ᠮᠠᠨ ᠤ ᠠᠶᠢᠮᠠᠭ ᠨᠠᠮ ᠤᠨ ᠰᠤᠷᠳᠠᠯ ᠴᠢᠭᠡᠴᠢ ᠵᠠᠰᠠᠭ ᠤᠨ ᠪᠠᠶᠢᠭᠤᠯᠤᠯᠳᠠ ᠶᠢᠨ ︽ᠨᠢᠭᠡ ᠠᠵᠢᠯ ᠤᠨ ᠪᠠᠶᠢᠷᠢ ᠬᠤᠤᠰ ᠬᠠᠷᠢᠭᠤᠴᠠᠯᠭ᠎ᠠ︾ ᠶᠢ ᠨᠠᠶᠢᠳᠠᠪᠤᠷᠢᠵᠢᠭᠤᠯᠤᠭᠰᠠᠨ ᠲᠤᠬᠠᠢ ᠬᠠᠷᠢᠭᠤ ᠮᠡᠳᠡᠭᠦᠯᠦᠯᠳᠡ ᠵᠢᠴᠢ ᠠᠷᠢᠭᠤᠨ ᠴᠢᠭᠡᠴᠢ ᠶᠢᠨ ᠬᠠᠮᠳᠦ ᠶᠢᠨ ᠶᠠᠷᠢᠯᠴᠠᠭᠠᠨ ᠤ ᠬᠤᠷᠠᠯ ᠬᠤᠷᠠᠯᠳᠤᠭᠤᠯᠵᠠᠢ
ᠨᠡᠶᠢᠲᠡᠯᠡᠭᠰᠡᠨ ᠴᠠᠭ᠄
2019-01-03
    2018 ᠤᠨ ᠤ 12 ᠰᠠᠷ᠎ᠠ ᠶᠢᠨ 29 ᠤ ᠡᠳᠦᠷ᠂ ᠬᠢᠩᠭᠠᠨ ᠠᠶᠢᠮᠠᠭ ᠤᠨ ᠨᠠᠮ ᠤᠨ ᠰᠤᠷᠳᠠᠯ ᠴᠢᠭᠡᠴᠢ ᠵᠠᠰᠠᠭ ᠤᠨ ᠪᠠᠶᠢᠭᠤᠯᠤᠯᠳᠠ ᠶᠢᠨ ︽ᠨᠢᠭᠡ ᠠᠵᠢᠯ ᠤᠨ ᠪᠠᠶᠢᠷᠢ ᠬᠤᠤᠰ ᠬᠠᠷᠢᠭᠤᠴᠠᠯᠭ᠎ᠠ︾ ᠶᠢ ᠲᠤᠤᠱᠯᠠᠭᠤᠯᠤᠨᠨᠰᠠᠨ ᠲᠤᠬᠠᠢ ᠬᠠᠷᠢᠭᠤ ᠮᠡᠳᠡᠭᠦᠯᠦᠯᠳᠡ ᠵᠢᠴᠢ ᠠᠷᠢᠭᠤᠨ ᠴᠢᠭᠡᠴᠢ ᠶᠢᠨ ᠬᠠᠮᠳᠦ ᠶᠢᠨ ᠶᠠᠷᠢᠯᠴᠠᠭᠠᠨ ᠤ ᠬᠤᠷᠠᠯ ᠬᠤᠷᠠᠯᠳᠤᠭᠤᠯᠵᠦ᠂ ᠠᠶᠢᠮᠠᠭ ᠤᠨ ᠨᠠᠮ ᠤᠨ ᠬᠤᠷᠢᠶᠠᠨ ᠤ ᠱᠦᠵᠢ ᠵᠠᠩ ᠡᠸ᠋ᠨ ᠬᠤᠢ᠂ ᠠᠶᠢᠮᠠᠭ ᠪᠠ ᠬᠤᠰᠢᠭᠤ ᠰᠢᠶᠠᠨ ᠬᠤᠳᠠ ᠶᠢᠨ ᠬᠠᠮᠢᠶ᠎ᠠ ᠪᠦᠬᠦᠢ ᠤᠳᠤᠷᠢᠳᠤᠯᠭ᠎ᠠ ᠬᠤᠷᠠᠯ ᠳᠤ ᠤᠷᠤᠯᠴᠬᠠᠰᠠᠨ ᠪᠠᠶᠢᠨ᠎ᠠ᠃     ᠠᠶᠢᠮᠠᠭ ᠤᠨ ᠨᠠᠮ ᠤᠨ ᠰᠤᠷᠳᠠᠯ ᠤᠨ ᠤᠳᠤᠷᠢᠤᠡᠬᠤ ᠳᠤᠭᠤᠢᠢᠯᠠᠩ ᠠᠴᠠ ᠡᠯ᠎ᠠ ᠬᠤᠰᠢᠭᠤ ᠰᠢᠶᠠᠨ ᠬᠤᠳᠠ᠂ ᠠᠶᠢᠮᠠᠭ ᠤᠨ ᠰᠢᠭᠤᠤᠨ ᠬᠠᠷᠢᠶ᠎ᠠ ᠪᠠᠶᠢᠭᠤᠯᠤᠯᠭ᠎ᠠ ᠶᠢᠨ ᠨᠠᠮ ᠤᠨ ᠰᠤᠷᠳᠠᠯ ᠴᠢᠭᠡᠴᠢ ᠵᠠᠰᠠᠭ ᠤᠨ ᠪᠠᠶᠢᠭᠤᠯᠤᠯᠳᠠ ᠶᠢᠨ ᠬᠠᠷᠢᠭᠤ ᠮᠡᠳᠡᠭᠦᠯᠦᠯᠳᠡ ᠵᠢᠴᠢ ᠠᠵᠢᠯ ᠤᠨ ᠤᠪᠤᠷ ᠰᠤᠷᠳᠠᠯ ᠤᠨ ᠪᠠᠶᠢᠭᠤᠯᠤᠯᠳᠠ᠂ ᠨᠠᠮ ᠤᠨ ᠰᠤᠷᠳᠠᠯ ᠴᠢᠭᠡᠴᠢ ᠵᠠᠰᠠᠭ ᠤᠨ ᠪᠠᠶᠢᠭᠤᠯᠤᠯᠳᠠ ᠶᠢᠨ ᠬᠠᠷᠢᠭᠤᠴᠠᠯᠭ᠎ᠠ ᠶᠢᠨ ᠲᠦᠷᠢᠮ ᠵᠡᠷᠭᠡ ᠶᠢ ᠲᠤᠤᠱᠯᠠᠭᠤᠯᠤᠨᠨᠰᠠᠨ ᠪᠠᠶᠢᠳᠠᠯ ᠤᠨ ᠬᠠᠷᠢᠭᠤ ᠮᠡᠳᠡᠭᠦᠯᠦᠯᠳᠡ ᠶᠢ ᠰᠤᠨᠤᠰᠴᠠᠢ᠃    ᠵᠠᠩ ᠡᠸ᠋ᠨ ᠬᠤᠢ ᠬᠠᠷᠢᠭᠤ ᠮᠡᠳᠡᠭᠦᠯᠦᠯᠳᠡ ᠶᠢ ᠰᠤᠨᠤᠰᠤᠨᠨᠰᠠᠨ ᠤ ᠲᠠᠷᠠᠭ᠎ᠠ ᠴᠢᠬᠤᠯᠠᠴᠢᠯᠠᠬᠤ ᠳᠠᠭᠠᠨ᠂ ᠨᠠᠮ ᠤᠨ ᠤᠯᠤᠰ ᠲᠦᠷᠦ ᠶᠢᠨ ᠪᠠᠶᠢᠭᠤᠯᠤᠯᠳᠠ ᠶᠢ ᠢᠮᠠᠬᠳᠠ ᠲᠡᠷᠢᠭᠦᠨ ᠪᠠᠶᠢᠷᠢᠨ ᠳᠤ ᠲᠠᠯᠪᠢᠵᠦ᠂ ᠦᠵᠡᠯ ᠰᠠᠨᠠᠭᠠᠨ ᠤ ᠤᠨᠤᠯᠵᠢᠬᠤᠨ ᠢᠶᠠᠨ ᠦᠷᠬᠦᠯᠵᠢ ᠶᠢᠨ ᠴᠢᠨᠠᠷᠳᠠᠢ ᠴᠢᠩᠭᠠᠤᠡᠬᠠᠵᠦ᠂ ᠤᠯᠤᠰ ᠲᠦᠷᠦ ᠶᠢᠨ ᠵᠤᠨᠨᠰᠤᠴᠠ᠂ ᠤᠯᠤᠰ ᠲᠦᠷᠦ ᠶᠢᠨ ᠬᠠᠨᠳᠤᠰᠢ᠂ ᠤᠯᠤᠰ ᠲᠦᠷᠦ ᠶᠢᠨ ᠵᠠᠷᠴᠢᠮ᠂ ᠤᠯᠤᠰ ᠲᠦᠷᠦ ᠶᠢᠨ ᠱᠤᠭᠤᠮ ᠢᠶᠠᠨ ᠶᠡᠷᠦᠩᠬᠡᠢ ᠱᠦᠵᠢ ᠰᠢ ᠶᠢᠨ ᠫᠢᠩ ᠢᠶᠠᠷ ᠭᠤᠤᠯ ᠪᠤᠯᠭᠠᠨᠨᠰᠠᠨ ᠨᠠᠮ ᠤᠨ ᠲᠦᠪ ᠬᠤᠷᠢᠶ᠎ᠠ ᠲᠠᠢ ᠨᠢᠭᠡᠤᠡᠭᠡᠬᠦ ᠬᠡᠷᠡᠭᠳᠠᠢ᠃ ᠡᠭᠦᠨ ᠤ ᠬᠠᠮᠳᠦ᠂ ᠤᠯᠤᠰ ᠲᠦᠷᠦ ᠶᠢᠨ ᠲᠦᠷᠢᠮ ᠪᠠ ᠤᠯᠤᠰ ᠲᠦᠷᠦ ᠶᠢᠨ ᠲᠤᠨᠨᠳᠠᠭᠠᠯ᠂ ᠨᠠᠮ ᠤᠨ ᠲᠤᠮᠳᠠᠬᠢ ᠤᠯᠤᠰ ᠲᠦᠷᠦ ᠶᠢᠨ ᠠᠮᠢᠳᠤᠷᠠᠯ ᠢ ᠡᠷᠡᠰ ᠴᠢᠩᠭᠠᠤᠡᠬᠠᠵᠦ᠂ ᠲᠦᠪ ᠠᠴᠠ ᠲᠤᠨᠨᠳᠠᠭᠠᠨᠨᠰᠠᠨ ᠨᠠᠢᠮᠠᠨ ᠵᠤᠷᠪᠤᠰ ᠲᠤᠨᠨᠳᠠᠭᠠᠯ ᠢ ᠰᠠᠶᠢᠳᠤᠷ ᠲᠤᠤᠱᠯᠠᠭᠤᠯᠵᠦ᠂ ᠨᠠᠮ ᠪᠤᠯᠤᠨ ᠠᠷᠠᠤᠨ ᠲᠦᠮᠡᠨ ᠤ ᠮᠢᠬ᠎ᠠ ᠴᠢᠰᠤᠨ ᠤ ᠬᠠᠷᠢᠴᠠᠭ᠎ᠠ ᠶᠢ ᠨᠢᠬᠳᠠᠷᠠᠭᠤᠯᠤᠨ᠂ ᠲᠠᠭᠠᠭᠤᠯᠤᠨᠨᠴᠢ ᠶᠢᠨ ᠦᠶ᠋ᠯᠡᠳᠦᠯ ᠢᠶᠠᠨ ᠭᠦᠢᠴᠡᠤᠡ ᠪᠠᠳᠠᠷᠠᠭᠤᠯᠵᠦ᠂ ᠶᠤᠰᠦ ᠰᠤᠷᠳᠠᠬᠤᠨ ᠤ ᠬᠦᠮᠦᠵᠢᠯ ᠢ ᠦᠷᠬᠦᠯᠵᠢ ᠶᠢᠨ ᠴᠢᠨᠠᠷᠳᠠᠢ ᠶᠠᠪᠤᠨᠨᠳᠠᠭᠤᠯᠵᠦ᠂ ᠰᠠᠬᠢᠯᠭ᠎ᠠ ᠪᠠᠳᠦ ᠶᠢ ᠴᠢᠩᠭ᠎ᠠ ᠬᠡᠷᠡᠭᠵᠢᠭᠦᠯᠤᠨ᠂ ᠢᠯᠵᠠᠷᠡᠯ ᠢ ᠡᠰᠡᠷᠭᠦᠴᠡᠨ᠂ ᠲᠤᠨᠨᠳᠠᠴᠠ ᠶᠢ ᠲᠡᠬᠦᠯᠳᠡᠷᠵᠢᠭᠦᠯᠵᠦ᠂ ᠢᠯᠵᠠᠷᠡᠯ ᠤᠨ ᠠᠰᠠᠭᠤᠳᠠᠯ ᠢ ᠴᠢᠩᠭ᠎ᠠ ᠵᠠᠰᠠᠨ ᠴᠡᠭᠴᠡᠯᠡᠵᠦ᠂ ᠢᠯᠵᠠᠷᠡᠯ ᠤᠨ ᠠᠰᠠᠭᠤᠳᠠᠯ ᠡᠭᠦᠰᠬᠦ ᠠᠴᠠ ᠰᠡᠷᠭᠡᠶᠢᠯᠡᠬᠦ ᠲᠤᠨᠨᠳᠠᠴᠠ ᠶᠢ ᠲᠡᠬᠦᠯᠳᠡᠷᠵᠢᠭᠦᠯᠬᠦ ᠬᠡᠷᠡᠭᠳᠠᠢ ᠭᠡᠪᠡ᠃     ᠵᠠᠩ ᠡᠸ᠋ᠨ ᠬᠤᠢ ᠠᠴᠠ ᠠᠶᠢᠮᠠᠭ ᠤᠨ ᠤᠳᠤᠷᠢᠤᠡᠬᠤ ᠪᠠᠭ ᠤᠨ ᠭᠡᠰᠢᠭᠦᠨ ᠪᠠ ᠡᠯ᠎ᠠ ᠬᠤᠰᠢᠭᠤ ᠰᠢᠶᠠᠨ ᠬᠤᠳᠠ ᠶᠢᠨ ᠬᠠᠮᠢᠶ᠎ᠠ ᠪᠦᠬᠦᠢ ᠤᠳᠤᠷᠢᠳᠤᠯᠭ᠎ᠠ ᠲᠠᠢ ᠠᠷᠢᠭᠤᠨ ᠴᠢᠭᠡᠴᠢ ᠪᠠᠷ ᠵᠠᠰᠠᠭ ᠪᠠᠷᠢᠬᠤ ᠠᠵᠢᠯ ᠤᠨ ᠲᠤᠭᠤᠷᠢᠨ ᠳᠤ ᠬᠠᠷᠢᠯᠴᠠᠨ ᠶᠠᠷᠢᠯᠴᠠᠬᠤ ᠳᠠᠭᠠᠨ᠂ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠲᠤᠮᠳᠠᠳᠦ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠦᠪᠡᠷ ᠢ ᠪᠠᠨ ᠵᠡᠪᠰᠡᠭᠯᠡᠵᠦ᠂ ᠨᠠᠮ ᠤᠨ ᠰᠤᠷᠤᠯᠴᠠᠯᠭ᠎ᠠ ᠪᠠᠨ ᠴᠢᠩᠭᠠᠤᠡᠬᠠᠨ᠂ ᠨᠠᠮ ᠤᠨ ᠲᠦᠷᠢᠮ ᠲᠤᠨᠨᠳᠠᠭᠠᠯ ᠢ ᠰᠠᠶᠢᠳᠤᠷ ᠰᠤᠷᠤᠯᠴᠠᠨ ᠲᠤᠤᠱᠯᠠᠭᠤᠯᠵᠦ᠂ ᠤᠯᠤᠰ ᠲᠦᠷᠦ ᠶᠢᠨ ᠵᠦᠪ ᠬᠠᠨᠳᠤᠰᠢ ᠶᠢ ᠴᠢᠩᠭ᠎ᠠ ᠪᠠᠷᠢᠮᠳᠠᠯᠠᠬᠤ ᠬᠡᠷᠡᠭᠳᠠᠢ᠃ ᠢᠳᠡᠭᠡᠯ ᠵᠢᠷᠤᠮ ᠢ ᠡᠷᠬᠢᠮᠯᠡᠵᠦ᠂ ᠤᠯᠤᠰ ᠲᠦᠷᠦ ᠶᠢᠨ ᠡᠯ᠎ᠠ ᠲᠦᠷᠦᠯ ᠤᠨ ᠲᠦᠷᠢᠮ ᠲᠤᠨᠨᠳᠠᠭᠠᠯ ᠢ ᠰᠠᠶᠢᠳᠤᠷ ᠵᠢᠷᠤᠮᠯᠠᠵᠦ᠂ ᠲᠦᠪ ᠠᠴᠠ ᠲᠤᠨᠨᠳᠠᠭᠠᠨᠨᠰᠠᠨ ᠲᠤᠨᠨᠳᠠᠭᠠᠯ ᠢ ᠵᠦᠷᠢᠴᠡᠬᠦ ᠶᠢ ᠡᠷᠡᠰ ᠲᠡᠪᠴᠢᠭᠰᠡᠨ ᠪᠠᠶᠢᠵᠦ᠂ ᠲᠡᠭᠡᠳᠦ ᠱᠠᠳᠤᠨ ᠳᠠᠭᠠᠨ ᠮᠡᠳᠡᠭᠦᠯᠬᠦ ᠴᠢᠬᠤᠯᠠ ᠲᠠᠢ ᠠᠵᠢᠯ ᠲᠦᠷᠦᠯ ᠢᠶᠠᠨ ᠦᠪᠡᠷ ᠢᠶᠠᠨ ᠡᠵᠡᠨ ᠮᠡᠳᠡᠵᠦ ᠦᠢᠯᠡᠤᠡᠬᠦ ᠶᠢ ᠴᠡᠬᠡᠷᠯᠡᠵᠦ᠂ ᠬᠤᠳᠠᠯ ᠬᠠᠭᠤᠷᠮᠠᠭ ᠪᠠ ᠨᠢᠭᠤᠷ ᠤᠨ ᠲᠠᠯ᠎ᠠ ᠶᠢᠨ ᠠᠵᠢᠯ ᠢ ᠬᠢᠬᠦ ᠦᠭᠡᠢ ᠪᠠᠶᠢᠵᠦ᠂ ᠦᠨᠡᠨ ᠪᠤᠳᠠᠳᠦ ᠦᠢᠯᠡ ᠠᠵᠢᠯᠯᠠᠭ᠎ᠠ ᠪᠠᠷ ᠢᠶᠠᠨ ᠨᠠᠮ ᠪᠤᠯᠤᠨ ᠠᠷᠠᠤᠨ ᠲᠦᠮᠡᠨ ᠳᠡᠭᠡᠨ ᠦᠢᠯᠡᠴᠢᠯᠡᠵᠦ᠂ ᠵᠤᠬᠢᠶᠠᠨ ᠪᠠᠶᠢᠭᠤᠯᠤᠯᠳᠠ ᠶᠢᠨ ᠢᠳᠡᠭᠡᠯ ᠪᠠ ᠨᠠᠶᠢᠳᠠᠯᠭ᠎ᠠ ᠶᠢ ᠰᠢᠯᠢᠳᠡᠭ ᠠᠮᠵᠢᠯᠳᠠ ᠪᠠᠷ ᠬᠠᠷᠢᠭᠤᠯᠬᠤ ᠭᠡᠷᠡᠭᠳᠡᠢ ᠭᠡᠵᠡᠢ᠃ ︵ᠴᠡᠩᠭᠡᠯᠳᠦ︶
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号