ᠪᠦᠬᠦ ᠠᠶᠢᠮᠠᠭ ᠤᠨ ᠶᠠᠳᠠᠭᠤ ᠶᠢ ᠲᠡᠳᠭᠦᠨ ᠨᠡᠬᠡᠬᠡᠨ ᠬᠦᠭᠵᠢᠬᠦᠯᠬᠦ ᠠᠵᠢᠯ ᠤᠨ ᠤᠳᠤᠷᠢᠳᠬᠤ ᠲᠤᠭᠤᠢᠢᠯᠠᠩ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2019-01-03
    2018 ᠤᠨ ᠤ 12 ᠰᠠᠷ᠎ᠠ ᠶᠢᠨ 29 ᠤ ᠡᠳᠤᠷ᠂ ᠪᠦᠬᠦ ᠠᠶᠢᠮᠠᠬ ᠤᠨ ᠶᠠᠳᠠᠭᠤ ᠶᠢ ᠲᠡᠳᠭᠦᠨ ᠨᠡᠬᠡᠬᠡᠨ ᠬᠦᠭᠵᠢᠬᠦᠯᠬᠦ ᠠᠵᠢᠯ ᠤᠨ ᠤᠳᠤᠷᠢᠳᠬᠤ ᠲᠤᠭᠤᠢᠢᠯᠠᠩ ᠤᠨ ᠬᠤᠷᠠᠯ ᠬᠤᠷᠠᠯᠳᠤᠵᠦ᠂ ᠠᠶᠢᠮᠠᠬ ᠤᠨ ᠨᠠᠮ ᠤᠨ ᠬᠤᠷᠢᠶᠠᠨ ᠤ ᠱᠥᠵᠢ ᠵᠠᠩ ᠡᠸ᠋ᠨ ᠬᠤᠢ ᠬᠤᠷᠠᠯ ᠢ ᠡᠷᠬᠢᠯᠠᠵᠥ᠂ ᠠᠶᠢᠮᠠᠬ ᠤᠨ ᠶᠠᠳᠠᠭᠤ ᠶᠢ ᠲᠡᠳᠭᠦᠨ ᠨᠡᠬᠡᠬᠡᠨ ᠭᠥᠭᠵᠢᠬᠦᠯᠬᠦ ᠠᠵᠢᠯ ᠤᠨ ᠤᠳᠤᠷᠢᠳᠬᠤ ᠲᠤᠭᠤᠢᠢᠯᠠᠩ ᠤᠨ ᠪᠥᠭᠦ ᠬᠡᠰᠢᠭᠦᠨ ᠵᠢᠴᠢ ᠡᠯ᠎ᠠ ᠬᠤᠰᠢᠭᠤ ᠰᠢᠶᠠᠨ ᠬᠤᠳᠡ ᠶᠢᠨ ᠨᠠᠮ ᠤᠨ ᠬᠤᠷᠢᠶᠠᠨ ᠤ ᠱᠥᠵᠢ᠂ ᠬᠤᠰᠢᠭᠤ ᠰᠢᠶᠠᠨ ᠬᠤᠳᠠ ᠶᠢᠨ ᠶᠠᠳᠠᠭᠤ ᠶᠢ ᠲᠠᠳᠭᠦᠭᠦ ᠠᠵᠢᠯ ᠢ ᠬᠠᠷᠢᠭᠤᠴᠠᠵᠦ ᠪᠠᠶᠢᠭ᠎ᠠ ᠭᠤᠤᠯ ᠬᠠᠷᠢᠭᠤᠴᠠᠯᠭᠠᠳᠠᠨ ᠵᠢᠴᠢ ᠬᠠᠮᠢᠶ᠎ᠠ ᠪᠥᠭᠦᠢ ᠰᠠᠯᠭ᠎ᠠ ᠮᠥᠴᠢᠷ ᠤᠨ ᠤᠳᠤᠷᠢᠳᠤᠯᠭ᠎ᠠ ᠨᠠᠷ ᠬᠤᠷᠠᠯ ᠳᠤ ᠤᠷᠤᠯᠴᠡᠪᠡ᠃     ᠠᠶᠢᠮᠠᠬ ᠤᠨ ᠶᠠᠳᠠᠭᠤ ᠶᠢ ᠲᠠᠳᠭᠦᠭᠦ ᠠᠯᠪᠡᠨ ᠬᠡᠷ ᠤᠨ ᠡᠷᠬᠢᠯᠡᠭᠴᠢ ᠴᠸᠡ ᠶᠠᠨ ᠴᠧᠩ ᠨᠥᠭᠦᠷ ᠠᠴᠠ ᠪᠥᠭᠦ ᠠᠶᠢᠮᠠᠬ ᠤᠨ ᠶᠠᠳᠡᠭᠤ ᠶᠢ ᠲᠠᠳᠭᠦᠭᠦ ᠪᠤᠭᠤᠮᠳᠡ ᠰᠢᠪᠳᠤᠯᠬᠤ ᠲᠤᠮᠳᠡ ᠤᠷᠤᠰᠢᠵᠥ ᠪᠠᠶᠢᠭ᠎ᠠ ᠪᠠᠭ᠎ᠠ ᠲᠤᠭᠠᠨ ᠤ ᠵᠢᠬᠡᠯᠡᠯᠬᠡ ᠪᠤᠯᠤᠨ ᠪᠡᠯᠡ ᠮᠥᠩᠭᠦ ᠶᠢᠨ ᠬᠠᠮᠢᠶᠠᠷᠤᠯᠳᠡ᠂ ᠲᠠᠩᠰᠡ ᠡᠪᠬᠡᠮᠠᠯ ᠪᠠᠶᠢᠭᠤᠯᠤᠬᠰᠡᠨ ᠲᠤᠭ᠎ᠠ ᠪᠠᠷᠢᠮᠳᠡ᠂ ᠶᠠᠳᠡᠭᠤ ᠠᠴᠠ ᠠᠩᠬᠢᠵᠢᠷᠠᠬᠤ ᠶᠢ ᠬᠢᠨᠠᠨ ᠪᠠᠶᠢᠴᠡᠭᠠᠵᠥ ᠰᠢᠯᠭᠠᠨ ᠬᠤᠷᠢᠶᠠᠬᠤ ᠵᠢᠴᠢ ᠪᠡᠬᠡᠵᠢᠩ ᠠᠴᠠ ᠥᠪᠤᠷ ᠮᠤᠩᠭᠤᠯ ᠢ ᠬᠠᠪᠰᠤᠷᠤᠨ ᠲᠠᠳᠭᠦᠭᠦ ᠬᠠᠮᠳᠤᠷᠠᠨ ᠠᠵᠢᠯᠯᠠᠬᠤ ᠵᠠᠷᠬᠡ ᠲᠠᠯ᠎ᠠ ᠶᠢᠨ ᠭᠥᠷᠥᠯᠴᠡᠬᠦ ᠥᠬᠡᠢ ᠲᠠᠯ᠎ᠠ ᠶᠢ ᠵᠢᠭᠠᠵᠥ ᠭᠠᠷᠭᠠᠬᠰᠡᠨ ᠮᠥᠷᠳᠡᠬᠡᠨ ᠲᠠᠷᠠᠭᠠᠴᠢ ᠶᠢᠨ ᠠᠯᠬᠤᠮ ᠤᠨ ᠬᠠᠪᠰᠤᠷᠤᠨ ᠲᠠᠳᠭᠦᠭᠦ ᠠᠵᠢᠯ ᠤᠨ ᠭᠤᠤᠯᠳᠡᠯᠭ᠎ᠠ ᠪᠠᠨ ᠬᠠᠷᠢᠭᠤ ᠮᠠᠳᠡᠭᠦᠯᠥᠭᠰᠡᠨ ᠪᠠᠶᠢᠨ᠎ᠠ᠃      ᠬᠤᠷᠠᠯ ᠳᠤ᠂ ᠠᠶᠢᠮᠠᠬ ᠤᠨ ᠨᠠᠮ ᠤᠨ ᠬᠤᠷᠢᠶᠠᠨ ᠤ ᠬᠡᠰᠢᠭᠦᠨ᠂ ᠰᠠᠬᠢᠯᠭ᠎ᠠ ᠪᠠᠳᠥ ᠪᠠᠶᠢᠴᠡᠭᠠᠬᠤ ᠬᠤᠷᠢᠶ᠎ᠠ ᠶᠢᠨ ᠱᠥᠵᠢ᠂ ᠬᠢᠨᠠᠨ ᠪᠠᠶᠢᠴᠡᠭᠠᠬᠤ ᠵᠥᠪᠯᠠᠯ ᠤᠨ ᠡᠷᠬᠢᠯᠡᠭᠴᠢ ᠸᠠᠩ ᠵᠢᠶᠦ᠋ᠨ ᠠᠴᠠ ᠰᠠᠬᠢᠯᠭ᠎ᠠ ᠪᠡᠳᠥ ᠪᠠᠶᠢᠴᠡᠭᠠᠬᠤ ᠬᠤᠷᠢᠶ᠎ᠠ ᠠᠴᠠ ᠬᠢᠨᠠᠨ ᠪᠠᠶᠢᠴᠡᠭᠠᠬᠤ ᠶᠠᠪᠤᠴᠡ ᠳᠠᠬᠢ ᠬᠠᠪᠰᠤᠷᠤᠨ ᠲᠠᠳᠭᠦᠭᠦ ᠠᠵᠢᠯ ᠤᠨ ᠲᠤᠮᠳᠡ ᠭᠠᠷᠤᠬᠰᠡᠨ ᠠᠰᠠᠭᠤᠳᠡᠯ ᠢ ᠵᠢᠭᠠᠵᠥ ᠭᠠᠷᠭᠠᠬᠰᠡᠨ ᠮᠥᠷᠳᠡᠬᠡᠨ ᠬᠠᠪᠰᠤᠷᠤᠨ ᠲᠠᠳᠭᠦᠭᠦ ᠠᠵᠢᠯ ᠤᠨ ᠲᠤᠬᠠᠢ ᠰᠠᠨᠠᠯ ᠢᠶᠠᠨ ᠲᠤᠷᠠᠳᠤᠬᠰᠡᠨ ᠪᠠᠶᠢᠨ᠎ᠠ᠃ ᠡᠯ᠎ᠠ ᠬᠤᠰᠢᠭᠤ ᠰᠢᠶᠠᠨ ᠬᠤᠳᠡ ᠶᠢᠨ ᠨᠠᠮ ᠤᠨ ᠬᠤᠷᠢᠶᠠᠨ ᠤ ᠱᠥᠵᠢ ᠠᠴᠠ ᠶᠠᠳᠡᠭᠤ ᠠᠴᠠ ᠠᠩᠬᠢᠵᠢᠷᠠᠭᠤᠯᠬᠤ ᠪᠤᠭᠤᠮᠳᠡ ᠰᠢᠪᠳᠤᠯᠬᠤ ᠠᠵᠢᠯ ᠢ ᠥᠷᠨᠢᠭᠦᠯᠵᠥ ᠪᠠᠶᠢᠭ᠎ᠠ ᠪᠠᠶᠢᠳᠡᠯ ᠵᠢᠴᠢ ᠲᠠᠷᠠᠭᠠᠴᠢ ᠶᠢᠨ ᠠᠵᠢᠯ ᠤᠨ ᠪᠠᠶᠢᠷᠢᠯᠠᠭᠤᠯᠤᠯᠳᠠ ᠶᠢᠨ ᠲᠤᠬᠠᠢ ᠬᠠᠷᠢᠭᠤ ᠮᠡᠳᠡᠬᠦᠯᠦᠯᠳᠠ ᠬᠢᠭᠰᠡᠨ ᠪᠠᠶᠢᠨ᠎ᠠ᠃     ᠠᠶᠢᠮᠠᠭ ᠤᠨ ᠨᠠᠮ ᠤᠨ ᠬᠤᠷᠢᠶᠠᠨ ᠤ ᠭᠡᠰᠢᠬᠦᠨ᠂ ᠠᠶᠢᠮᠠᠭ ᠤᠨ ᠵᠠᠬᠢᠷᠭ᠎ᠠ ᠶᠢᠨ ᠪᠠᠶᠢᠩᠭᠤ ᠶᠢᠨ ᠲᠡᠳ᠋ ᠲᠠᠷᠤᠭ᠎ᠠ ᠰᠦᠢ ᠸᠧᠢ ᠵᠢᠶᠦ᠋ᠨ ᠠᠴᠠ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠳᠤ ᠳ᠋ᠥ᠋ᠩᠨᠠᠯᠳᠠ ᠬᠢᠵᠦ᠂ ᠲᠠᠷᠠᠭᠠᠴᠢ ᠶᠢᠨ ᠠᠵᠢᠯ ᠳᠤ ᠪᠠᠨ ᠪᠤᠳᠠᠳᠠᠢ ᠪᠠᠶᠢᠷᠢᠯᠠᠭᠤᠯᠤᠯᠳᠠ ᠬᠢᠪᠠ᠃    ᠵᠠᠩ ᠡᠸ᠋ᠨ ᠬᠤᠢ ᠵᠢᠭᠠᠵᠥ ᠭᠠᠷᠭᠠᠬᠰᠡᠨ ᠨᠢ᠂ 2018 ᠤᠨ ᠤ ᠪᠥᠭᠦ ᠠᠶᠢᠮᠠᠬ ᠤᠨ ᠶᠠᠳᠠᠭᠤ ᠶᠢ ᠲᠠᠳᠭᠦᠭᠦ ᠠᠵᠢᠯ ᠨᠠᠯᠢᠶᠠᠳ ᠠᠮᠵᠢᠯᠳᠡ ᠤᠯᠤᠬᠰᠡᠨ ᠪᠠᠶᠢᠨ᠎ᠠ᠂ ᠤᠷᠤᠰᠢᠵᠦ ᠪᠠᠶᠢᠭ᠎ᠠ ᠠᠰᠠᠭᠤᠳᠡᠯ ᠢᠶᠠᠨ ᠰᠠᠶᠢᠳᠤᠷ ᠰᠢᠢᠳᠪᠤᠷᠢᠯᠠᠵᠥ᠂ ᠵᠥᠪ ᠤᠨᠤᠪᠴᠢᠳᠡᠢ ᠲᠠᠨᠢᠯᠳᠡ ᠲᠠᠢ ᠪᠠᠶᠢᠵᠥ᠂ ᠯᠠᠪᠳᠡᠭᠤᠨ ᠬᠢᠨᠠᠮᠠᠭᠠᠢ ᠪᠠᠷ ᠶᠠᠳᠠᠭᠤ ᠶᠢ ᠲᠠᠳᠭᠦᠭᠦ ᠠᠵᠢᠯ ᠢ ᠰᠠᠶᠢᠳᠤᠷ ᠬᠢᠵᠥ᠂ ᠪᠡᠯᠡ ᠮᠥᠩᠭᠦ ᠪᠤᠯᠤᠨ ᠠᠵᠥ ᠥᠢᠯᠠᠰ ᠤᠨ ᠲᠥᠷᠥᠯ ᠵᠥᠢᠯ ᠤᠨ ᠲᠠᠯ᠎ᠠ ᠶᠢᠨ ᠠᠰᠠᠭᠤᠳᠡᠯ ᠭᠠᠷᠬᠤ ᠠᠴᠠ ᠰᠠᠷᠬᠡᠶᠢᠯᠠᠵᠥ᠂ ᠥᠨᠠᠨᠴᠢ ᠢᠳᠡᠬᠡᠯᠳᠡᠢ ᠪᠠᠷ ᠪᠥᠭᠦ ᠠᠶᠢᠮᠠᠬ ᠤᠨ ᠠᠷᠠᠳ ᠲᠥᠮᠠᠨ ᠳᠡᠭᠡᠨ ᠥᠢᠯᠠᠴᠢᠯᠠᠵᠥ ᠂ ᠰᠢᠨ᠎ᠠ ᠵᠢᠯ ᠤᠨ ᠠᠮᠠᠷᠠᠯᠳᠡ ᠶᠢᠨ ᠬᠤᠭᠤᠴᠠᠭᠠᠨ ᠳᠠᠭᠠᠨ ᠥᠢᠯᠠᠳᠪᠤᠷᠢᠯᠠᠯ ᠠᠮᠢᠳᠤᠷᠠᠯ ᠤᠨ ᠠᠮᠤᠷ ᠲᠥᠪᠰᠢᠨ ᠢ ᠠᠩᠬᠠᠷᠬᠤ ᠬᠡᠷᠡᠭᠳᠡᠢ ᠬᠡᠵᠡᠢ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号