ᠪᠦᠬᠦ ᠠᠶᠢᠮᠠᠭ ᠤᠨ ᠤᠳᠤᠷᠢᠳᠬᠤ ᠺᠠᠳ᠋ᠷ ᠤᠨ ᠰᠡᠷᠡᠮᠵᠢᠯᠡᠬᠦᠯᠦᠯ ᠬᠦᠮᠦᠵᠢᠯ ᠤᠨ ᠲᠧᠯᠸᠢᠰ ᠳ᠋ᠢᠶᠠᠩᠬᠤᠸᠠ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2019-01-03
   12 ᠰᠠᠷ ᠎ᠠ ᠶᠢᠨ 26 ᠤ ᠡᠳᠦᠷ᠂ ᠰᠢ ᠶᠢᠨ ᠫᠢᠡᠭ ᠤᠨ ᠰᠢᠨ ᠎ᠡ ᠴᠠᠭ ᠦᠶ ᠎ᠡ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠤᠳᠤᠷᠢᠳᠬᠤ ᠺᠠᠳ᠋ᠷ ᠤᠨ ᠤᠯᠤᠰ ᠲᠦᠷᠦ ᠶᠢᠨ ᠤᠬᠠᠮᠰᠠᠷ ᠪᠠ ᠰᠠᠬᠢᠯᠭ᠎ᠠ ᠪᠠᠲᠤ ᠶᠢᠨ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠢᠯᠵᠢᠷᠠᠯ ᠢ ᠰᠡᠷᠬᠡᠶᠢᠯᠡᠬᠦ ᠤᠯᠤᠰ ᠲᠦᠷᠦ ᠶᠢᠨ ᠬᠤᠷᠢᠭ᠎ᠠ ᠱᠤᠭᠤᠮ ᠢ ᠪᠠᠲᠤ ᠪᠤᠢ ᠪᠤᠯᠭᠠᠬᠤ ᠶᠢᠨ ᠲᠦᠯᠦᠭᠡ᠂ ᠠᠶᠢᠮᠠᠭ ᠤᠨ ᠨᠠᠮ ᠤᠨ ᠬᠤᠷᠢᠶᠠᠨ ᠠᠴᠠ ︽ᠪᠦᠬᠦ ᠠᠶᠢᠮᠠᠭ ᠤᠨ ᠤᠳᠤᠷᠢᠳᠬᠤ ᠺᠠᠳ᠋ᠷ ᠤᠨ ᠰᠡᠷᠡᠮᠵᠢᠯᠡᠭᠦᠯᠦᠯ ᠬᠥᠮᠦᠵᠢᠯ ᠤᠨ ᠲᠧᠯᠸᠢᠰ ᠳ᠋ᠢᠶᠠᠩᠬᠤᠸᠠ ᠶᠢᠨ ᠬᠤᠷᠠᠯ︾ ᠬᠤᠷᠠᠯᠳᠤᠭᠤᠯᠪᠠ᠃ ᠵᠠᠩ ᠡᠸ᠋ᠨ ᠬᠤᠢ᠂ ᠯᠢᠦ ᠵᠢᠶᠠᠨ ᠰᠢ᠂ ᠶᠢᠦ ᠭᠦᠸᠧ ᠵᠢᠶᠦ᠋ᠨ᠂ ᠸᠠᠩ ᠵᠢᠶᠦ᠋ᠨ᠂ ᠰᠦᠢ ᠸᠧᠢ ᠵᠢᠶᠦ᠋ᠨ᠂ ᠮᠸᠡᠭ ᠸᠧᠨ ᠲᠤᠤ᠂ ᠱᠧ ᠰᠢ ᠸᠧᠨ ᠵᠡᠷᠭᠡ ᠠᠶᠢᠮᠠᠭ ᠤᠨ ᠤᠳᠤᠷᠢᠳᠤᠯᠭ᠎ᠠ ᠬᠤᠷᠠᠯ ᠳᠤ ᠤᠷᠤᠯᠴᠠᠵᠦ᠂ ᠥᠪᠡᠷᠲᠡᠭᠡᠨ ᠵᠠᠰᠠᠬᠤ ᠤᠷᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠤᠬᠠᠭᠤᠯᠬᠤ ᠬᠡᠯᠲᠡᠰ ᠤᠨ ᠳᠠᠷᠤᠭ᠎ᠠ ᠬᠤᠤ ᠴᠤᠤ ᠲᠦᠨ ᠰᠡᠷᠡᠮᠵᠢᠯᠡᠭᠦᠯᠦᠯ ᠬᠦᠮᠦᠵᠢᠯ ᠤᠨ ᠲᠤᠬᠠᠢ ᠲᠠᠶᠢᠯᠪᠤᠷᠢ ᠬᠢᠵᠦ᠂ ᠵᠠᠩ ᠡᠸ᠋ᠨ ᠬᠤᠢ᠂ ᠸᠠᠩ ᠵᠢᠶᠦ᠋ᠨ ᠲᠤᠰ ᠲᠤᠰ ᠶᠠᠷᠢᠶ ᠎ᠠ ᠲᠠᠯᠪᠢᠵᠦ᠂ ᠰᠦᠢ ᠸᠧᠢ ᠵᠢᠶᠦ᠋ᠨ ᠬᠤᠷᠠᠯ ᠢ ᠡᠷᠬᠢᠯᠡᠪᠡ᠃     ᠵᠠᠩ ᠡᠸ᠋ᠨ ᠬᠤᠢ ᠶᠠᠷᠢᠶᠠᠨ ᠳᠠᠭᠠᠨ᠂ ᠨᠠᠮ ᠳᠠᠭᠠᠨ ᠡᠷᠬᠡᠪᠰᠢ ᠦᠨᠡᠨᠴᠢ ᠪᠠᠶᠢᠬᠤ ᠶᠢ ᠬᠡᠵᠢᠶᠡᠳᠡ ᠪᠠᠷᠢᠮᠲᠠᠯᠠᠵᠤ᠂ ︽ᠳᠦᠷᠪᠡᠨ ᠤᠬᠠᠮᠰᠠᠷ︾ ᠢᠶᠠᠨ ᠤᠯᠠᠮ ᠨᠢᠭᠡ ᠠᠯᠬᠤᠮ ᠴᠢᠩᠭᠠᠳᠬᠠᠵᠦ᠂ ︽ᠬᠤᠶᠠᠷ ᠢ ᠬᠠᠮᠠᠭᠠᠯᠠᠬᠤ︾ ᠶᠢ ᠡᠷᠬᠡᠪᠰᠢ ᠪᠡᠶᠡᠯᠡᠭᠦᠯᠭᠦ ᠭᠡᠷᠡᠭᠳᠡᠢ︔ ᠬᠦᠰᠡᠯᠡᠩ ᠢᠲᠡᠭᠡᠯ ᠵᠤᠷᠢᠭ ᠢᠶᠠᠨ ᠢᠮᠠᠭᠲᠠ ᠭᠤᠶᠢᠪᠢᠰᠢ ᠦᠭᠡᠢ ᠪᠠᠷᠢᠮᠲᠠᠯᠠᠨ᠂ ᠨᠠᠮᠴᠢ ᠴᠢᠨᠠᠷ ᠢᠶᠠᠨ ᠦᠷᠭᠦᠯᠵᠢᠯᠡᠨ ᠴᠢᠩᠭᠠᠳᠬᠠᠵᠦ᠂ ᠦᠵᠡᠯ ᠰᠠᠨᠠᠭᠠᠨ ᠤ ᠨᠠᠵᠠᠭᠠᠢᠢᠷᠠᠯ ᠢ ᠲᠡᠪᠴᠢᠬᠦ ᠭᠡᠷᠡᠭᠳᠡᠢ︔ ᠬᠡᠪ ᠰᠤᠷᠲᠠᠯ ᠢᠶᠠᠨ ᠳᠡᠭᠡᠭᠰᠢᠯᠡᠭᠦᠯᠵᠦ᠂ ᠠᠷᠢᠭᠤᠨ ᠴᠢᠭᠡᠴᠢ ᠬᠤᠷᠢᠭ᠎ᠠ ᠱᠤᠭᠤᠮ ᠢ ᠢᠮᠠᠭᠲᠠ ᠪᠠᠷᠢᠮᠲᠠᠯᠠᠨ᠂ ᠲᠥᠪ ᠴᠢᠭᠡᠴᠢ ᠤᠯᠤᠰ ᠲᠦᠷᠦ ᠶᠢᠨ ᠤᠬᠠᠮᠰᠠᠷ ᠢᠶᠠᠨ ᠦᠷᠭᠦᠯᠵᠢᠯᠡᠨ ᠴᠢᠩᠭᠠᠳᠬᠠᠬᠤ ᠭᠡᠷᠡᠭᠳᠡᠢ︔ ᠬᠠᠷᠢᠭᠤᠴᠠᠯᠭᠠᠳᠤ ᠤᠪᠤᠷ ᠢ ᠴᠠᠭ ᠢᠮᠠᠭᠲᠠ ᠪᠠᠷᠢᠮᠲᠠᠯᠠᠨ᠂ ᠪᠤᠳᠠᠲᠠᠢ ᠶᠢ ᠡᠷᠬᠢᠮᠯᠡᠵᠦ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠬᠡᠷᠡᠭᠲᠡᠢ᠃     ᠬᠤᠤ ᠴᠤᠤ ᠲᠦᠨ ᠠᠴᠠ ︽ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠪᠦᠬᠦ ᠲᠠᠯ ᠎ᠠ ᠪᠠᠷ ᠨᠠᠮ ᠢ ᠴᠢᠩᠭ᠎ᠠ ᠵᠠᠰᠠᠬᠤ ᠲᠤᠬᠠᠢ ᠰᠢᠨ ᠎ᠡ ᠱᠠᠭᠠᠷᠳᠠᠯᠭ᠋ ᠎ᠠ ᠶᠢ ᠰᠤᠷᠤᠯᠴᠠᠨ ᠤᠢᠢᠯᠠᠭᠠᠵᠦ ᠰᠢᠨ ᠎ᠡ ᠴᠠᠭ ᠦᠶ ᠎ᠡ ᠶᠢᠨ ᠰᠠᠬᠢᠯᠭ᠎ᠠ ᠳᠦᠷᠢᠮ ᠢ ᠵᠢᠷᠤᠮᠯᠠᠬᠤ ᠨᠠᠮ ᠤᠨ ᠭᠡᠰᠢᠭᠦᠨ ᠤᠳᠤᠷᠢᠳᠬᠤ ᠺᠠᠳ᠋ᠷ ᠪᠤᠯᠬᠤ︾ ᠭᠤᠤᠯ ᠰᠡᠳᠦᠪ ᠢᠶᠠᠷ ᠲᠠᠶᠢᠯᠪᠤᠷᠢᠯᠠᠯᠳᠠ ᠬᠢᠵᠡᠢ᠃     ᠸᠠᠩ ᠵᠢᠶᠦ᠋ᠨ ᠠᠴᠠ 2018 ᠤ ᠪᠦᠬᠦ ᠠᠶᠢᠮᠠᠭ ᠤᠨ ᠰᠠᠬᠢᠯᠭ᠎ᠠ ᠪᠠᠲᠤ ᠬᠢᠨᠠᠨ ᠪᠠᠶᠢᠴᠠᠭᠠᠬᠤ ᠪᠠᠶᠢᠭᠤᠯᠤᠮᠵᠢ ᠶᠢᠨ ᠤᠳᠤᠷᠢᠳᠬᠤ ᠺᠠᠳ᠋ᠷ ᠤᠨ ᠰᠠᠬᠢᠯᠭ᠎ᠠ ᠪᠠᠲᠤ ᠶᠢ ᠵᠦᠷᠢᠴᠡᠨ ᠬᠠᠤᠯᠢ ᠶᠢ ᠵᠦᠷᠢᠴᠡᠭᠰᠠᠨ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠭᠰᠡᠨ ᠪᠠᠶᠢᠳᠠᠯ᠂ ᠲᠥᠪ ᠤᠨ ︽ᠨᠠᠢᠮᠠᠨ ᠵᠤᠷᠪᠤᠰ ᠳᠦᠷᠢᠮ︾ ᠤᠨ ᠵᠤᠷᠢᠭ ᠰᠠᠨᠠᠭ᠎ᠠ ᠶᠢ ᠵᠦᠷᠢᠴᠡᠭᠰᠡᠨ ᠠᠰᠠᠭᠤᠳᠠᠯ ᠤᠯᠠᠨ ᠪᠠᠶᠢᠬᠤ᠂ ᠢᠯᠵᠢᠷᠠᠯ ᠤᠨ ᠠᠰᠠᠭᠤᠳᠠᠯ ᠵᠦᠡᠭᠳᠡᠭᠡᠨ ᠡᠭᠦᠰᠬᠦ᠂ ᠶᠠᠳᠠᠭᠤ ᠶᠢ ᠳᠡᠳᠬᠦᠬᠦ ᠬᠦᠷᠢᠶ ᠎ᠡ ᠴᠠᠷᠠᠭ᠎ᠠ ᠳᠠᠬᠢ ᠢᠯᠵᠢᠷᠠᠯ ᠬᠡᠪ ᠰᠤᠷᠲᠠᠯ ᠤᠨ ᠠᠰᠠᠭᠤᠳᠠᠯ ᠵᠡᠷᠭᠡ ᠶᠢ ᠨᠡᠶᠢᠲᠡᠯᠡᠵᠦ᠂ ᠰᠡᠷᠡᠮᠵᠢᠯᠡᠭᠦᠯᠭᠦ ᠱᠠᠭᠠᠷᠳᠠᠯᠭ᠎ᠠ ᠳᠤᠷᠠᠳᠴᠠᠢ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号