ᠷᠠᠰᠢᠶᠠᠨ ᠬᠤᠳᠠ ᠶᠢᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ  ᠤᠨ ᠪᠠᠶᠢᠩᠭᠤ ᠶᠢᠨ ᠬᠤᠷᠢᠶ᠎ᠠ  ᠶᠢᠨ ᠵᠢᠷᠭᠤᠳᠤᠭᠠᠷ ᠤᠳᠠᠭᠠᠨ ᠤ ᠬᠤᠷᠠᠯ ᠬᠤᠷᠠᠯᠳᠤᠵᠠᠢ
ᠨᠡᠶᠢᠲᠡᠯᠡᠭᠰᠡᠨ ᠴᠠᠭ᠄
2019-01-03
       12 ᠰᠠᠷ ᠶᠢᠨ 25 ᠤ ᠡᠳᠦᠷ᠂ ᠷᠠᠰᠢᠶᠠᠨ ᠬᠤᠳᠠ ᠶᠢᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠴᠠ ᠬᠤᠳᠠ ᠶᠢᠨ ᠵᠢᠷᠭᠤᠳᠤᠭᠠᠷ ᠬᠤᠭᠤᠴᠠᠭᠠᠨ  ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠵᠢᠷᠭᠤᠳᠤᠭᠠᠷ ᠤᠳᠠᠭᠠᠨ ᠤ ᠬᠤᠷᠠᠯ ᠢ ᠬᠤᠷᠠᠯᠳᠤᠪᠠ᠃ ᠬᠤᠳᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠪᠠᠢ ᠶᠠ ᠪᠢᠨ ᠬᠤᠷᠠᠯ ᠢ ᠡᠷᠬᠢᠯᠡᠨ ᠬᠤᠷᠠᠯᠳᠤᠭᠤᠯᠵᠦ᠂ ᠲᠡᠳ᠋ ᠡᠷᠬᠢᠯᠡᠭᠴᠢ ᠭᠤᠸᠠᠨ ᠰᠢ ᠵᠢᠶᠦ᠋ᠨ᠂ ᠲᠦᠩ ᠢᠦᠢ ᠯᠢᠶᠠᠩ ᠵᠡᠷᠭᠡ 16 ᠨᠡᠷᠡᠰ ᠬᠤᠳᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ  ᠤᠨ ᠪᠠᠶᠢᠩᠭᠤ ᠶᠢᠨ ᠬᠤᠷᠢᠶ᠎ᠠ ᠶᠢᠨ ᠭᠡᠰᠢᠭᠦᠨ ᠬᠤᠷᠠᠯ ᠳᠤ ᠤᠷᠤᠯᠴᠠᠪᠠ᠃ ᠬᠤᠳᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ᠂ ᠬᠤᠳᠠ ᠶᠢᠨ ᠵᠠᠰᠠᠭ ᠤᠨ ᠤᠷᠳᠤᠨ ᠤ ᠲᠡᠳ᠋ ᠬᠤᠳᠠ ᠶᠢᠨ ᠳᠠᠷᠤᠭ᠎ᠠ ᠵᠣᠣ ᠱᠦ ᠼᠠᠢ᠂ ᠲᠡᠳ᠋ ᠬᠤᠳᠠ ᠶᠢᠨ ᠳᠠᠷᠤᠭ᠎ᠠ ᠵᠣᠣ ᠳ᠋ᠧ ᠴᠢᠤᠸᠠᠨ᠂ ᠬᠤᠳᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠂ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠶᠢᠨ ᠱᠦᠵᠢ᠂ ᠬᠢᠨᠠᠨ ᠪᠠᠶᠢᠴᠠᠭᠠᠬᠤ ᠵᠦᠪᠯᠡᠯ ᠤᠨ ᠡᠷᠬᠢᠯᠡᠭᠴᠢ ᠮᠠ ᠵᠢᠢ ᠴᠧᠩ᠂ ᠬᠤᠳᠠ ᠶᠢᠨ ᠰᠢᠭᠦᠬᠦ ᠬᠤᠷᠢᠶᠠᠨ ᠤ ᠬᠤᠷᠢᠶᠠᠨ ᠳᠠᠷᠤᠭ᠎ᠠ ᠯᠢ ᠴᠦᠨ ᠴᠧᠩ᠂ ᠬᠤᠳᠠ ᠶᠢᠨ ᠪᠠᠶᠢᠴᠠᠭᠠᠬᠤ ᠬᠤᠷᠢᠶ᠎ᠠ ᠶᠢᠨ ᠬᠤᠷᠢᠶᠠᠨ ᠳᠠᠷᠤᠭ᠎ᠠ ᠢᠦᠢ ᠬᠠᠢ ᠵᠢᠶᠧ᠂ ᠬᠤᠳᠠ ᠶᠢᠨ ᠵᠤᠭᠠᠴᠠᠯ ᠤᠨ ᠲᠤᠪᠴᠢᠶ᠎ᠠ᠂ ᠬᠤᠳᠠ ᠶᠢᠨ ᠶᠠᠳᠠᠭᠤ ᠶᠢ ᠲᠡᠳᠭᠦᠬᠦ ᠠᠯᠪᠠᠨ ᠭᠡᠷ ᠤᠨ ᠬᠠᠷᠢᠭᠤᠴᠠᠯᠭᠠᠳᠠᠨ᠂ ᠡᠯ᠎ᠡ ᠪᠠᠯᠭᠠᠰᠤᠨ ᠤ ᠠᠷᠠᠳ ᠤᠨ ᠲᠦᠯᠦᠭᠡᠯᠡᠭᠴᠢᠳ  ᠤᠨ ᠶᠡᠭᠡ ᠬᠤᠷᠠᠯ ᠤᠨ ᠲᠡᠷᠢᠭᠦᠯᠡᠭᠴᠢ  ᠂ ᠪᠠᠯᠭᠠᠰᠤ ᠵᠡᠭᠡᠯᠢ ᠶᠢᠨ ᠦᠨᠳᠦᠰᠦᠨ ᠱᠠᠳᠤᠨ ᠤ 5 ᠨᠡᠷᠡᠰ ᠠᠷᠠᠳ   ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ᠂ ᠤᠠᠯᠨ ᠲᠦᠮᠡᠨ ᠤ ᠲᠦᠯᠦᠭᠡᠯᠡᠭᠴᠢ ᠬᠤᠷᠠᠯ ᠳᠤ ᠤᠷᠤᠯᠴᠠᠪᠠ᠃      ᠬᠤᠷᠠᠯ ᠠᠴᠠ ᠡᠩ ᠲᠡᠷᠢᠭᠦᠨ ᠳᠤ᠂ ᠠᠵᠢᠯᠳᠠᠨ ᠤ ᠶᠠᠪᠤᠳᠠᠯ ᠤᠨ ᠲᠤᠰᠢᠶᠠᠯ ᠳᠤ ᠲᠤᠮᠢᠯᠠᠬᠤ ᠪᠠ ᠲᠤᠰᠢᠶᠠᠯ  ᠠᠴᠠ ᠪᠠᠭᠤᠯᠭᠠᠬᠤ ᠠᠵᠢᠯ ᠢ ᠶᠠᠪᠤᠭᠳᠠᠭᠤᠯᠵᠦ᠂ ᠬᠤᠳᠠ ᠶᠢᠨ ᠠᠷᠠᠳ ᠤᠨ ᠰᠢᠭᠦᠬᠦ ᠬᠤᠷᠢᠶ᠎ᠠ ᠶᠢᠨ 10  ᠨᠡᠷᠡᠰ ᠨᠦᠬᠦᠷ   ᠢ ᠲᠣᠰ ᠲᠤᠰ ᠲᠤᠰᠢᠶᠠᠯ ᠲᠤ ᠲᠤᠮᠢᠯᠠᠨ ᠪᠠ ᠲᠤᠰᠢᠶᠠᠯ ᠠᠴᠠ   ᠨᠢ ᠪᠠᠭᠤᠯᠭᠠᠪᠠ᠃ ︽ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠵᠤᠭᠠᠴᠠᠯ ᠤᠨ ᠬᠠᠤᠯᠢ︾ ︽ᠤᠯᠤᠰ ᠤᠨ ᠦᠮᠴᠢᠯᠡᠯᠳᠦ ᠡᠳ᠋ ᠬᠦᠷᠦᠩᠭᠡ ᠶᠢᠨ ᠬᠠᠮᠢᠶᠠᠷᠤᠯᠳᠠ ᠶᠢᠨ ᠪᠠᠶᠢᠳᠠᠯ ᠢ ᠮᠡᠳᠡᠭᠦᠯᠬᠦ ᠲᠦᠷᠢᠮ︾ ᠢ ᠬᠠᠮᠳᠤ ᠪᠠᠷ ᠰᠤᠷᠤᠯᠴᠠᠵᠦ᠂  ᠬᠤᠳᠠ  ᠶᠢᠨ ᠵᠠᠰᠠᠭ ᠤᠨ ᠤᠷᠳᠤᠨ ᠤ ᠪᠦᠬᠦ ᠤᠷᠤᠨ ᠪᠦᠰᠡ ᠶᠢᠨ ᠵᠤᠭᠠᠴᠠᠯ ᠤᠨ ᠵᠢᠱᠢᠶ᠎ᠡ ᠦᠵᠡᠭᠦᠯᠬᠦ ᠤᠷᠤᠨ ᠢ ᠡᠭᠦᠳᠦᠨ ᠪᠠᠶᠢᠭᠤᠯᠬᠤ ᠲᠤᠬᠠᠢ ᠠᠵᠢᠯ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠢ ᠪᠡᠶᠡᠯᠡᠭᠦᠯᠦᠭᠰᠡᠨ ᠪᠠᠶᠢᠳᠠᠯ᠂ ᠮᠢᠩ ᠱᠦᠢ ᠾᠧ ᠪᠠᠯᠭᠠᠰᠤ᠂ ᠦ᠋ ᠴᠠ ᠭᠧᠦ ᠪᠠᠯᠭᠠᠰᠤ ᠶᠢᠨ ᠲᠦᠭᠦᠮ ᠪᠦᠳᠦᠴᠡᠳᠤ ᠤᠷᠤᠨ ᠰᠠᠭᠤᠴᠠ  ᠶᠢᠨ ᠲᠤᠭᠤᠷᠢᠭ ᠢ ᠦᠭᠡᠷᠡᠴᠢᠯᠡᠬᠦ ᠠᠵᠢᠯ ᠤᠨ ᠪᠠᠶᠢᠳᠠᠯ ᠤᠨ ᠮᠡᠳᠡᠭᠦᠯᠦᠯᠳᠡ ᠶᠢ ᠰᠤᠨᠤᠰᠤᠭᠰᠠᠨ ᠪᠠ ᠬᠢᠨᠠᠨ ᠵᠦᠪᠯᠡᠪᠡ ᠃  ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠪᠦᠷᠢᠯᠳᠤᠭᠦᠨ ᠭᠡᠰᠢᠭᠦᠨ ᠲᠡᠭᠡᠷᠡᠬᠢ ᠲᠤᠰᠬᠠᠢ ᠠᠵᠢᠯ ᠤᠨ ᠮᠡᠳᠡᠭᠦᠯᠦᠯᠳᠡ ᠢ ᠬᠢᠨᠠᠨ ᠵᠦᠪᠯᠡᠪᠡ᠂ ᠬᠢᠨᠠᠨ ᠵᠦᠪᠯᠡᠭᠰᠡᠨ ᠰᠠᠨᠠᠯ ᠢᠶᠠᠨ ᠲᠤᠷᠠᠳᠬᠤ ᠬᠠᠮᠳᠤ  ᠪᠠᠳᠤᠯᠠᠯᠳᠠ  ᠬᠢᠵᠡᠢ᠃        ᠪᠠᠢ ᠶᠠ ᠪᠢᠨ ᠵᠢᠭᠠᠨ ᠭᠠᠷᠭᠠᠭᠰᠠᠨ ᠨᠢ᠂ ᠪᠦᠬᠦ ᠤᠷᠤᠨ ᠪᠦᠰᠡ ᠶᠢᠨ ᠵᠤᠭᠠᠴᠠᠯ ᠤᠨ ᠵᠢᠱᠢᠶ᠎ᠡ ᠦᠵᠡᠬᠦᠯᠬᠦ ᠣᠷᠣᠨ ᠢ ᠴᠤᠭᠴᠠᠯᠠᠨ ᠪᠠᠶᠢᠭᠤᠯᠬᠤ ᠠᠵᠢᠯ ᠵᠢᠴᠢ ᠶᠠᠳᠠᠭᠤ ᠠᠴᠠ ᠠᠩᠬᠢᠵᠢᠷᠠᠭᠤᠯᠬᠤ ᠪᠣᠭᠤᠮᠲᠠ ᠰᠢᠪᠲᠣᠯᠬᠤ ᠠᠵᠢᠯ  ᠢ ᠦᠷᠨᠢᠬᠦᠯᠦᠭᠰᠡᠨ ᠠᠴᠠ ᠨᠠᠰᠢ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠵᠢᠴᠢ ᠭᠤᠣᠯ ᠬᠠᠮᠢᠶᠠᠷᠬᠤ ᠰᠠᠯᠠᠭ᠎ᠠ ᠮᠦᠴᠢᠷ ᠠᠴᠠ ᠳᠡᠭᠡᠲᠦ ᠬᠡᠮᠵᠢᠶ᠎ᠡ ᠪᠠᠷ ᠬᠦᠨᠳᠦᠳᠬᠡᠨ ᠦᠵᠡᠵᠦ᠂ ᠵᠠᠰᠠᠭ ᠤᠨ ᠣᠷᠳᠣᠨ ᠤ ᠤᠳᠤᠷᠢᠳᠣᠯᠭ᠎ᠠ  ᠶᠢ ᠪᠠᠷᠢᠮᠲᠠᠯᠠᠵᠣ᠂ ᠰᠠᠯᠠᠭ᠎ᠠ ᠮᠦᠴᠢᠷ ᠤᠨ ᠬᠤᠭᠤᠷᠣᠨᠲᠣ ᠪᠠᠨ ᠬᠤᠯᠪᠣᠭᠠᠯᠠᠨ ᠬᠦᠳᠡᠯᠦᠯᠴᠡᠬᠦ ᠪᠠᠷ ᠳᠠᠮᠵᠢᠨ ᠪᠦᠬᠦ ᠤᠷᠤᠨ ᠪᠦᠰᠡ ᠶᠢᠨ ᠵᠤᠭᠠᠴᠠᠯ ᠤᠨ ᠵᠢᠱᠢᠶ᠎ᠡ ᠦᠵᠡᠬᠦᠯᠬᠦ ᠣᠷᠣᠨ ᠢ ᠴᠤᠭᠴᠠᠯᠠᠨ ᠪᠠᠶᠢᠭᠤᠯᠬᠤ ᠰᠠᠶᠢᠨ ᠰᠠᠶᠢᠬᠠᠨ ᠲᠣᠭᠲᠠᠴᠠ ᠶᠢ ᠪᠦᠷᠢᠯᠳᠦᠬᠦᠯᠵᠦ᠂ ᠭᠤᠣᠯᠳᠠᠯᠭᠠᠲᠣ ᠦᠵᠡᠮᠵᠢ ᠶᠢᠨ ᠣᠷᠣᠨ ᠤ ᠪᠦᠲᠦᠬᠡᠨ ᠪᠠᠶᠢᠭᠤᠯᠣᠯᠲᠠ ᠪᠠ ᠰᠠᠭᠤᠷᠢ ᠲᠦᠬᠦᠭᠡᠷᠦᠮᠵᠢ ᠶᠢᠨ ᠪᠦᠲᠦᠬᠡᠨ ᠪᠠᠶᠢᠭᠤᠯᠣᠯᠲᠠ ᠶᠢ ᠤᠨᠴᠠᠭᠠᠶᠢᠯᠠᠨ ᠲᠦᠷᠭᠡᠳᠬᠡᠵᠦ᠂ ᠮᠠᠨ ᠤ ᠬᠤᠲᠠ ᠶᠢᠨ ᠵᠣᠭᠠᠴᠠᠯ ᠤᠨ ᠦᠢᠯᠡᠰ ᠬᠢᠯᠠᠯᠵᠠᠮ᠎ᠠ ᠠᠮᠵᠢᠯᠲᠠ ᠣᠯᠣᠭᠰᠠᠨ ᠪᠠᠶᠢᠨ᠎ᠠ᠃ ᠬᠤᠲᠠ ᠶᠢᠨ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠦᠴᠢᠷ   ᠠᠴᠠ ᠴᠠᠭ ᠢᠮᠠᠭᠲᠠ ᠶᠠᠳᠠᠭᠤ ᠠᠴᠠ ᠠᠩᠬᠢᠵᠢᠷᠠᠭᠤᠯᠬᠤ ᠪᠣᠭᠤᠮᠲᠠ ᠰᠢᠪᠲᠣᠯᠬᠤ ᠠᠵᠢᠯ ᠢ ︽ᠲᠡᠷᠢᠬᠦᠨ ᠢᠨᠵᠧᠨᠧᠷᠢᠩ︾ ᠪᠣᠯᠭᠠᠵᠣ ᠯᠠᠪᠳᠠᠭᠤᠨ ᠪᠠᠲᠣᠲᠠᠢ ᠲᠦᠯᠬᠢᠨ ᠠᠬᠢᠭᠤᠯᠵᠣ᠂ ᠦᠪᠡᠷᠲᠡᠭᠡᠨ ᠵᠠᠰᠠᠬᠤ ᠣᠷᠣᠨ ᠤ ᠰᠢᠯᠭᠠᠨ ᠲᠣᠭᠲᠠᠭᠠᠬᠤ ᠶᠢ ᠬᠦᠯᠢᠶᠡᠨ ᠠᠪᠴᠣ᠂ ᠲᠦᠭᠦᠮ ᠪᠦᠳᠦᠴᠡᠳᠦ ᠭᠡᠷ ᠪᠠᠶᠢᠰᠢᠩ ᠢ ᠦᠭᠡᠷᠡᠴᠢᠯᠠᠨ ᠰᠢᠨᠡᠳᠭᠡᠬᠦ ᠠᠵᠢᠯ ᠢ ᠢᠳᠡᠪᠬᠢᠲᠡᠢ ᠲᠦᠯᠬᠢᠨ ᠠᠬᠢᠭᠤᠯᠵᠣ᠂ ᠶᠠᠳᠠᠭᠤ ᠬᠦᠴᠢᠷᠳᠡᠯᠲᠡᠢ ᠣᠯᠠᠨ ᠲᠦᠮᠡᠨ ᠤ ᠣᠷᠣᠨ ᠰᠠᠭᠤᠴᠠ ᠶᠢᠨ ᠨᠦᠬᠦᠴᠡᠯ ᠢ ᠰᠠᠶᠢᠵᠢᠷᠠᠭᠤᠯᠬᠤ᠂ ᠬᠤᠲᠠ ᠶᠢᠨ ᠳᠦᠷᠢ ᠳᠦᠷᠬᠦ ᠶᠢ ᠬᠤᠪᠢᠷᠠᠭᠤᠯᠬᠤ ᠲᠠᠯ᠎ᠠ ᠪᠠᠷ ᠤᠯᠠᠨ ᠠᠵᠢᠯ ᠬᠢᠭᠰᠡᠨ ᠪᠠᠶᠢᠨ᠎ᠠ᠂ ᠪᠦᠬᠦ ᠬᠤᠲᠠ ᠶᠢᠨ ᠰᠠᠭᠤᠷᠢ ᠲᠦᠬᠦᠭᠡᠷᠦᠮᠵᠢ ᠬᠢᠬᠡᠳ ᠦᠢᠯᠡᠳᠪᠦᠷᠢᠯᠡᠯ ᠠᠮᠢᠳᠣᠷᠠᠯ ᠤᠨ ᠨᠦᠬᠦᠴᠡᠯ ᠢᠯᠡᠳᠲᠡ ᠰᠠᠶᠢᠵᠢᠷᠠᠵᠣ᠂ ᠤᠯᠠᠨ ᠲᠦᠮᠡᠨ ᠤ ᠳᠡᠮᠵᠢᠯᠭᠡ ᠪᠠ ᠬᠦᠷᠢᠶᠡᠯᠡᠯ ᠢ ᠣᠯᠵᠠᠢ ᠬᠡᠮᠡᠨ ᠢᠯᠡᠷᠭᠡᠶᠢᠯᠡᠵᠡᠢ᠃    
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号