨ ᠪᠠᠶᠢᠴᠠᠭᠠᠯᠲᠠ ᠶᠢᠨ ᠴᠡᠭᠴᠡᠯᠡᠨ ᠰᠠᠶᠢᠵᠢᠷᠠᠭᠤᠯᠤᠯᠲᠠ ᠶᠢᠨ ᠠᠵᠢᠯ ᠢ ᠡᠷᠬᠡᠪᠰᠢ ᠴᠢᠩᠭ᠎ᠠ ᠠᠳᠬᠤᠵᠤ᠂ ᠲᠥᠪ ᠪᠠ ᠥᠪᠡᠷᠲᠡᠭᠡᠨ ᠵᠠᠰᠠᠬᠤ ᠣᠷᠤᠨ ᠤ ᠡᠯ᠎ᠡ ᠲᠦᠷᠦᠯ ᠤᠨ ᠬᠢᠨᠠᠯᠲᠠ ᠪᠠᠶᠢᠴᠠᠭᠠᠯᠲᠠ ᠳᠤ ᠢᠯᠡᠷᠡᠭᠦᠯᠦᠭᠰᠡᠨ ᠠᠰᠠᠭᠤᠳᠠᠯ ᠤᠨ ᠴᠡᠭᠴᠡᠯᠡᠨ ᠰᠠᠶᠢᠵᠢᠷᠠᠭᠤᠯᠤᠯᠲᠠ ᠶᠢ ᠨᠢᠭᠡᠲᠦᠯᠲᠡᠢ ᠲᠦᠯᠬᠢᠨ ᠠᠬᠢᠭᠤᠯᠵᠤ᠂ ᠴᠡᠭᠴᠡᠯᠡᠨ ᠰᠠᠶᠢᠵᠢᠷᠠᠭᠤᠯᠤᠯᠲᠠ ᠶᠢᠨ ᠦᠷ᠎ᠡ ᠪᠦᠲᠦᠮᠵᠢ ᠶᠢ ᠦᠨᠡᠨᠬᠦ ᠪᠠᠬᠢᠵᠢᠭᠦᠯᠵᠦ᠂ ᠴᠡᠭᠴᠡᠯᠡᠨ ᠰᠠᠶᠢᠵᠢᠷᠠᠭᠤᠯᠤᠲᠠ ᠶᠢᠨ ᠨᠦᠯᠦᠭᠡᠯᠡᠯ ᠢ ᠦᠷᠭᠦᠯᠵᠢᠯᠡᠨ ᠶᠡᠬᠡᠰᠬᠡᠬᠦ ᠬᠡᠷᠡᠭᠲᠡᠢ᠃ ᠶᠠᠳᠠᠭᠤ ᠶᠢ ᠳᠡᠳᠬᠦᠬᠦ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ ᠶᠢᠨ ᠬᠤᠭᠤᠴᠠᠭ᠎ᠠ ᠬᠡᠲᠦᠷᠡᠭᠰᠡᠨ ᠠᠰᠠᠭᠤᠳᠠᠯ ᠢ ᠨᠠᠷᠢᠨ ᠬᠢᠨᠠᠮᠠᠭᠠᠢ ᠴᠡᠭᠴᠡᠯᠡᠨ ᠰᠠᠶᠢᠵᠢᠷᠠᠭᠤᠯᠵᠤ᠂ ᠡᠯ᠎ᠡ ᠲᠦᠷᠦᠯ ᠤᠨ ᠶᠠᠳᠠᠭᠤ ᠶᠢ ᠳᠡᠳᠬᠦᠬᠦ ᠪᠡᠯᠡ ᠮᠥᠩᠭᠦᠨ ᠤ ᠬᠠᠮᠢᠶᠠᠷᠤᠯᠲᠠ ᠶᠢ ᠴᠢᠩᠭᠠᠳᠬᠠᠵᠤ᠂ ᠬᠠᠤᠯᠢ ᠳᠦᠷᠢᠮ ᠠᠴᠠ ᠵᠦᠷᠢᠴᠡᠭᠰᠡᠨ ᠠᠵᠢᠯᠯᠠᠭ᠎ᠠ ᠶᠢ ᠴᠢᠩᠭ᠎ᠠ ᠰᠢᠢᠳᠭᠡᠬᠦ ᠬᠡᠷᠡᠭᠲᠡᠢ᠃ ᠠᠵᠤ ᠦᠢᠯᠡᠰ ᠢᠶᠠᠷ ᠶᠠᠳᠠᠭᠤ ᠶᠢ ᠳᠡᠳᠬᠦᠬᠦ ᠶᠢ ᠨᠡᠩ ᠳᠣᠪᠤᠶᠢᠮ᠎ᠠ ᠪᠠᠶᠢᠷᠢᠨ ᠳᠤ ᠲᠠᠯᠪᠢᠵᠤ᠂ ᠠᠵᠤ ᠦᠢᠯᠡᠰ ᠢᠶᠠᠷ ᠶᠠᠳᠠᠭᠤ ᠶᠢ ᠳᠡᠳᠬᠦᠬᠦ ᠠᠵᠢᠯ ᠢ ᠬᠦᠴᠦ ᠤᠷᠤᠭᠤᠯᠤᠨ ᠲᠦᠯᠦᠪᠯᠡᠨ ᠬᠡᠷᠡᠭᠵᠢᠭᠦᠯᠵᠦ᠂ ᠠᠵᠤ ᠦᠢᠯᠡᠰ ᠢᠶᠠᠷ ᠶᠠᠳᠠᠭᠤ ᠶᠢ ᠳᠡᠳᠬᠦᠬᠦ ᠶᠢᠨ ᠣᠨᠤᠴᠠ ᠪᠠ ᠪᠦᠷᠬᠦᠴᠡ ᠶᠢ ᠳᠡᠭᠡᠭᠰᠢᠯᠡᠭᠦᠯᠵᠦ᠂ ᠠᠵᠤ ᠦᠢᠯᠡᠰ ᠢᠶᠠᠷ  ᠶᠠᠳᠠᠭᠤ ᠶᠢ ᠳᠡᠳᠬᠦᠬᠦ ᠠᠵᠢᠯ ᠤᠨ ᠦᠷᠭᠦᠯᠵᠢᠯᠡᠬᠦᠶᠢᠴᠡ ᠬᠦᠭᠵᠢᠯᠲᠡ ᠪᠠ ᠠᠷᠠᠳ ᠲᠤ ᠤᠷᠲᠤ ᠬᠤᠭᠤᠴᠠᠭ᠎ᠠ ᠲᠠᠢ ᠬᠠᠷᠠᠭᠠᠯᠵᠠᠯ ᠦᠵᠡᠭᠦᠯᠬᠦ ᠶᠢ ᠲᠦᠯᠬᠢᠨ ᠠᠬᠢᠭᠤᠯᠬᠤ ᠬᠡᠷᠡᠭᠲᠡᠢ᠃ ᠡᠪᠦᠯ ᠤᠨ ᠰᠤᠯᠠ ᠰᠡᠯᠡᠭᠦᠦ ᠴᠠᠭ ᠢ ᠭᠦᠢᠴᠡᠳ ᠠᠰᠢᠭᠯᠠᠨ᠂ ᠶᠠᠳᠠᠭᠤ ᠶᠢ ᠳᠡᠳᠬᠦᠬᠦ ᠺᠠᠳ᠋ᠷ ᠤᠨ ᠲᠦᠷᠦ ᠶᠢᠨ ᠪᠤᠳᠤᠯᠭ᠎ᠠ ᠶᠢᠨ ᠪᠣᠯᠪᠠᠰᠤᠷᠠᠯ ᠪᠠ ᠶᠠᠳᠠᠭᠤ ᠬᠦᠴᠢᠷᠳᠡᠯᠲᠡᠢ ᠣᠯᠠᠨ ᠲᠦᠮᠡᠨ ᠤ ᠮᠡᠷᠭᠡᠵᠢᠯ ᠤᠨ ᠪᠣᠯᠪᠠᠰᠤᠷᠠᠯ ᠤᠨ ᠠᠵᠢᠯ ᠢ ᠰᠠᠶᠢᠲᠤᠷ ᠦᠷᠨᠢᠭᠦᠯᠵᠦ᠂  ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠬᠤ  ᠳᠤ ᠰᠠᠭᠤᠷᠢ ᠶᠢ ᠪᠠᠲᠤᠳᠬᠠᠨ᠂ ᠬᠦᠴᠦ ᠬᠤᠷᠠᠮᠳᠤᠭᠤᠯᠬᠤ ᠬᠡᠷᠡᠭᠲᠡᠢ᠃ ᠪᠦᠬᠦ ᠲᠠᠯ᠎ᠠ ᠪᠠᠷ ᠪᠦᠷᠢᠳᠭᠡᠨ᠂ ᠥᠪᠡᠷ  ᠢᠶᠠᠨ ᠨᠠᠷᠢᠨ ᠬᠢᠨᠠᠮᠠᠭᠠᠢ ᠪᠠᠶᠢᠴᠠᠭᠠᠵᠤ᠂ ᠵᠢᠯ ᠤᠨ ᠬᠢᠨᠠᠨ ᠰᠢᠯᠭᠠᠨ ᠪᠠᠶᠢᠴᠠᠭᠠᠬᠤ ᠵᠡᠷᠭᠡ ᠠᠵᠢᠯ ᠢ ᠬᠢᠨᠠᠮᠠᠭᠠᠢ ᠪᠦᠭᠡᠳ ᠨᠠᠷᠢᠯᠢᠭ ᠬᠢᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠯᠲᠠ ᠶᠢᠨ ᠠᠵᠢᠯ ᠤᠨ ᠰᠢᠯᠭᠠᠨ ᠪᠠᠶᠢᠴᠠᠭᠠᠬᠤ ᠶᠢ ᠳᠠᠭᠠᠭᠠᠬᠤ ᠶᠢ ᠪᠠᠲᠤᠯᠠᠬᠤ ᠬᠡᠷᠡᠭᠲᠡᠢ ᠭᠡᠵᠦ ᠴᠢᠩᠭᠠᠳᠬᠠᠵᠠᠢ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号