ᠨᠠᠮ ᠤᠨ ᠲᠦᠪ ᠬᠤᠷᠢᠶᠡᠨ ᠤ ᠤᠯᠤᠰ ᠲᠦᠷᠦ ᠶᠢᠨ ᠲᠤᠪᠴᠢᠶ᠎ᠠ ᠠᠷᠠᠳᠴᠢᠯᠠᠯ ᠤᠨ ᠠᠮᠢᠳᠤᠷᠠᠯ ᠤᠨ ᠬᠤᠷᠡᠯ ᠬᠤᠷᠡᠯᠳᠤᠭᠤᠯᠵᠥ ᠴᠢᠬᠤᠯᠠᠴᠢᠯᠠᠭᠰᠠᠠ ᠨᠢ ︽ᠲᠦᠷᠪᠡᠨ ᠤᠬᠠᠮᠰᠠᠷ︾ ᠢ ᠪᠠᠳᠤ ᠪᠤᠢ ᠪᠤᠯᠭᠠᠵᠥ ︽ᠲᠦᠷᠪᠡᠨ ᠢᠳᠡᠭᠡᠯ︾ ᠢᠶᠠᠨ ᠪᠠᠳᠤᠳᠬᠠᠵᠥ ︽ᠬᠤᠶᠠᠷ ᠢ ᠬᠠᠮᠠᠭᠠᠯᠠᠬᠤ︾ ᠶᠢ ᠡᠷᠡᠰ ᠬᠦᠢᠴᠡᠳᠬᠡᠵᠥ ᠵᠤᠷᠢᠬᠳᠠᠢ ᠪᠠᠷ ᠬᠠᠷᠢᠭᠤᠴᠠᠯᠭ᠎ᠠ ᠡᠬᠦᠷᠬᠡᠯᠡᠨ ᠵᠢᠳᠬᠦᠯ ᠴᠢᠷᠮᠡᠶᠢᠯᠭ᠎ᠠ ᠭᠠᠷᠭᠠᠵᠥ ᠦᠨᠡᠨ ᠢ ᠪᠠᠷᠢᠮᠳᠠᠯᠠᠨ ᠪᠤᠳᠠᠳᠠᠢ ᠶᠢ ᠡᠷᠬᠢᠮᠯᠡᠬᠦ ᠰᠤᠷᠳᠠᠯ ᠢᠶᠠᠷ ᠨᠠᠮ ᠤᠨ ᠲᠦᠪ ᠬᠤᠷᠢᠶᠡᠨ ᠤ ᠰᠢᠢᠳᠪᠤᠷᠢᠳᠤ ᠪᠤᠳᠤᠯᠭ᠎ᠠ ᠪᠠᠶᠢᠷᠢᠯᠠᠭᠤᠯᠤᠯᠳᠠ ᠶᠢ ᠪᠤᠳᠠᠳᠠᠢ ᠨᠠᠶᠢᠳᠠᠪᠤᠷᠢᠵᠢᠭᠤᠯᠬᠤ ᠬᠡᠷᠡᠭᠳᠡᠢ
ᠨᠡᠶᠢᠲᠡᠯᠡᠭᠰᠡᠨ ᠴᠠᠭ᠄
2019-01-03
     ᠨᠠᠮ ᠤᠨ ᠲᠦᠪ ᠬᠤᠷᠢᠶᠡᠨ ᠤ ᠶᠡᠷᠤᠩᠬᠡᠢ ᠱᠦᠵᠢ ᠰᠢ ᠶᠢᠨ ᠫᠢᠩ ᠬᠤᠷᠡᠯ ᠢ ᠡᠷᠬᠢᠯᠡᠵᠤ ᠴᠢᠬᠤᠯᠠ ᠶᠠᠷᠢᠶ᠎ᠠ ᠲᠠᠯᠪᠢᠪᠠ     ᠰᠢᠨᠬᠤᠸᠠ ᠬᠤᠷᠢᠶᠡᠨ ᠤ ᠪᠡᠭᠡᠵᠢᠩ ᠤᠨ 12 ᠰᠠᠷ᠎ᠠ ᠶᠢᠨ 26 ᠤ ᠴᠠᠬᠢᠯᠭᠠᠨ ᠮᠡᠳᠡᠭᠡ ᠨᠠᠮ ᠤᠨ ᠲᠦᠪ ᠬᠤᠷᠢᠶᠡᠨ ᠤ ᠤᠯᠤᠰ ᠲᠦᠷᠦ ᠶᠢᠨ ᠲᠤᠪᠴᠢᠶ᠎ᠠ 12 ᠰᠠᠷ᠎ᠠ ᠶᠢᠨ 25 ᠠᠴᠠ 26 ᠤ ᠡᠳᠤᠷ ᠪᠤᠯᠳᠠᠯ᠎ᠠ ᠠᠷᠠᠳᠴᠢᠯᠠᠯ ᠤᠨ ᠠᠮᠢᠳᠤᠷᠠᠯ ᠤᠨ ᠬᠤᠷᠡᠯ ᠬᠤᠷᠡᠯᠳᠤᠭᠤᠯᠵᠥ᠂ ᠰᠢᠨ᠎ᠡ ᠶᠢ ᠡᠭᠦᠳᠬᠦ ᠤᠨᠤᠯ ᠢᠶᠠᠷ ᠵᠡᠪᠰᠡᠭᠯᠡᠬᠦ ᠶᠢ ᠴᠢᠩᠭᠠᠳᠬᠠᠵᠤ᠂ ︽ᠲᠦᠷᠪᠡᠨ ᠤᠬᠠᠮᠰᠠᠷ︾ ᠢ ᠪᠠᠳᠤ ᠪᠤᠢ ᠪᠤᠯᠭᠠᠵᠥ᠂ ︽ᠲᠦᠷᠪᠡᠨ ᠢᠳᠡᠭᠡᠯ︾ ᠢᠶᠠᠨ ᠪᠠᠳᠤᠳᠬᠠᠵᠥ᠂ ︽ᠬᠤᠶᠠᠷ ᠢ ᠬᠠᠮᠠᠭᠠᠯᠠᠬᠤ︾ ᠶᠢ ᠡᠷᠡᠰ ᠬᠦᠢᠴᠡᠳᠬᠡᠵᠥ᠂ ᠵᠤᠷᠢᠬᠳᠠᠢ ᠪᠠᠷ ᠬᠠᠷᠢᠭᠤᠴᠠᠯᠭ᠎ᠠ ᠡᠬᠦᠷᠬᠡᠯᠡᠨ ᠵᠢᠳᠬᠦᠯ ᠴᠢᠷᠮᠡᠶᠢᠯᠭ᠎ᠠ ᠭᠠᠷᠭᠠᠵᠥ᠂ ᠦᠨᠡᠨ ᠢ ᠪᠠᠷᠢᠮᠳᠠᠯᠠᠨ ᠪᠤᠳᠠᠳᠠᠢ ᠶᠢ ᠡᠷᠬᠢᠮᠯᠡᠬᠦ ᠰᠤᠷᠳᠠᠯ ᠢᠶᠠᠷ ᠨᠠᠮ ᠤᠨ ᠲᠦᠪ ᠬᠤᠷᠢᠶᠡᠨ ᠤ ᠰᠢᠢᠳᠪᠤᠷᠢᠳᠤ ᠪᠤᠳᠤᠯᠭ᠎ᠠ ᠪᠠᠶᠢᠷᠢᠯᠠᠭᠤᠯᠤᠯᠳᠠ ᠶᠢ ᠪᠤᠳᠠᠳᠠᠢ ᠨᠠᠶᠢᠳᠠᠪᠤᠷᠢᠵᠢᠭᠤᠯᠬᠤ ᠪᠠᠷ ᠭᠤᠤᠯ ᠰᠡᠳᠤᠪ ᠪᠤᠯᠭᠠᠵᠥ᠂ ᠲᠦᠪ ᠬᠤᠷᠢᠶᠡᠨ ᠤ ᠤᠯᠤᠰ ᠲᠦᠷᠦ ᠶᠢᠨ ᠲᠤᠪᠴᠢᠶᠠᠨ ᠤ ᠠᠵᠢᠯ ᠲᠠᠢ ᠤᠶᠠᠯᠳᠤᠭᠤᠯᠵᠥ ᠂ ︽ᠨᠠᠮ ᠤᠨ ᠲᠦᠪ ᠬᠤᠷᠢᠶᠡᠨ ᠤ ᠲᠦᠪᠯᠡᠷᠡᠩᠬᠦᠢ ᠨᠢᠬᠡᠳᠤᠯᠳᠡᠢ ᠤᠳᠤᠷᠢᠳᠤᠯᠭ᠎ᠠ ᠶᠢ ᠴᠢᠩᠭᠠᠳᠬᠠᠵᠤ ᠬᠠᠮᠠᠭᠠᠯᠠᠬᠤ ᠲᠤᠬᠠᠢ ᠨᠠᠮ ᠤᠨ ᠲᠦᠪ ᠬᠤᠷᠢᠶᠡᠨ ᠤ ᠤᠯᠤᠰ ᠲᠦᠷᠦ ᠶᠢᠨ ᠲᠤᠪᠴᠢᠶᠠᠨ ᠤ ᠲᠤᠭᠳᠠᠭᠠᠯ ᠤᠳ︾ ᠢ ᠲᠦᠷᠦᠬᠦᠯᠡᠨ ᠴᠢᠩᠭ᠎ᠠ ᠬᠡᠷᠡᠭᠵᠢᠬᠦᠯᠬᠦ ᠲᠠᠢ ᠤᠶᠠᠯᠳᠤᠭᠤᠯᠵᠥ᠂ ᠶᠡᠷᠤᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠴᠤᠬᠤᠯᠠᠪᠤᠷᠢ ᠪᠤᠯᠤᠨ ᠨᠠᠮ ᠤᠨ ᠲᠦᠪ ᠬᠤᠷᠢᠶᠡᠨ ᠤ ᠰᠢᠢᠳᠪᠤᠷᠢᠳᠤ ᠪᠤᠳᠤᠯᠭ᠎ᠠ ᠪᠠᠶᠢᠷᠢᠯᠠᠭᠤᠯᠤᠯᠳᠠ ᠶᠢ ᠲᠦᠷᠦᠬᠦᠯᠡᠨ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠠ ᠪᠤᠳᠠᠳᠠᠢ ᠲᠠᠢ ᠤᠶᠠᠯᠳᠤᠭᠤᠯᠵᠥ᠂ ︽ᠨᠠᠮ ᠤᠨ ᠲᠦᠪ ᠬᠤᠷᠢᠶᠡᠨ ᠤ ᠤᠯᠤᠰ ᠲᠦᠷᠦ ᠶᠢᠨ ᠲᠤᠪᠴᠢᠶᠠᠨ ᠤ ᠲᠦᠪ ᠤᠨ ᠨᠠᠢᠮᠠᠨ ᠲᠤᠭᠳᠠᠭᠠᠯ ᠢ ᠬᠡᠷᠡᠭᠵᠢᠬᠦᠯᠬᠦ ᠨᠠᠷᠢᠨ ᠲᠦᠷᠢᠮ︾ ᠢ ᠲᠦᠷᠦᠬᠦᠯᠡᠨ ᠴᠢᠩᠭ᠎ᠠ ᠬᠡᠷᠡᠭᠵᠢᠬᠦᠯᠥᠭᠰᠡᠡ ᠪᠤᠳᠠᠳᠠᠢ ᠲᠠᠢ ᠤᠶᠠᠯᠳᠤᠭᠤᠯᠵᠥ᠂ ᠦᠪᠡᠷ ᠤᠨ ᠪᠠᠶᠢᠴᠠᠭᠠᠯᠳᠡ᠂ ᠨᠠᠮᠴᠢ ᠴᠢᠨᠠᠷ ᠤᠨ ᠵᠠᠳᠠᠯᠤᠯᠳᠡ ᠬᠢᠵᠥ᠂ ᠰᠢᠬᠦᠮᠵᠢᠯᠡᠯ ᠪᠤᠯᠤᠨ ᠦᠪᠡᠷ ᠤᠨ ᠰᠢᠬᠦᠮᠵᠢᠯᠡᠯ ᠬᠢᠪᠡ᠃     ᠨᠠᠮ ᠤᠨ ᠲᠦᠪ ᠬᠤᠷᠢᠶᠡᠨ ᠤ ᠶᠡᠷᠤᠩᠬᠡᠢ ᠱᠦᠵᠢ ᠰᠢ ᠶᠢᠨ ᠫᠢᠩ ᠬᠤᠷᠡᠯ ᠢ ᠡᠷᠬᠢᠯᠡᠵᠤ ᠴᠢᠬᠤᠯᠠ ᠶᠠᠷᠢᠶ᠎ᠠ ᠲᠠᠯᠪᠢᠪᠠ᠃     ᠬᠤᠷᠡᠯ ᠠᠴᠠ ᠡᠮᠤᠨ᠎ᠡ᠂ ᠬᠠᠮᠢᠶ᠎ᠠ ᠪᠦᠬᠦᠢ ᠲᠡᠯ᠎ᠡ ᠶᠢᠨ ᠬᠢᠨ ᠪᠡᠯᠡᠳᠬᠡᠯ ᠠᠵᠢᠯ ᠬᠢᠪᠡ᠃ ᠨᠠᠮ ᠤᠨ ᠲᠦᠪ ᠬᠤᠷᠢᠶᠡᠨ ᠤ ᠤᠯᠤᠰ ᠲᠦᠷᠦ ᠶᠢᠨ ᠲᠤᠪᠴᠢᠶᠠᠨ ᠤ ᠨᠦᠬᠦᠳ ᠬᠠᠮᠢᠶ᠎ᠠ ᠪᠦᠬᠦᠢ ᠬᠠᠷᠢᠭᠤᠴᠠᠯᠭᠠᠳᠠᠳ ᠲᠠᠢ ᠰᠡᠳᠬᠢᠯ ᠤᠨ ᠦᠬᠡ ᠪᠠᠨ ᠶᠠᠷᠢᠯᠴᠠᠵᠥ᠂ ᠭᠤᠤᠯ ᠰᠡᠳᠤᠪ ᠤᠨ ᠲᠤᠭᠤᠷᠢᠨ ᠳᠤ ᠠᠰᠠᠭᠤᠳᠠᠯ ᠢ ᠪᠠᠶᠢᠴᠠᠭᠠᠨ ᠲᠡᠯᠬᠡᠵᠥ᠂ ᠶᠠᠷᠢᠶᠠᠨ ᠤ ᠮᠠᠲ᠋ᠧᠷᠢᠶᠠᠯ ᠪᠢᠴᠢᠪᠡ᠃ ᠬᠤᠷᠡᠯ ᠠᠴᠠ ᠡᠩ ᠲᠡᠷᠢᠭᠦᠨ ᠳᠤ ︽ᠨᠠᠮ ᠤᠨ ᠠᠷᠪᠠ ᠶᠢᠰᠦᠳᠦᠬᠡᠷ ᠶᠡᠭᠡ ᠬᠤᠷᠡᠯ ᠠᠴᠠ ᠨᠠᠭᠠᠰᠢ ᠲᠦᠪ ᠤᠨ ᠤᠯᠤᠰ ᠲᠦᠷᠦ ᠶᠢᠨ ᠲᠤᠪᠴᠢᠶᠠᠨ ᠤ ᠲᠦᠪ ᠤᠨ ᠨᠠᠢᠮᠠᠨ ᠲᠤᠭᠳᠠᠭᠠᠯ ᠢ ᠲᠤᠭᠤᠰᠢᠯᠠᠭᠤᠯᠤᠨ ᠬᠡᠷᠡᠭᠵᠢᠬᠦᠯᠥᠭᠰᠡᠡ ᠪᠠᠶᠢᠳᠠᠯ ᠤᠨ ᠲᠤᠬᠠᠢ ᠮᠡᠳᠡᠬᠦᠯᠥᠯᠳᠡ ︾ ᠶᠢ ᠬᠢᠨᠠᠨ ᠵᠦᠪᠯᠡᠪᠡ᠃ ᠲᠠᠷᠠᠭ᠎ᠠ ᠨᠢ ᠂ ᠨᠠᠮ ᠤᠨ ᠲᠦᠪ ᠬᠤᠷᠢᠶᠡᠨ ᠤ ᠤᠯᠤᠰ ᠲᠦᠷᠦ ᠶᠢᠨ ᠲᠤᠪᠴᠢᠶᠠᠨ ᠤ ᠨᠦᠬᠦᠳ ᠨᠢᠬᠡ ᠨᠢᠬᠡ ᠪᠠᠷ ᠦᠬᠡ ᠬᠡᠯᠡᠵᠥ᠂ ᠱᠠᠭᠠᠷᠳᠠᠯᠭ᠎ᠠ ᠶᠤᠰᠤᠭᠠᠷ ᠬᠠᠷᠢᠴᠠᠭᠤᠯᠤᠨ ᠪᠠᠶᠢᠴᠠᠭᠠᠪᠠ᠃ ᠨᠠᠮ ᠤᠨ ᠲᠦᠪ ᠬᠤᠷᠢᠶᠡᠨ ᠤ ᠤᠯᠤᠰ ᠲᠦᠷᠦ ᠶᠢᠨ ᠲᠤᠪᠴᠢᠶᠠᠨ ᠤ ᠨᠦᠬᠦᠳ ᠤᠨ ᠶᠠᠷᠢᠶ᠎ᠠ ᠨᠢ ᠲᠠᠨᠢᠯᠳᠡ ᠪᠠᠷ ᠭᠦᠨᠵᠡᠭᠡᠢ᠂ ᠪᠠᠶᠢᠴᠠᠭᠠᠯᠳᠠ ᠨᠢ ᠴᠢᠩᠭ᠎ᠠ᠂ ᠰᠠᠨᠠᠯ ᠨᠢ ᠦᠨᠡᠨᠴᠢ᠂ ᠦᠵᠡᠯ ᠰᠠᠨᠠᠭ᠎ᠠ ᠪᠠᠨ ᠤᠯᠠᠮ ᠴᠢᠨᠠᠭᠰᠢᠳᠠ ᠨᠢᠬᠡᠳᠬᠡᠬᠦ᠂ ᠴᠢᠭᠯᠡᠯ ᠢᠶᠠᠨ ᠲᠤᠳᠤᠷᠬᠠᠢᠢᠯᠠᠬᠤ᠂ ᠬᠦᠴᠦᠨ ᠴᠢᠳᠠᠯ ᠢ ᠨᠢᠬᠳᠠᠷᠠᠭᠤᠯᠬᠤ ᠵᠤᠷᠢᠯᠭ᠎ᠠ ᠳᠤ ᠬᠦᠷᠦᠭᠰᠡᠡ ᠪᠠᠶᠢᠨ᠎ᠠ᠃     ᠨᠠᠮ ᠤᠨ ᠲᠦᠪ ᠬᠤᠷᠢᠶᠡᠨ ᠤ ᠤᠯᠤᠰ ᠲᠦᠷᠦ ᠶᠢᠨ ᠲᠤᠪᠴᠢᠶᠠᠨ ᠤ ᠨᠦᠬᠦᠳ ᠤᠨ ᠶᠠᠷᠢᠶ᠎ᠠ 3 ᠭᠤᠤᠯᠳᠠᠯᠭ᠎ᠠ ᠶᠢ ᠡᠵᠡᠮᠰᠢᠵᠤ ᠢᠯᠡᠷᠡᠬᠦᠯᠪᠡ᠃ ᠨᠢᠬᠡ ᠳᠤ᠂ ᠶᠡᠷᠤᠩᠬᠡᠢ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠶᠢ ᠲᠦᠷᠦᠬᠦᠯᠡᠨ ᠰᠤᠷᠤᠯᠴᠠᠨ ᠲᠤᠭᠤᠰᠢᠯᠠᠭᠤᠯᠵᠥ᠂ ︽ᠨᠠᠮ ᠤᠨ ᠲᠦᠪ ᠬᠤᠷᠢᠶᠡᠨ ᠤ ᠲᠦᠪᠯᠡᠷᠡᠩᠬᠦᠢ ᠨᠢᠬᠡᠳᠤᠯᠳᠡᠢ ᠤᠳᠤᠷᠢᠳᠤᠯᠭ᠎ᠠ ᠶᠢ ᠴᠢᠩᠭᠠᠳᠬᠠᠵᠤ ᠬᠠᠮᠠᠭᠠᠯᠠᠬᠤ ᠲᠤᠬᠠᠢ ᠨᠠᠮ ᠤᠨ ᠲᠦᠪ ᠬᠤᠷᠢᠶᠡᠨ ᠤ ᠤᠯᠤᠰ ᠤᠨ ᠲᠦᠷᠦ ᠶᠢᠨ ᠲᠤᠪᠴᠢᠶᠠᠨ ᠤ ᠲᠤᠭᠳᠠᠭᠠᠯ ᠤᠳ︾ ᠢ ᠴᠢᠩᠭ᠎ᠠ ᠬᠡᠷᠡᠭᠵᠢᠬᠦᠯᠵᠥ᠂ ︽ᠬᠤᠶᠠᠷ ᠢ ᠬᠠᠮᠠᠭᠠᠯᠠᠬᠤ︾ ᠶᠢ ᠡᠷᠡᠰ ᠬᠦᠢᠴᠡᠳᠬᠡᠵᠥ᠂ ᠤᠬᠠᠮᠰᠠᠷ ᠠᠴᠠ ᠪᠠᠨ ᠤᠯᠤᠰ ᠲᠦᠷᠦ ᠶᠢᠨ ᠬᠠᠷᠢᠭᠤᠴᠠᠯᠭ᠎ᠠ ᠪᠠᠨ ᠴᠢᠩᠭᠠᠳᠬᠠᠵᠤ᠂ ᠤᠯᠤᠰ ᠲᠦᠷᠦ ᠶᠢᠨ ᠴᠢᠳᠠᠪᠤᠷᠢ ᠪᠠᠨ ᠲᠡᠭᠡᠭᠰᠢᠯᠡᠬᠦᠯᠪᠡ᠃ ᠬᠤᠶᠠᠷ ᠲᠤ᠂ ᠨᠠᠮ ᠤᠨ ᠲᠦᠪ ᠬᠤᠷᠢᠶᠡᠨ ᠤ ᠰᠢᠢᠳᠪᠤᠷᠢᠳᠤ ᠪᠤᠳᠤᠯᠭ᠎ᠠ ᠪᠠᠶᠢᠷᠢᠯᠠᠭᠤᠯᠤᠯᠳᠡ ᠶᠢ ᠲᠦᠷᠦᠬᠦᠯᠡᠨ ᠲᠤᠭᠤᠰᠢᠯᠠᠭᠤᠯᠤᠨ ᠨᠠᠶᠢᠳᠠᠪᠤᠷᠢᠵᠢᠭᠤᠯᠵᠥ᠂ ᠰᠢᠨ᠎ᠡ ᠬᠦᠭᠵᠢᠯᠳᠡ ᠶᠢᠨ ᠤᠢᠢᠯᠠᠭᠠᠬᠳᠠᠬᠤᠨ ᠢ ᠲᠤᠭᠤᠰᠢᠯᠠᠭᠤᠯᠵᠥ᠂ ᠰᠢᠨ᠎ᠡ ᠪᠠᠶᠢᠳᠠᠯ ᠰᠢᠨ᠎ᠡ ᠦᠷᠢᠰᠦᠯᠳᠦᠬᠡᠨ ᠢ ᠠᠷᠭᠠᠴᠠᠭᠠᠵᠥ᠂ ᠵᠤᠷᠢᠬᠳᠡᠢ ᠪᠠᠷ ᠪᠡᠷᠬᠡ ᠶᠢ ᠲᠡᠪᠡᠨ ᠬᠦᠴᠢᠷ ᠢ ᠲᠤᠭᠤᠯᠪᠠ᠃ ᠭᠤᠷᠪᠠ ᠳᠤ᠂ ᠲᠦᠪ ᠤᠨ ᠨᠠᠢᠮᠠᠨ ᠲᠤᠭᠳᠠᠭᠠᠯ ᠵᠢᠴᠢ ᠬᠡᠷᠡᠭᠵᠢᠬᠦᠯᠬᠦ ᠨᠠᠷᠢᠨ ᠲᠦᠷᠢᠮ ᠤᠨ ᠵᠤᠷᠢᠭ ᠰᠠᠨᠠᠭ᠎ᠠ ᠶᠢ ᠲᠦᠷᠦᠬᠦᠯᠡᠨ ᠴᠢᠩᠭ᠎ᠠ ᠬᠡᠷᠡᠭᠵᠢᠬᠦᠯᠵᠥ᠂ ᠠᠷᠢᠭᠤᠨ ᠴᠢᠬᠡᠴᠢ ᠪᠠᠷ ᠪᠡᠶ᠎ᠡ ᠪᠠᠨ ᠱᠠᠭᠠᠷᠳᠠᠵᠥ᠂ ᠲᠦᠷᠦᠯ ᠰᠠᠳᠤᠨ ᠦᠷ᠎ᠡ ᠬᠡᠤᠬᠡᠳ ᠪᠤᠯᠤᠨ ᠲᠡᠷᠬᠡᠳᠡᠬᠢ ᠠᠵᠢᠯᠳᠠᠨ ᠢᠶᠠᠨ ᠰᠠᠶᠢᠳᠤᠷ ᠬᠠᠮᠢᠶᠠᠷᠴᠦ᠂ ᠬᠡᠯᠪᠡᠷᠢᠴᠢ ᠦᠵᠡᠯ᠂ ᠨᠤᠶᠠᠨᠴᠢ ᠰᠤᠷᠳᠠᠯ ᠢ ᠡᠷᠡᠰ ᠰᠡᠷᠬᠡᠶᠢᠯᠡᠨ ᠲᠡᠪᠴᠢᠪᠡ᠃     ᠬᠤᠷᠡᠯ ᠠᠴᠠ᠂ ᠡᠨᠡ ᠵᠢᠯ ᠪᠤᠯ ᠨᠠᠮ ᠤᠨ ᠠᠷᠪᠠ ᠶᠢᠰᠦᠳᠦᠬᠡᠷ ᠶᠡᠭᠡ ᠬᠤᠷᠡᠯ ᠤᠨ ᠵᠤᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠳᠡ ᠶᠢᠨ ᠵᠢᠯ ᠪᠣᠯᠤᠨ᠎ᠠ᠃ ᠨᠠᠷᠢᠨ ᠪᠤᠳᠤᠯᠢᠶᠠᠨᠳᠠᠢ ᠲᠡᠯᠡᠬᠡᠢ ᠶᠢᠨ ᠤᠷᠴᠢᠨ ᠲᠤᠭᠤᠷᠢᠨ ᠪᠤᠯᠤᠨ ᠪᠡᠷᠬᠡ ᠬᠠᠳᠠᠭᠤᠵᠢᠯᠳᠠᠢ ᠤᠯᠤᠰ ᠤᠨ ᠲᠤᠳᠤᠭᠠᠳᠤ ᠶᠢᠨ ᠦᠬᠡᠷᠡᠴᠢᠯᠡᠯᠳᠡ ᠬᠦᠭᠵᠢᠯᠳᠡ ᠲᠤᠭᠳᠠᠭᠤᠨ ᠤ ᠡᠬᠦᠷᠬᠡ ᠶᠢᠨ ᠡᠮᠤᠨ᠎ᠡ᠂ ᠶᠡᠷᠤᠩᠬᠡᠢ ᠱᠦᠵᠢ ᠰᠢ ᠶᠢᠨ ᠫᠢᠩ ᠤᠨ ᠤᠳᠤᠷᠢᠳᠤᠯᠭ᠎ᠠ ᠲᠤᠤᠷ᠎ᠡ᠂ ᠨᠠᠮ ᠤᠨ ᠲᠦᠪ ᠬᠤᠷᠢᠶᠡᠨ ᠤ ᠤᠯᠤᠰ ᠲᠦᠷᠦ ᠶᠢᠨ ᠲᠤᠪᠴᠢᠶ᠎ᠠ ᠠᠷᠪᠠ ᠶᠢᠰᠦᠳᠦᠬᠡᠷ ᠶᠡᠭᠡ ᠬᠤᠷᠡᠯ ᠠᠴᠠ ᠲᠤᠬᠳᠠᠭᠠᠬᠰᠠᠨ ᠪᠠᠶᠢᠷᠢᠯᠠᠭᠤᠯᠤᠯᠳᠡ ᠶᠤᠰᠤᠭᠠᠷ᠂ ︽ᠲᠠᠪᠤ ᠶᠢ ᠨᠢᠬᠡ ᠴᠤᠭᠴᠠᠵᠢᠭᠤᠯᠬᠤ︾ ᠶᠡᠷᠤᠩᠬᠡᠢ ᠪᠠᠶᠢᠷᠢᠰᠢᠭᠤᠯᠤᠯᠳᠠ ᠶᠢ ᠦᠷᠬᠦᠯᠵᠢᠯᠡᠨ ᠨᠢᠬᠡᠳᠤᠯᠳᠡᠢ ᠲᠦᠯᠥᠪᠵᠢᠬᠦᠯᠥᠨ ᠠᠬᠢᠭᠤᠯᠵᠥ᠂ ︽ᠲᠦᠷᠪᠡᠨ ᠪᠦᠬᠦ ᠲᠡᠯ᠎ᠡ︾ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠯᠠᠭᠤᠯᠤᠯᠳᠠ ᠶᠢ ᠵᠤᠬᠢᠴᠠᠭᠤᠯᠤᠨ ᠠᠬᠢᠭᠤᠯᠵᠥ᠂ ᠲᠤᠭᠳᠠᠭᠤᠨ ᠤ ᠲᠤᠮᠳᠡ ᠤᠷᠤᠭᠰᠢᠯᠠᠨ ᠲᠠᠪᠰᠢᠬᠤ ᠠᠵᠢᠯ ᠤᠨ ᠶᠡᠷᠤᠩᠬᠡᠢ ᠬᠦᠭ ᠠᠶᠠᠰ ᠢ ᠪᠠᠷᠢᠮᠳᠠᠯᠠᠵᠥ᠂ ᠰᠢᠨ᠎ᠡ ᠬᠦᠭᠵᠢᠯᠳᠡ ᠶᠢᠨ ᠤᠢᠢᠯᠠᠭᠠᠬᠳᠠᠬᠤᠨ ᠢ ᠲᠤᠭᠤᠰᠢᠯᠠᠭᠤᠯᠵᠥ᠂ ᠴᠢᠨᠠᠷ ᠰᠠᠶᠢᠳᠠᠢ ᠬᠦᠭᠵᠢᠯᠳᠡ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠥ᠂ ᠦᠬᠡᠷᠡᠴᠢᠯᠡᠯᠳᠡ ᠨᠡᠬᠡᠬᠡᠯᠳᠡ ᠶᠢ ᠪᠦᠬᠦ ᠲᠡᠯ᠎ᠡ ᠪᠠᠷ ᠬᠦᠨᠵᠡᠬᠡᠶᠢᠷᠡᠬᠦᠯᠵᠥ᠂ ᠭᠠᠳᠠᠭᠠᠳᠤ ᠤᠷᠴᠢᠨ ᠲᠤᠭᠤᠷᠢᠨ ᠤ ᠬᠦᠨᠵᠡᠬᠡᠢ ᠬᠤᠪᠢᠷᠡᠯᠳᠡ ᠶᠢ ᠪᠦᠳᠦᠮᠵᠢᠳᠡᠢ ᠠᠷᠭᠠᠴᠠᠭᠠᠵᠥ᠂ ᠬᠦᠴᠢᠷ ᠢ ᠰᠦᠷᠦᠨ ᠤᠷᠤᠭᠰᠢᠯᠠᠵᠥ᠂ ᠵᠤᠷᠢᠬᠳᠠᠢ ᠪᠠᠷ ᠤᠷᠤᠭᠰᠢᠯᠠᠵᠥ᠂ ᠯᠠᠪᠳᠠᠭᠤᠨ ᠪᠠᠳᠤᠳᠠᠢ ᠠᠵᠢᠯᠯᠠᠵᠥ᠂ ᠡᠯ᠎ᠡ ᠲᠠᠯ᠎ᠠ ᠶᠢᠨ ᠠᠵᠢᠯ ᠰᠢᠨ᠎ᠡ ᠠᠯᠬᠤᠮ ᠢ ᠠᠯᠬᠤᠵᠥ᠂ ᠨᠠᠮ ᠪᠤᠯᠤᠨ ᠤᠯᠤᠰ ᠤᠨ ᠠᠵᠢᠯ ᠦᠢᠯᠡᠰ ᠰᠠᠶᠢᠨ ᠰᠠᠶᠢᠬᠠᠨ ᠬᠦᠭᠵᠢᠯᠳᠡ ᠶᠢᠨ ᠪᠠᠶᠢᠳᠠᠯ ᠢᠶᠠᠨ ᠪᠠᠳᠤᠯᠠᠵᠥ᠂ ᠨᠠᠮ ᠤᠨ ᠠᠷᠪᠠ ᠶᠢᠰᠦᠳᠦᠬᠡᠷ ᠶᠡᠭᠡ ᠬᠤᠷᠡᠯ ᠤᠨ ᠵᠤᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠰᠠᠶᠢᠨ ᠰᠠᠶᠢᠬᠠᠨ ᠡᠬᠢᠯᠡᠯᠳᠡ ᠶᠢ ᠪᠡᠶᠡᠯᠡᠬᠦᠯᠪᠠ ᠬᠡᠵᠥ ᠴᠢᠬᠤᠯᠠᠴᠢᠯᠠᠪᠠ᠃     ᠬᠤᠷᠠᠯ ᠠᠴᠠ᠂ ᠰᠢ ᠶᠢᠨ ᠫᠢᠩ ᠤᠨ ᠰᠢᠨ᠎ᠠ ᠴᠠᠬ ᠦᠶ᠎ᠠ ᠶᠢᠨ ᠳᠤᠮᠳᠠᠳᠤ ᠤᠯᠤᠰ ᠤᠨ ᠤᠨᠴᠠᠯᠢᠬ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠪᠠᠷ ᠲᠡᠷᠢᠬᠢ ᠲᠤᠯᠤᠭᠠᠢ ᠪᠠᠨ ᠵᠡᠪᠰᠡᠭᠯᠠᠵᠤ᠂ ᠤᠢᠢᠯᠡᠳᠤᠯᠬᠡ ᠪᠠᠷ ᠵᠢᠯᠤᠭᠤᠳᠤᠭᠤᠯᠵᠤ᠂ ᠠᠵᠢᠯ ᠢᠶᠠᠨ ᠠᠬᠢᠭᠤᠯᠬᠤ ᠪᠤᠯ ᠠᠯᠢᠪᠠ ᠠᠵᠢᠯ ᠢᠶᠠᠨ ᠰᠠᠶᠢᠳᠤᠷ ᠬᠢᠬᠦ ᠴᠢᠬᠤᠯᠠ ᠤᠷᠢᠳᠠᠯ ᠪᠤᠯᠤᠨ᠎ᠠ᠂ ᠨᠠᠮ ᠤᠨ ᠲᠦᠪ ᠬᠤᠷᠢᠶᠠᠨ ᠤ ᠤᠯᠤᠰ ᠲᠦᠷᠤ ᠶᠢᠨ ᠲᠤᠪᠴᠢᠶᠠᠨ ᠤ ᠨᠦᠬᠦᠳ ᠡᠷᠬᠡᠪᠰᠢ ᠪᠦᠬᠦ ᠨᠠᠮ ᠤᠨ ᠦᠯᠢᠬᠡᠷ ᠲᠠᠭᠤᠷᠢᠶᠠᠯ ᠪᠤᠯᠵᠤ᠂ ᠦᠷᠬᠦᠯᠵᠢᠯᠠᠨ ᠦᠨᠡᠨ ᠬᠦ ᠰᠤᠷᠤᠯᠴᠠᠬᠤ ᠰᠠᠶᠢᠳᠤᠷ ᠤᠢᠢᠯᠠᠭᠠᠬᠤ ᠪᠤᠳᠠᠳᠠᠢ ᠠᠵᠢᠯᠯᠠᠬᠤ ᠲᠡᠭᠡᠷ᠎ᠠ ᠬᠦᠴᠤ ᠪᠠᠨ ᠲᠠᠯᠪᠢᠬᠤ ᠭᠡᠷᠡᠭᠳᠠᠢ᠃ ᠰᠢᠰᠲ᠋ᠧᠮ ᠲᠠᠢ ᠰᠤᠷᠤᠯᠴᠠᠵᠤ᠂ ᠡᠨᠡ ᠬᠦ ᠰᠢᠨᠵᠢᠯᠡᠬᠦ ᠤᠬᠠᠭᠠᠨ ᠤ ᠤᠨᠤᠯ ᠤᠨ ᠦᠨᠳᠤᠰᠤᠨ ᠦᠵᠡᠯᠳᠠ᠂ ᠤᠨᠤᠯ ᠤᠨ ᠰᠢᠰᠲ᠋ᠧᠮ ᠢ ᠪᠦᠬᠦ ᠲᠠᠯ᠎ᠠ ᠪᠠᠷ ᠡᠵᠡᠮᠳᠡᠬᠦ ᠭᠡᠷᠡᠭᠳᠠᠢ᠃ ᠬᠤᠴᠤᠷᠤᠯ ᠦᠬᠡᠢ ᠰᠤᠷᠤᠯᠴᠠᠵᠤ᠂ ᠶᠠᠷᠤᠩᠬᠡᠢ ᠱᠦᠵᠢ ᠰᠢ ᠶᠢᠨ ᠫᠢᠩ ᠤᠨ ᠬᠠᠮᠤᠬ ᠤᠨ ᠰᠢᠨ᠎ᠠ ᠴᠢᠬᠤᠯᠠ ᠶᠠᠷᠢᠶᠠᠨ ᠤ ᠵᠤᠷᠢᠬ ᠰᠠᠨᠠᠭ᠎ᠠ ᠶᠢ ᠴᠠᠬ ᠲᠤᠬᠠᠢ ᠳᠤᠨᠢ ᠰᠤᠷᠤᠯᠴᠠᠬᠤ ᠭᠡᠷᠡᠭᠳᠠᠢ᠃ ᠪᠤᠳᠠᠳᠠᠢ ᠲᠠᠢ ᠤᠶᠠᠯᠳᠤᠭᠤᠯᠤᠨ ᠰᠤᠷᠤᠯᠴᠠᠵᠤ᠂ ᠰᠢᠨ᠎ᠠ ᠴᠠᠬ ᠦᠶ᠎ᠠ ᠰᠢᠨ᠎ᠠ ᠤᠢᠢᠯᠡᠳᠤᠯᠬᠡ ᠰᠢᠨ᠎ᠠ ᠱᠠᠭᠠᠷᠳᠠᠯᠭ᠎ᠠ ᠲᠠᠢ ᠨᠢᠬᠳᠠ ᠤᠶᠠᠯᠳᠤᠭᠤᠯᠵᠤ᠂ ᠦᠵᠡᠯ ᠰᠠᠨᠠᠭᠠᠨ ᠤ ᠪᠤᠳᠠᠳᠤ ᠪᠠᠶᠢᠳᠠᠯ᠂ ᠠᠵᠢᠯ ᠤᠨ ᠪᠤᠳᠠᠳᠤ ᠪᠠᠶᠢᠳᠠᠯ ᠲᠠᠢ ᠪᠠᠨ ᠨᠢᠬᠳᠠ ᠤᠶᠠᠯᠳᠤᠭᠤᠯᠵᠤ᠂ ᠴᠢᠭᠯᠡᠭᠦᠯᠤᠯᠳᠤ ᠴᠢᠨᠠᠷᠳᠠᠢ ᠪᠠᠷ ᠭᠤᠤᠯᠳᠠᠯᠭ᠎ᠠ ᠲᠠᠢ ᠰᠤᠷᠤᠯᠴᠠᠵᠤ᠂ ᠡᠨᠡ ᠬᠦ ᠰᠢᠨᠵᠢᠯᠡᠬᠦ ᠤᠬᠠᠭᠠᠨᠴᠢ ᠤᠨᠤᠯ ᠢ ᠦᠪᠡᠷ ᠦᠪᠡᠷ ᠤᠨ ᠢᠶᠠᠨ ᠪᠤᠳᠠᠳᠠᠢ ᠠᠵᠢᠯ ᠳᠤ ᠦᠨᠡᠨ ᠬᠦ ᠨᠠᠶᠢᠳᠠᠪᠤᠷᠢᠵᠢᠭᠤᠯᠬᠤ ᠭᠡᠷᠡᠭᠳᠠᠢ᠃ ᠡᠨᠡ ᠬᠦ ᠰᠢᠨᠵᠢᠯᠡᠬᠦ ᠤᠬᠠᠭᠠᠨᠴᠢ ᠤᠨᠤᠯ ᠳᠤ ᠲᠤᠭᠤᠰᠢᠯᠠᠬᠳᠠᠵᠤ ᠪᠠᠶᠢᠭ᠎ᠠ ᠮᠠᠷᠺᠰ ᠤᠨ ᠦᠵᠡᠯ ᠤᠨ ᠵᠤᠬᠰᠤᠯᠳᠠ᠂ ᠦᠵᠡᠯᠳᠠ᠂ ᠠᠷᠭ᠎ᠠ ᠶᠢ ᠴᠢᠷᠮᠠᠶᠢᠨ ᠡᠵᠡᠮᠰᠢᠵᠤ᠂ ᠪᠤᠰᠤᠳᠴᠢ ᠶᠢᠷᠳᠢᠨᠴᠤ ᠪᠤᠯᠤᠨ ᠪᠡᠶᠡᠴᠢ ᠶᠢᠷᠳᠢᠨᠴᠤ ᠶᠢ ᠦᠬᠡᠷᠡᠴᠢᠯᠡᠬᠦ ᠪᠤᠳᠠᠳᠠᠢ ᠠᠰᠠᠭᠤᠳᠠᠯ ᠢ ᠵᠢᠯᠤᠭᠤᠳᠤᠨ ᠰᠢᠢᠳᠪᠤᠷᠢᠯᠡᠬᠦ ᠭᠡᠷᠡᠭᠳᠠᠢ ᠬᠡᠵᠤ ᠦᠵᠡᠪᠡ᠃     ᠬᠤᠷᠠᠯ ᠠᠴᠠ᠂ ᠶᠠᠷᠤᠩᠬᠡᠢ ᠱᠦᠵᠢ ᠰᠢ ᠶᠢᠨ ᠫᠢᠩ ᠤᠨ ᠨᠠᠮ ᠤᠨ ᠲᠦᠪ ᠬᠤᠷᠢᠶᠠᠨ ᠤ ᠭᠤᠤᠯᠯᠠᠬᠴᠢ᠂ ᠪᠦᠬᠦ ᠨᠠᠮ ᠤᠨ ᠭᠤᠤᠯᠯᠠᠭᠴᠢ ᠪᠤᠯᠬᠤ ᠪᠠᠶᠢᠷᠢ ᠰᠠᠭᠤᠷᠢ ᠶᠢ ᠬᠠᠮᠠᠭᠠᠯᠠᠵᠤ᠂ ᠨᠠᠮ ᠤᠨ ᠲᠦᠪ ᠬᠤᠷᠢᠶᠠᠨ ᠤ ᠡᠷᠬᠡ ᠰᠦᠷ ᠪᠤᠯᠤᠨ ᠲᠦᠪᠯᠡᠷᠡᠩᠬᠦᠢ ᠨᠢᠬᠡᠳᠤᠯᠳᠠᠢ ᠤᠳᠤᠷᠢᠳᠤᠯᠭ᠎ᠠ ᠶᠢ ᠬᠠᠮᠠᠭᠠᠯᠠᠬᠤ ᠪᠤᠯ ᠪᠦᠬᠦ ᠨᠠᠮ ᠤᠨ ᠪᠦᠯᠬᠦᠮᠳᠠᠯ ᠨᠢᠬᠡᠳᠤᠯ᠂ ᠠᠯᠬᠤᠭ᠎ᠠ ᠨᠢᠬᠡᠳᠠᠢ ᠪᠠᠶᠢᠬᠤ ᠶᠢᠨ ᠪᠠᠳᠤᠯᠠᠭ᠎ᠠ᠂ ᠪᠦᠬᠦ ᠤᠯᠤᠰ ᠤᠨ ᠦᠨᠳᠤᠰᠤᠳᠠᠨ ᠨᠦᠭᠦᠳ ᠤᠨ ᠠᠷᠠᠳ ᠲᠦᠮᠡᠨ ᠢ ᠲᠠᠭᠠᠭᠤᠯᠤᠨ ᠴᠢᠨᠡᠭᠡᠯᠢᠭ ᠨᠡᠶᠢᠬᠡᠮ ᠢ ᠪᠦᠬᠦ ᠲᠠᠯ᠎ᠠ ᠪᠠᠷ ᠪᠡᠶᠡᠯᠡᠬᠦᠯᠬᠦ ᠰᠢᠢᠳᠪᠤᠷᠢᠳᠤ ᠢᠯᠠᠯᠳᠠ ᠶᠢ ᠤᠯᠬᠤ᠂ ᠰᠢᠨ᠎ᠠ ᠴᠠᠬ ᠦᠶ᠎ᠠ ᠶᠢᠨ ᠳᠤᠮᠳᠠᠳᠤ ᠤᠯᠤᠰ ᠤᠨ ᠤᠨᠴᠠᠯᠢᠬ ᠲᠠᠢ ᠨᠡᠶᠢᠬᠡᠮ ᠵᠢᠷᠤᠮ ᠤᠨ ᠠᠭᠤᠤ ᠶᠡᠭᠡ ᠢᠯᠠᠯᠳᠠ ᠶᠢ ᠲᠡᠮᠡᠴᠡᠨ ᠤᠯᠬᠤ ᠦᠨᠳᠤᠰᠤᠨ ᠤᠯᠤᠰ ᠲᠦᠷᠤ ᠶᠢᠨ ᠪᠠᠳᠤᠯᠠᠭ᠎ᠠ ᠪᠤᠯᠤᠨ᠎ᠠ᠃ ᠶᠠᠷᠤᠩᠬᠡᠢ ᠱᠦᠵᠢ ᠰᠢ ᠶᠢᠨ ᠫᠢᠩ ᠰᠢᠨ᠎ᠠ ᠴᠠᠬ ᠦᠶ᠎ᠠ ᠶᠢᠨ ᠨᠠᠮ ᠪᠤᠯᠤᠨ ᠤᠯᠤᠰ ᠤᠨ ᠠᠵᠢᠯ ᠤᠢᠢᠯᠡᠰ ᠤᠨ ᠬᠦᠭᠵᠢᠯᠳᠠ ᠶᠢ ᠤᠳᠤᠷᠢᠳᠬᠤ ᠶᠠᠪᠤᠴᠠ ᠳᠤ᠂ ᠡᠳᠤᠷ ᠢᠷᠡᠬᠦᠶ᠎ᠠ ᠨᠠᠷᠢᠨ ᠪᠤᠳᠤᠯᠢᠶᠠᠨᠳᠠᠢ ᠪᠤᠯᠵᠤ ᠪᠠᠶᠢᠭ᠎ᠠ ᠤᠯᠤᠰ ᠤᠨ ᠳᠤᠳᠤᠭᠠᠳᠤ ᠭᠠᠳᠠᠭᠠᠳᠤ ᠶᠢᠨ ᠬᠦᠭᠵᠢᠯᠳᠠ ᠶᠢᠨ ᠶᠡᠭᠡ ᠬᠠᠨᠳᠤᠰᠢ ᠶᠢ ᠬᠢᠨᠠᠨ ᠠᠵᠢᠬᠯᠠᠬᠤ ᠪᠠ ᠡᠵᠡᠮᠳᠡᠬᠦ ᠳᠤ᠂ ᠪᠦᠬᠦ ᠨᠠᠮ ᠪᠦᠬᠦ ᠤᠯᠤᠰ ᠤᠨ ᠦᠨᠳᠤᠰᠤᠳᠠᠨ ᠨᠦᠭᠦᠳ ᠤᠨ ᠠᠷᠠᠳ ᠲᠦᠮᠡᠨ ᠢ ᠲᠠᠭᠠᠭᠤᠯᠤᠨ ᠰᠢᠨ᠎ᠠ ᠴᠠᠬ ᠦᠶ᠎ᠠ ᠶᠢᠨ ᠠᠭᠤᠤ ᠶᠡᠭᠡ ᠤᠢᠢᠯᠡᠳᠤᠯᠬᠡ ᠳᠤ ᠡᠷᠡᠯᠭᠡᠭᠯᠠᠨ ᠤᠷᠤᠯᠴᠠᠬᠤ ᠳᠤ᠂ ᠪᠠᠶᠢᠯᠳᠤᠬᠤ ᠪᠤᠳᠤᠯᠭ᠎ᠠ ᠶᠢᠨ ᠮᠠᠭᠠᠳᠯᠠᠯ ᠬᠢᠵᠤ ᠦᠨᠳᠤᠷ ᠲᠤ ᠵᠤᠬᠰᠤᠨ ᠠᠯᠤᠰ ᠢ ᠪᠠᠷᠠᠯᠠᠵᠤ᠂ ᠤᠯᠤᠰ ᠲᠦᠷᠤ ᠶᠢᠨ ᠤᠳᠤᠷᠢᠳᠤᠯᠭ᠎ᠠ ᠪᠤᠯᠪᠠᠰᠤᠷᠠᠩᠭᠤᠢ ᠭᠠᠷᠮᠠᠭᠠᠢ ᠪᠤᠯᠵᠤ᠂ ᠠᠷᠠᠳ ᠲᠦᠮᠡᠨ ᠤ ᠵᠤᠬᠰᠤᠯᠳᠠ ᠪᠠᠳᠤ ᠳᠤᠳᠤᠷᠬᠠᠢ᠂ ᠲᠡᠤᠬᠡ ᠶᠢᠨ ᠡᠬᠦᠷᠬᠡᠯᠡᠯ ᠬᠠᠷᠢᠭᠤᠴᠠᠯᠭ᠎ᠠ ᠡᠷᠡᠰ ᠰᠢᠭᠤᠷᠬᠠᠢ ᠪᠤᠯᠵᠤ᠂ ᠨᠠᠮ ᠤᠨ ᠲᠦᠪ ᠬᠤᠷᠢᠶᠠᠨ ᠤ ᠭᠤᠤᠯᠯᠠᠬᠴᠢ᠂ ᠪᠦᠬᠦ ᠨᠠᠮ ᠤᠨ ᠭᠤᠤᠯᠯᠠᠬᠴᠢ ᠮᠠᠷᠭᠤᠰᠢ ᠦᠬᠡᠢ ᠪᠤᠯᠬᠤ ᠶᠢ ᠬᠦᠢᠴᠡᠳ ᠨᠤᠳᠠᠯᠠᠪᠠ᠃ ᠨᠠᠮ ᠤᠨ ᠲᠦᠪ ᠬᠤᠷᠢᠶᠡᠨ ᠤ ᠤᠯᠤᠰ ᠲᠦᠷᠤ ᠶᠢᠨ ᠲᠤᠪᠴᠢᠶᠠᠨ ᠤ ᠨᠦᠬᠦᠳ ᠲᠦᠷᠦᠭᠦᠯᠡᠨ ︽ᠲᠦᠷᠪᠡᠨ ᠤᠬᠠᠮᠰᠠᠷ︾ ᠢ ᠪᠤᠢ ᠪᠤᠯᠭᠠᠵᠤ᠂ ︽ᠲᠦᠷᠪᠡᠨ ᠢᠳᠡᠬᠡᠯ︾ ᠢᠶᠠᠨ ᠪᠠᠳᠤᠳᠬᠠᠵᠤ᠂ ︽ᠬᠤᠶᠠᠷ ᠢ ᠬᠠᠮᠠᠭᠠᠯᠠᠬᠤ︾ ᠢ ᠡᠷᠡᠰ ᠬᠦᠢᠴᠡᠳᠬᠡᠵᠤ᠂ ᠤᠬᠠᠮᠰᠠᠷ ᠠᠴᠠ ᠪᠠᠨ ᠤᠯᠤᠰ ᠲᠦᠷᠤ ᠠᠵᠢᠯᠯᠠᠭ᠎ᠠ ᠶᠢᠨ ᠲᠠᠯ᠎ᠠ ᠪᠠᠷ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠠᠨ ᠨᠠᠮ ᠤᠨ ᠲᠦᠪ ᠬᠤᠷᠢᠶ᠎ᠠ ᠲᠠᠢ ᠲᠡᠭᠡᠳᠤ ᠬᠡᠮᠵᠢᠶ᠎ᠠ ᠪᠠᠷ ᠨᠢᠬᠡᠳᠤᠯᠳᠠᠢ ᠪᠠᠶᠢᠵᠤ᠂ ᠤᠯᠤᠰ ᠲᠦᠷᠤ ᠶᠢᠨ ᠬᠠᠷᠢᠭᠤᠴᠠᠯᠭ᠎ᠠ ᠪᠠᠨ ᠴᠢᠩᠭᠠᠳᠬᠠᠵᠤ᠂ ᠤᠯᠤᠰ ᠲᠦᠷᠤ ᠶᠢᠨ ᠲᠤᠬᠳᠠᠯ ᠬᠦᠴᠤᠨ ᠢᠶᠠᠨ ᠪᠠᠳᠤᠯᠠᠵᠤ᠂ ᠤᠯᠤᠰ ᠲᠦᠷᠤ ᠶᠢᠨ ᠴᠢᠭᠯᠡᠯ ᠢ ᠵᠦᠪ ᠡᠵᠡᠮᠳᠡᠵᠤ᠂ ᠤᠯᠤᠰ ᠲᠦᠷᠤ ᠶᠢᠨ ᠴᠢᠳᠠᠪᠤᠷᠢ ᠪᠠᠨ ᠲᠡᠭᠡᠭᠰᠢᠯᠡᠬᠦᠯᠵᠤ᠂ ᠲᠡᠮᠡᠴᠡᠯ ᠤᠨ ᠵᠤᠷᠢᠬ ᠰᠠᠨᠠᠭ᠎ᠠ ᠪᠠᠨ ᠴᠢᠩᠭᠠᠳᠬᠠᠵᠤ᠂ ᠤᠯᠤᠰ ᠲᠦᠷᠤ ᠶᠢᠨ ᠰᠠᠬᠢᠯᠭ᠎ᠠ ᠪᠠᠳᠤ ᠪᠤᠯᠤᠨ ᠤᠯᠤᠰ ᠲᠦᠷᠤ ᠶᠢᠨ ᠲᠦᠷᠢᠮ ᠢ ᠡᠪᠳᠡᠭᠰᠡᠨ ᠠᠵᠢᠯᠯᠠᠭ᠎ᠠ ᠲᠠᠢ ᠡᠷᠡᠰ ᠲᠡᠮᠡᠴᠡᠯ ᠶᠠᠪᠤᠭᠤᠯᠵᠥ ᠂ ᠨᠠᠮ ᠤᠨ ᠤᠯᠤᠰ ᠲᠦᠷᠤ ᠶᠢᠨ ᠪᠠᠶᠢᠭᠤᠯᠤᠯᠳᠠ ᠶᠢᠨ ᠲᠠᠭᠠᠭᠤᠯᠤᠬᠴᠢ᠂ ᠤᠢᠢᠯᠡᠳᠤᠯᠬᠡᠵᠢᠭᠦᠯᠥᠭᠴᠢ᠂ ᠠᠬᠢᠭᠤᠯᠤᠬᠴᠢ ᠪᠤᠯᠬᠤ ᠪᠠᠷ ᠴᠢᠷᠮᠡᠶᠢᠬᠤ ᠭᠡᠷᠡᠭᠳᠠᠢ ᠬᠡᠵᠤ ᠴᠢᠬᠤᠯᠠᠴᠢᠯᠠᠪᠠ᠃     ᠬᠤᠷᠠᠯ ᠠᠴᠠ᠂ ᠨᠠᠮ ᠤᠨ ᠠᠷᠪᠠ ᠶᠢᠰᠤᠳᠤᠭᠡᠷ ᠶᠡᠭᠡ ᠬᠤᠷᠠᠯ ᠠᠴᠠ ᠵᠢᠷᠤᠬᠯᠠᠬᠰᠠᠨ ᠠᠤᠭ᠎ᠠ ᠶᠡᠭᠡ ᠵᠢᠷᠤᠬ ᠲᠦᠰᠦᠪ ᠢ ᠪᠡᠶᠡᠯᠡᠬᠦᠯᠵᠤ᠂ ᠴᠢᠨᠡᠭᠡᠯᠢᠭ ᠨᠡᠶᠢᠬᠡᠮ ᠢ ᠪᠦᠬᠦ ᠲᠠᠯ᠎ᠠ ᠪᠠᠷ ᠪᠡᠶᠡᠯᠡᠬᠦᠯᠵᠤ᠂ ᠨᠡᠶᠢᠬᠡᠮ ᠵᠢᠷᠤᠮ ᠤᠨ ᠤᠳᠤᠬᠢᠴᠢᠯᠠᠬᠰᠠᠨ ᠬᠦᠴᠦᠷᠭᠡᠭ ᠤᠯᠤᠰ ᠢ ᠪᠦᠬᠦ ᠲᠠᠯ᠎ᠠ ᠪᠠᠷ ᠪᠦᠳᠤᠬᠡᠨ ᠪᠠᠶᠢᠭᠤᠯᠵᠤ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠢ ᠲᠠᠰᠤᠷᠠᠯᠳᠠ ᠦᠬᠡᠢ ᠪᠡᠶᠡᠯᠡᠬᠦᠯᠬᠦ ᠪᠤᠯ ᠰᠢᠨ᠎ᠠ ᠴᠠᠬ ᠦᠶ᠎ᠠ ᠶᠢᠨ ᠳᠤᠮᠳᠠᠳᠤ ᠤᠯᠤᠰ ᠤᠨ ᠡᠪ ᠬᠠᠮᠳᠤᠴᠤᠳ ᠤᠨ ᠬᠤᠪᠢᠷᠠᠰᠢ ᠦᠬᠡᠢ ᠲᠡᠮᠡᠴᠡᠬᠦ ᠬᠠᠷᠠᠯᠳᠠ ᠪᠤᠯᠤᠨ᠎ᠠ᠃ ᠪᠦᠬᠦ ᠨᠠᠮ ᠤᠨ ᠨᠦᠬᠦᠳ ᠡᠷᠡᠮᠡᠭᠡᠶᠢᠯᠠᠨ ᠤᠷᠤᠬᠰᠢᠯᠠᠬᠤ᠂ ᠴᠦᠬᠦᠷᠡᠰᠢ ᠦᠬᠡᠢ ᠴᠢᠷᠮᠠᠶᠢᠬᠤ ᠤᠶᠤᠨ ᠰᠠᠨᠠᠭᠠᠨ ᠤ ᠲᠦᠷᠰᠦ ᠪᠠᠶᠢᠳᠠᠯ ᠪᠤᠯᠤᠨ ᠵᠤᠷᠢᠬᠳᠠᠢ ᠪᠠᠷ ᠭᠠᠪᠰᠢᠭᠠᠢᠢᠯᠠᠵᠤ᠂ ᠵᠤᠷᠢᠬᠳᠠᠢ ᠪᠠᠷ ᠬᠢᠵᠤ᠂ ᠴᠤᠴᠠᠯᠳᠠ ᠦᠬᠡᠢ ᠤᠷᠤᠬᠰᠢᠯᠠᠬᠤ ᠲᠡᠮᠡᠴᠡᠯ ᠤᠨ ᠵᠤᠷᠢᠬ ᠢᠶᠠᠨ ᠢᠮᠠᠬᠳᠠ ᠪᠠᠷᠢᠮᠳᠠᠯᠠᠬᠤ ᠭᠡᠷᠡᠭᠳᠠᠢ᠃ ᠨᠠᠮ ᠤᠨ ᠲᠦᠪ ᠬᠤᠷᠢᠶᠡᠨ ᠤ ᠤᠯᠤᠰ ᠲᠦᠷᠤ ᠶᠢᠨ ᠲᠤᠪᠴᠢᠶᠠᠨ ᠤ ᠨᠦᠬᠦᠳ ᠵᠢᠳᠬᠦᠯ ᠴᠢᠷᠮᠠᠶᠢᠯᠭ᠎ᠠ ᠭᠠᠷᠭᠠᠵᠤ᠂ ᠨᠠᠮ ᠤᠨ ᠲᠦᠪ ᠬᠤᠷᠢᠶᠠᠨ ᠤ ᠰᠢᠢᠳᠪᠤᠷᠢᠳᠤ ᠪᠤᠳᠤᠯᠭ᠎ᠠ ᠪᠠᠶᠢᠷᠢᠯᠠᠭᠤᠯᠤᠯᠳᠠ ᠶᠢ ᠲᠦᠷᠦᠭᠦᠯᠡᠨ ᠲᠤᠭᠤᠰᠢᠯᠠᠭᠤᠯᠵᠤ᠂ ᠰᠠᠨᠠᠭᠠᠰᠢᠷᠠᠬᠤ ᠤᠬᠠᠮᠰᠠᠷ ᠢᠶᠠᠨ ᠲᠡᠭᠡᠭᠰᠢᠯᠡᠬᠦᠯᠵᠤ᠂ ᠬᠤᠷᠢᠭ᠎ᠠ ᠱᠤᠭᠤᠮ ᠤᠨ ᠰᠡᠳᠭᠢᠬᠦᠢ ᠶᠢ ᠪᠠᠷᠢᠮᠳᠠᠯᠠᠵᠤ᠂ ᠰᠢᠨ᠎ᠠ ᠪᠠᠶᠢᠳᠠᠯ ᠰᠢᠨ᠎ᠠ ᠦᠷᠢᠰᠤᠯᠳᠤᠬᠡᠨ ᠢ ᠢᠳᠡᠪᠬᠢᠳᠠᠢ ᠠᠷᠭᠠᠴᠠᠭᠠᠵᠤ᠂ ᠠᠵᠢᠯ ᠤᠨ ᠨᠠᠶᠢᠳᠠᠪᠤᠷᠢᠵᠢᠭᠤᠯᠤᠯᠳᠠ ᠶᠢ ᠴᠢᠩᠭ᠎ᠠ ᠠᠳᠬᠤᠵᠤ᠂ ᠬᠦᠴᠢᠷ ᠢ ᠲᠤᠭᠤᠯᠵᠤ ᠪᠡᠷᠬᠡ ᠶᠢ ᠲᠠᠪᠠᠭ᠋ᠤ ᠳᠠᠭᠠᠨ ᠴᠢᠳᠠᠮᠠᠭᠠᠢ ᠪᠠᠶᠢᠵᠤ᠂ ᠨᠡᠮᠡᠭᠳᠡᠯ ᠢ ᠲᠤᠭᠳᠠᠪᠤᠷᠢᠵᠢᠭᠤᠯᠬᠤ᠂ ᠦᠬᠡᠷᠡᠴᠢᠯᠠᠯᠳᠠ ᠶᠢ ᠠᠬᠢᠭᠤᠯᠬᠤ᠂ ᠪᠦᠳᠤᠴᠠ ᠳᠤ ᠲᠤᠬᠢᠷᠠᠭᠤᠯᠤᠯᠳᠠ ᠬᠢᠬᠦ᠂ ᠠᠷᠠᠳ ᠲᠤ ᠠᠰᠢᠬ ᠬᠦᠷᠳᠡᠬᠡᠬᠦ᠂ ᠠᠶᠤᠯ ᠲᠦᠭᠰᠢᠬᠦᠷᠢ ᠶᠢ ᠰᠡᠷᠬᠡᠶᠢᠯᠡᠬᠦ᠂ ᠡᠯ᠎ᠠ ᠵᠦᠢᠯ ᠤᠨ ᠠᠵᠢᠯ ᠤᠨ ᠲᠤᠭᠳᠠᠭᠤᠨ ᠪᠠᠶᠢᠳᠠᠯ ᠢ ᠪᠠᠳᠤᠯᠠᠬᠤ ᠠᠵᠢᠯ ᠢ ᠰᠠᠶᠢᠳᠤᠷ ᠬᠢᠵᠤ᠂ ᠦᠷᠯᠤᠬᠡ ᠦᠳᠡᠰᠢ ᠶᠢ ᠲᠡᠮᠡᠴᠡᠨ᠂ ᠦᠷᠭᠦᠯᠵᠢᠳᠡ ᠤᠯᠠᠨ ᠨᠡᠶᠢᠳᠠ ᠶᠢᠨ ᠲᠦᠯᠤᠬᠡ ᠴᠢᠷᠮᠠᠶᠢᠬᠤ ᠵᠤᠷᠢᠬ ᠰᠠᠨᠠᠭ᠎ᠠ ᠪᠠᠷ ᠨᠠᠮ ᠪᠤᠯᠤᠨ ᠠᠷᠠᠳ ᠲᠦᠮᠡᠨ ᠠᠴᠠ ᠲᠤᠰᠢᠶᠠᠬᠰᠠᠨ ᠤᠯᠤᠰ ᠲᠦᠷᠤ ᠶᠢᠨ ᠬᠠᠷᠢᠭᠤᠴᠠᠯᠭ᠎ᠠ ᠶᠢ ᠰᠠᠶᠢᠳᠤᠷ ᠬᠦᠢᠴᠡᠳᠬᠡᠬᠦ ᠭᠡᠷᠡᠭᠳᠠᠢ ᠬᠡᠵᠤ ᠵᠢᠭᠠᠵᠤ ᠭᠠᠷᠭᠠᠪᠠ᠃     ᠬᠤᠷᠠᠯ ᠠᠴᠠ᠂ ᠰᠤᠷᠲᠠᠯ ᠤᠨ ᠪᠠᠶᠢᠭᠤᠯᠤᠯᠲᠠ ᠡᠭᠦᠷᠢᠳᠡ ᠵᠤᠬᠰᠤᠰᠢ ᠦᠭᠡᠢ ᠶᠤᠮ᠂ ︽ᠳᠦᠷᠪᠡᠨ ᠰᠤᠷᠲᠠᠯ︾ ᠢ ᠴᠡᠭᠴᠡᠯᠡᠨ ᠰᠠᠶᠢᠵᠢᠷᠠᠭᠤᠯᠤᠬᠰᠠᠨ ᠦᠷ᠎ᠡ ᠪᠦᠲᠦᠭᠡᠯ ᠢ ᠪᠠᠬᠢᠵᠢᠭᠦᠯᠦᠨ ᠦᠷᠭᠡᠳᠬᠡᠵᠦ᠂ ᠰᠢᠯᠢᠳᠡᠭ ᠰᠠᠶᠢᠨ ᠨᠠᠮ ᠤᠨ ᠰᠤᠷᠲᠠᠯ ᠵᠠᠰᠠᠬ ᠤᠨ ᠰᠤᠷᠲᠠᠯ ᠢ ᠪᠠᠲᠤᠯᠠᠬᠤ ᠳᠤ᠂ ᠡᠷᠬᠡᠪᠰᠢ ᠨᠠᠮ ᠤᠨ ᠲᠦᠪ ᠬᠤᠷᠢᠶ᠎ᠡ ᠠᠴᠠ ᠡᠬᠢᠯᠡᠨ ᠠᠳᠬᠤᠵᠤ᠂ ᠳᠡᠭᠡᠳᠦ ᠵᠡᠷᠭᠡ ᠶᠢᠨ ᠺᠠᠳ᠋ᠷ ᠠᠴᠠ ᠡᠬᠢᠯᠡᠨ ᠬᠢᠬᠦ ᠬᠡᠷᠡᠭᠲᠡᠢ᠃ ᠨᠠᠮ ᠤᠨ ᠲᠦᠪ ᠬᠤᠷᠢᠶᠡᠨ ᠤ ᠤᠯᠤᠰ ᠲᠦᠷᠦ ᠶᠢᠨ ᠲᠤᠪᠴᠢᠶᠡᠨ ᠤ ᠨᠦᠬᠦᠳ ᠪᠡᠶ᠎ᠡ ᠪᠠᠷ ᠢᠶᠠᠨ ᠤᠷᠤᠯᠴᠠᠨ ᠴᠢᠷᠮᠠᠶᠢᠨ ᠬᠢᠵᠦ᠂ ᠳᠡᠭᠡᠳᠤ ᠱᠠᠲᠤ ᠨᠢ ᠳᠤᠤᠷᠠᠳᠤ ᠱᠠᠲᠤᠨ ᠳᠠᠭᠠᠨ ᠳᠠᠭᠤᠷᠢᠶᠠᠯ ᠪᠤᠯᠵᠤ᠂ ᠤᠬᠠᠮᠰᠠᠷ ᠠᠴᠠ ᠪᠠᠨ ᠠᠷᠢᠭᠤᠨ ᠴᠢᠭᠡᠴᠢ ᠪᠠᠷ ᠪᠡᠶ᠎ᠡ ᠪᠠᠨ ᠱᠠᠭᠠᠷᠳᠠᠵᠤ᠂ ᠭᠡᠷ ᠪᠦᠯᠢ ᠦᠷ᠎ᠡ ᠬᠡᠤᠬᠡᠳ ᠪᠠ ᠲᠡᠷᠭᠡᠳᠡᠬᠢ ᠠᠵᠢᠯᠲᠠᠳ ᠢᠶᠠᠨ ᠴᠢᠩᠭ᠎ᠠ ᠬᠠᠮᠢᠶᠠᠷᠴᠤ᠂ ᠭᠡᠷ ᠤᠨ ᠰᠤᠷᠲᠠᠯ ᠭᠡᠷ ᠤᠨ ᠰᠤᠷᠭᠠᠯ ᠢ ᠰᠠᠶᠢᠳᠤᠷ ᠠᠳᠬᠤᠵᠤ᠂ ᠤᠨᠴᠠ ᠡᠷᠬᠡ ᠶᠢᠨ ᠦᠵᠡᠯ ᠰᠠᠨᠠᠭ᠎ᠠ᠂ ᠤᠨᠴᠠ ᠡᠷᠬᠡ ᠶᠢᠨ ᠦᠵᠡᠭᠳᠡᠯ ᠢ ᠡᠷᠡᠰ ᠰᠡᠷᠭᠡᠶᠢᠯᠡᠨ ᠡᠰᠡᠷᠭᠦᠴᠡᠵᠦ᠂ ᠶᠠᠮᠠᠷᠪᠠ ᠬᠡᠯᠪᠡᠷᠢᠴᠢ ᠦᠵᠡᠯ᠂ ᠨᠤᠶᠠᠨᠴᠢ ᠰᠤᠷᠳᠠᠯ ᠢ ᠲᠦᠷᠦᠭᠦᠯᠡᠨ ᠬᠤᠷᠢᠬᠯᠠᠵᠤ᠂ ᠪᠦᠬᠦ ᠨᠠᠮ ᠳᠤ ᠰᠠᠶᠢᠨ ᠬᠡᠪ ᠳᠠᠭᠤᠷᠢᠶᠠᠯ ᠪᠤᠯᠵᠤ᠂ ᠰᠠᠶᠢᠨ ᠦᠯᠢᠭᠡᠷ ᠵᠢᠱᠢᠶ᠎ᠡ ᠪᠤᠯᠬᠤ ᠬᠡᠷᠡᠭᠲᠡᠢ ᠭᠡᠵᠦ ᠴᠢᠬᠤᠯᠠᠴᠢᠯᠠᠪᠠ᠃    ᠰᠢ ᠶᠢᠨ ᠫᠢᠩ ᠶᠠᠷᠢᠶᠠᠨ ᠳᠠᠭᠠᠨ ᠨᠠᠮ ᠤᠨ ᠲᠦᠪ ᠬᠤᠷᠢᠶᠡᠨ ᠤ ᠤᠯᠤᠰ ᠲᠦᠷᠦ ᠶᠢᠨ ᠲᠤᠪᠴᠢᠶᠠᠨ ᠤ ᠨᠦᠬᠦᠳ ᠤᠨ ᠬᠠᠷᠢᠴᠠᠭᠤᠯᠤᠨ ᠪᠠᠶᠢᠴᠠᠭᠠᠵᠤ ᠶᠠᠷᠢᠬᠰᠠᠨ ᠶᠠᠷᠢᠶ᠎ᠠ ᠶᠢ ᠳ᠋ᠦᠩᠨᠡᠭᠰᠡᠡ ᠪᠦᠬᠡᠳ ᠨᠠᠮ ᠤᠨ ᠲᠦᠪ ᠬᠤᠷᠢᠶᠡᠨ ᠤ ᠤᠯᠤᠰ ᠲᠦᠷᠦ ᠶᠢᠨ ᠲᠤᠪᠴᠢᠶ᠎ᠠ ︽ᠲᠤᠬᠲᠠᠭᠠᠯ︾᠂ ︽ᠬᠡᠷᠡᠭᠵᠢᠭᠦᠯᠬᠦ ᠨᠠᠷᠢᠨ ᠳᠦᠷᠢᠮ︾ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠳᠤ ᠱᠠᠭᠠᠷᠳᠠᠯᠭ᠎ᠠ ᠳᠤᠷᠠᠳᠴᠠᠢ᠂ ᠲᠤᠰ ᠤᠳᠠᠭ᠎ᠠ ᠶᠢᠨ ᠤᠯᠤᠰ ᠲᠦᠷᠦ ᠶᠢᠨ ᠲᠤᠪᠴᠢᠶᠠᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠮᠠᠰᠢ ᠰᠠᠶᠢᠨ ᠬᠤᠷᠠᠯᠳᠤᠭᠤᠯᠵᠠᠢ᠂ ᠤᠯᠠᠨ ᠤ ᠶᠠᠷᠢᠶ᠎ᠠ ᠪᠡᠯᠡᠳᠬᠡᠯ ᠭᠦᠢᠴᠡᠳ᠂ ᠪᠤᠲᠠᠲᠠᠢ ᠲᠠᠢ ᠤᠶᠠᠯᠳᠤᠭᠤᠯᠵᠤ᠂ ᠭᠦᠨᠵᠡᠭᠡᠢ ᠰᠡᠳᠬᠢᠵᠦ᠂ ᠲᠠᠨᠢᠯᠲᠠ ᠪᠠᠨ ᠬᠡᠯᠡᠵᠤ᠂ ᠤᠢᠢᠯᠠᠭᠠᠯᠲᠠ ᠪᠠᠨ ᠶᠠᠷᠢᠵᠤ᠂ ᠠᠰᠠᠭᠤᠳᠠᠯ ᠢ ᠲᠡᠯᠭᠡᠨ᠂ ᠲᠤᠲᠠᠬᠳᠠᠯ ᠢᠶᠠᠨ ᠡᠷᠢᠵᠦ᠂ ᠰᠠᠨᠠᠯ ᠭᠠᠷᠭᠠᠨ᠂ ᠰᠠᠨᠠᠭᠤᠯᠭ᠎ᠠ ᠳᠤᠷᠠᠳᠴᠤ᠂ ᠠᠰᠪᠤᠷ ᠰᠢᠭᠤᠳ᠂ ᠦᠨᠡᠨᠴᠢ ᠰᠢᠳᠤᠷᠭᠤ ᠪᠠᠷ ᠬᠠᠨᠳᠤᠵᠤ᠂ ᠦᠵᠡᠯ ᠰᠠᠨᠠᠭ᠎ᠠ ᠪᠠᠨ ᠰᠤᠯᠢᠯᠴᠠᠨ᠂ ᠪᠦᠯᠬᠦᠮᠳᠡᠯ ᠢᠶᠠᠨ ᠨᠢᠬᠲᠠᠷᠠᠭᠤᠯᠤᠬᠰᠠᠨ ᠮᠦᠷᠲᠡᠭᠡᠨ ᠪᠠᠰᠠ ᠠᠰᠠᠭᠤᠳᠠᠯ ᠢ ᠢᠯᠡᠷᠡᠭᠦᠯᠵᠦ᠂ ᠰᠠᠶᠢᠵᠢᠷᠠᠭᠤᠯᠬᠤ ᠴᠢᠭᠯᠡᠯ ᠢᠶᠠᠨ ᠲᠤᠳᠤᠷᠬᠠᠢᠢᠯᠠᠵᠤ᠂ ᠵᠢᠱᠢᠭᠰᠡᠨ ᠬᠠᠷᠠᠯᠲᠠ ᠳᠤ ᠬᠦᠷᠴᠤ ᠴᠢᠳᠠᠵᠡᠢ ᠭᠡᠵᠦ ᠢᠯᠡᠳᠬᠡᠪᠡ    ᠰᠢ ᠶᠢᠨ ᠫᠢᠩ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠪᠢᠳᠠ ᠨᠠᠮ ᠤᠨ ᠲᠤᠳᠤᠭᠠᠳᠤ ᠳᠤ ᠤᠷᠤᠰᠢᠵᠤ ᠪᠠᠶᠢᠭ᠎ᠠ ᠵᠦᠢᠯ ᠪᠦᠷᠢ ᠶᠢᠨ ᠠᠰᠠᠭᠤᠳᠠᠯ ᠪᠠ ᠲᠤᠲᠠᠬᠳᠠᠯ ᠳᠤ ᠰᠢᠭᠤᠳ ᠬᠠᠨᠳᠤᠵᠤ᠂ ᠲᠦᠪ ᠤᠨ ᠨᠠᠢᠮᠠᠨ ᠲᠤᠬᠲᠠᠭᠠᠯ ᠢ ᠲᠤᠬᠲᠠᠭᠠᠨ ᠬᠡᠷᠡᠭᠵᠢᠭᠦᠯᠬᠦ ᠠᠴᠠ ᠭᠠᠷᠳᠠᠨ᠂ ᠰᠢᠨ᠎ᠡ ᠪᠠᠶᠢᠳᠠᠯ ᠳᠤᠤᠷᠠᠬᠢ ᠰᠤᠷᠲᠠᠯ ᠤᠨ ᠪᠠᠶᠢᠭᠤᠯᠤᠯᠲᠠ ᠶᠠᠭᠤ ᠶᠢ ᠠᠳᠬᠤᠵᠤ᠂ ᠬᠡᠷᠬᠢᠨ ᠠᠳᠬᠤᠬᠤ ᠠᠰᠠᠭᠤᠳᠠᠯ ᠢ ᠰᠢᠢᠳᠪᠦᠷᠢᠯᠡᠵᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠢ ᠠᠬᠢᠭᠤᠯᠵᠤ᠂ ᠨᠠᠮ ᠤᠨ ᠰᠤᠷᠲᠠᠯ᠂ ᠵᠠᠰᠠᠬ ᠤᠨ ᠰᠤᠷᠲᠠᠯ᠂ ᠨᠡᠶᠢᠭᠡᠮ ᠤᠨ ᠰᠤᠷᠲᠠᠯ ᠤᠨ ᠰᠠᠶᠢᠵᠢᠷᠠᠯᠲᠠ ᠶᠢ ᠠᠬᠢᠭᠤᠯᠪᠠ᠃ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠨᠠᠭᠠᠰᠢ᠂ ᠪᠢᠳᠠ ᠰᠢᠨ᠎ᠠ ᠪᠠᠶᠢᠳᠠᠯ ᠰᠢᠨ᠎ᠡ ᠠᠰᠠᠭᠤᠳᠠᠯ ᠳᠤ ᠴᠢᠭᠯᠡᠭᠦᠯᠵᠤ᠂ ᠲᠦᠪ ᠤᠨ ᠨᠠᠢᠮᠠᠨ ᠲᠤᠬᠲᠠᠭᠠᠯ ᠢ ᠬᠡᠷᠡᠭᠵᠢᠭᠦᠯᠬᠦ ᠨᠠᠷᠢᠨ ᠳᠦᠷᠢᠮ ᠳᠤ ᠵᠠᠰᠠᠪᠤᠷᠢ ᠤᠷᠤᠭᠤᠯᠵᠤ᠂ ᠲᠦᠪ ᠤᠨ ᠨᠠᠢᠮᠠᠨ ᠲᠤᠬᠲᠠᠭᠠᠯ ᠤᠨ ᠵᠤᠷᠢᠬ ᠰᠠᠨᠠᠭ᠎ᠠ ᠶᠢ ᠦᠷᠬᠦᠯᠵᠢᠯᠡᠨ ᠨᠠᠶᠢᠳᠠᠪᠤᠷᠢᠵᠢᠭᠤᠯᠪᠠ᠃ ᠨᠠᠮ ᠤᠨ ᠲᠦᠪ ᠬᠤᠷᠢᠶᠡᠨ ᠤ ᠤᠯᠤᠰ ᠲᠦᠷᠦ ᠶᠢᠨ ᠲᠤᠪᠴᠢᠶᠠᠨ ᠤ ᠨᠦᠬᠦᠳ ᠲᠦᠪ ᠤᠨ ᠨᠠᠢᠮᠠᠨ ᠲᠤᠬᠲᠠᠭᠠᠯ ᠤᠨ ᠵᠤᠷᠢᠬ ᠰᠠᠨᠠᠭ᠎ᠠ ᠶᠢ ᠲᠦᠷᠦᠭᠦᠯᠡᠨ ᠴᠢᠩᠭ᠎ᠠ ᠬᠡᠷᠡᠭᠵᠢᠭᠦᠯᠬᠦ ᠶᠢᠨ ᠬᠠᠮᠲᠤ ᠬᠤᠪᠢᠳᠠᠨ ᠬᠠᠮᠢᠶᠠᠷᠴᠦ ᠪᠠᠶᠢᠭ᠎ᠠ ᠤᠷᠤᠨ ᠨᠤᠲᠤᠬ ᠪᠠ ᠰᠠᠯᠠᠭ᠎ᠠ ᠮᠦᠴᠢᠷ ᠤᠨ ᠬᠢᠨ ᠤ ᠲᠦᠪ ᠤᠨ ᠨᠠᠢᠮᠠᠨ ᠲᠤᠬᠲᠠᠭᠠᠯ ᠤᠨ ᠵᠤᠷᠢᠬ ᠰᠠᠨᠠᠭ᠎ᠠ ᠶᠢ ᠲᠤᠭᠤᠰᠢᠯᠠᠭᠤᠯᠤᠨ ᠬᠡᠷᠡᠭᠵᠢᠭᠦᠯᠬᠦ ᠠᠵᠢᠯ ᠢ ᠴᠢᠩᠭ᠎ᠠ ᠰᠠᠶᠢᠳᠤᠷ ᠠᠳᠬᠤᠬᠤ ᠬᠡᠷᠡᠭᠲᠡᠢ᠃ ᠳᠤᠪᠤᠶᠢᠮ᠎ᠠ ᠠᠰᠠᠭᠤᠳᠠᠯ ᠳᠤ ᠠᠩᠬᠠᠷᠤᠯ ᠢᠶᠠᠨ ᠲᠦᠪᠯᠡᠷᠡᠭᠦᠯᠵᠦ᠂ ᠵᠠᠩᠬᠢᠯᠠᠭ᠎ᠠ ᠶᠢᠨ ᠦᠶ᠎ᠡ ᠶᠢ ᠴᠢᠩᠭ᠎ᠠ ᠠᠩᠬᠠᠷᠴᠤ᠂ ︽ᠳᠦᠷᠪᠡᠨ ᠰᠤᠷᠲᠠᠯ︾ ᠤᠨ ᠠᠰᠠᠭᠤᠳᠠᠯ ᠢ ᠬᠦᠴᠦᠯᠡᠨ ᠰᠢᠢᠳᠪᠦᠷᠢᠯᠡᠬᠦ ᠬᠡᠷᠡᠭᠳᠡᠢ᠂ ᠬᠠᠰᠢ ᠶᠠᠰᠢ ᠪᠠᠷ ᠳᠠᠭᠤᠰᠬᠠᠵᠤ ᠪᠤᠯᠬᠤ ᠦᠭᠡᠢ᠂ ︽ᠲᠤᠲᠠᠭᠤ ᠲᠤᠷᠭᠤᠨ ᠢᠨᠵᠧᠨᠧᠷᠢᠩ︾ ᠪᠤᠯᠭᠠᠵᠤ ᠪᠤᠯᠬᠤ ᠦᠭᠡᠢ᠂ ᠨᠡᠩ ᠴᠤ ᠬᠡᠯᠪᠡᠷᠢ ᠶᠢᠨ ᠲᠡᠳᠦᠢ ᠬᠢᠵᠦ ᠠᠯᠪᠠ ᠬᠠᠰᠢᠵᠤ ᠠᠮᠠ ᠪᠦᠭᠯᠡᠵᠥ ᠪᠤᠯᠬᠤ ᠦᠭᠡᠢ ᠭᠡᠵᠦ ᠴᠢᠬᠤᠯᠠᠴᠢᠯᠠᠪᠠ᠃     ᠰᠢ ᠶᠢᠨ ᠫᠢᠩ᠂ ᠠᠷᠠᠳᠴᠢᠯᠠᠯ ᠲᠦᠪᠯᠡᠷᠡᠯ ᠤᠨ ᠶᠤᠰᠤ ᠪᠤᠯ ᠮᠠᠨ ᠤ ᠨᠠᠮ ᠤᠨ ᠦᠨᠳᠦᠰᠦᠨ ᠵᠤᠬᠢᠶᠠᠨ ᠪᠠᠶᠢᠭᠤᠯᠤᠯᠲᠠ ᠶᠢᠨ ᠵᠠᠷᠴᠢᠮ ᠪᠠ ᠤᠳᠤᠷᠢᠳᠬᠤ ᠳᠦᠷᠢᠮ ᠮᠦᠨ᠂ ᠮᠠᠷᠺᠰ ᠤᠨ ᠦᠵᠡᠯ ᠤᠨ ᠲᠦᠷᠦ ᠶᠢᠨ ᠨᠠᠮ ᠪᠤᠰᠤᠳ ᠲᠦᠷᠦ ᠶᠢᠨ ᠨᠠᠮ ᠠᠴᠠ ᠢᠯᠭᠠᠬᠳᠠᠬᠤ ᠴᠢᠬᠤᠯᠠ ᠰᠢᠨᠵᠢ ᠲᠡᠮᠳᠡᠭ ᠪᠤᠯᠤᠨ᠎ᠡ᠃ ᠡᠨᠡ ᠬᠦ ᠶᠤᠰᠤ ᠨᠢ ᠨᠠᠮ ᠤᠨ ᠲᠤᠳᠤᠭᠠᠳᠤ ᠳᠠᠬᠢ ᠠᠷᠠᠳᠴᠢᠯᠠᠯ ᠢ ᠭᠦᠢᠴᠡᠳ ᠪᠠᠳᠠᠷᠠᠭᠤᠯᠬᠤ ᠪᠠ ᠲᠦᠪᠯᠡᠷᠡᠯ ᠢ ᠵᠦᠪ ᠢᠶᠠᠷ ᠬᠡᠷᠡᠭᠵᠢᠭᠦᠯᠬᠦ ᠶᠢ ᠤᠷᠭᠠᠨᠢᠬ ᠢᠶᠠᠷ ᠤᠶᠠᠯᠳᠤᠭᠤᠯᠵᠤ᠂ ᠬᠠᠮᠤᠬ ᠤᠨ ᠶᠡᠭᠡ ᠬᠡᠮᠵᠢᠶ᠎ᠡ ᠪᠠᠷ ᠪᠦᠬᠦ ᠨᠠᠮ ᠤᠨ ᠡᠭᠦᠳᠦᠨ ᠪᠦᠲᠦᠭᠡᠬᠦ ᠠᠮᠢᠵᠢᠷᠠᠯ ᠤᠨ ᠬᠦᠴᠦᠨ ᠢ ᠬᠦᠭᠵᠢᠬᠡᠭᠰᠡᠡ ᠮᠦᠷᠲᠡᠭᠡᠨ ᠪᠠᠰᠠ ᠪᠦᠬᠦ ᠨᠠᠮ ᠤᠨ ᠦᠵᠡᠯ ᠰᠠᠨᠠᠭ᠎ᠠ ᠪᠠ ᠠᠵᠢᠯᠯᠠᠭ᠎ᠠ ᠶᠢ ᠨᠢᠭᠡᠳᠬᠡᠵᠦ᠂ ᠵᠦᠪᠯᠡᠭᠡᠳ ᠰᠢᠢᠳᠪᠦᠷᠢ ᠭᠠᠷᠭᠠᠬᠤ ᠦᠭᠡᠢ᠂ ᠰᠢᠢᠳᠪᠦᠷᠢ ᠭᠠᠷᠭᠠᠭᠠᠳ ᠬᠡᠷᠡᠭᠵᠢᠭᠦᠯᠬᠦ ᠦᠭᠡᠢ ᠪᠠᠶᠢᠬᠤ ᠲᠠᠷᠠᠬᠠᠢ ᠪᠤᠳᠠᠷᠬᠠᠢ ᠦᠵᠡᠯ ᠢ ᠪᠦᠲᠦᠮᠵᠢᠲᠡᠢ ᠰᠡᠷᠭᠡᠶᠢᠯᠡᠨ ᠳᠡᠪᠴᠢᠪᠡ᠂ ᠡᠨᠡ ᠪᠤᠯ ᠰᠢᠨᠵᠢᠯᠡᠬᠦ ᠤᠬᠠᠭᠠᠨᠴᠢ ᠵᠦᠢ ᠵᠤᠬᠢᠰᠲᠠᠢ ᠪᠦᠭᠡᠳ ᠦᠷ᠎ᠡ ᠪᠦᠳᠦᠮᠵᠢ ᠲᠠᠢ ᠶᠤᠰᠤ ᠪᠤᠯᠤᠨ᠎ᠠ᠃ ᠠᠷᠠᠳᠴᠢᠯᠠᠯ ᠲᠦᠪᠯᠡᠷᠡᠯ ᠤᠨ ᠶᠤᠰᠤ ᠳᠤ ᠠᠷᠠᠳᠴᠢᠯᠠᠯ ᠪᠤᠯᠤᠨ ᠲᠦᠪᠯᠡᠷᠡᠯ ᠬᠤᠶᠠᠷ ᠲᠠᠯ᠎ᠠ ᠪᠠᠭᠲᠠᠵᠤ ᠪᠠᠶᠢᠨ᠎ᠠ᠂ ᠬᠤᠶᠠᠭᠤᠯᠠ ᠪᠠᠨ ᠬᠠᠷᠢᠯᠴᠠᠨ ᠨᠦᠬᠦᠴᠡᠯᠳᠤᠵᠤ᠂ ᠬᠠᠷᠢᠯᠴᠠᠨ ᠨᠦᠬᠦᠪᠦᠷᠢᠯᠡᠵᠦ ᠪᠠᠶᠢᠨ᠎ᠠ᠂ ᠠᠯᠢ ᠨᠢ ᠴᠤ ᠲᠤᠳᠠᠵᠤ ᠪᠤᠯᠬᠤ ᠦᠭᠡᠢ ᠶᠤᠮ᠂ ᠪᠢᠳᠠ ᠠᠷᠠᠳᠴᠢᠯᠠᠯ ᠪᠤᠯᠤᠨ ᠲᠦᠪᠯᠡᠷᠡᠯ ᠢ ᠤᠷᠭᠠᠨᠢᠬ ᠢᠶᠠᠷ ᠤᠶᠠᠯᠳᠤᠭᠤᠯᠵᠤ᠂ ᠠᠷᠠᠳᠴᠢᠯᠠᠯ ᠲᠦᠪᠯᠡᠷᠡᠯ ᠤᠨ ᠶᠤᠰᠤ ᠶᠢᠨ ᠳᠠᠪᠠᠭᠤᠯᠢᠬ ᠢ ᠦᠨᠡᠨ ᠬᠦ ᠮᠠᠨ ᠤ ᠨᠠᠮ ᠤᠨ ᠤᠯᠤᠰ ᠲᠦᠷᠦ ᠶᠢᠨ ᠳᠠᠪᠠᠭᠤᠯᠢᠬ᠂ ᠵᠤᠬᠢᠶᠠᠨ ᠪᠠᠶᠢᠭᠤᠯᠤᠯᠲᠠ ᠶᠢᠨ ᠳᠠᠪᠠᠭᠤᠯᠢᠬ᠂ ᠳᠤᠷᠢᠮ ᠤᠨ ᠳᠠᠪᠠᠭᠤᠯᠢᠬ᠂ ᠠᠵᠢᠯ ᠤᠨ ᠳᠠᠪᠠᠭᠤᠯᠢᠬ ᠪᠤᠯᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃     ᠰᠢ ᠶᠢᠨ ᠫᠢᠩ᠂ ᠨᠠᠮ ᠤᠨ ᠲᠦᠪ ᠬᠤᠷᠢᠶᠠᠨ ᠤ ᠡᠷᠭᠡ ᠰᠦᠷ ᠪᠤᠯᠤᠨ ᠲᠦᠪᠯᠡᠷᠡᠩᠭᠦᠢ ᠨᠢᠭᠡᠳᠦᠯᠳᠠᠢ ᠤᠳᠤᠷᠢᠳᠤᠯᠭ᠎ᠠ ᠶᠢ ᠰᠠᠶᠢᠳᠤᠷ ᠪᠠᠷᠢᠮᠳᠠᠯᠠᠪᠡᠯ᠂ ᠨᠠᠮ ᠤᠨ ᠠᠵᠢᠯ ᠦᠢᠯᠡᠰ ᠦᠷᠨᠢᠨ ᠬᠦᠭᠵᠢᠨ᠎ᠡ︔ ᠡᠶᠢᠮᠦ ᠪᠢᠰᠢ ᠪᠤᠯ ᠨᠠᠮ ᠤᠨ ᠠᠵᠢᠯ ᠦᠢᠯᠡᠰ ᠨᠤᠭᠤᠷᠠᠯ ᠪᠦᠳᠦᠷᠢᠯ ᠳᠤ ᠤᠴᠠᠷᠠᠨ᠎ᠡ ᠭᠡᠳᠡᠭ ᠢ ᠮᠠᠨ ᠤ ᠨᠠᠮ ᠤᠨ ᠲᠡᠤᠭᠡ ᠶᠢᠨ ᠲᠤᠷᠰᠢᠯᠭ᠎ᠠ ᠬᠡᠷᠠᠴᠢᠯᠠᠪᠠ᠃ ᠨᠠᠮ ᠤᠨ ᠠᠷᠪᠡᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠨᠠᠮ ᠤᠨ ᠲᠦᠪ ᠬᠤᠷᠢᠶ᠎ᠡ ︽ᠲᠦᠷᠪᠡᠨ ᠤᠬᠠᠮᠰᠠᠷ︾᠂ ︽ᠬᠤᠶᠠᠷ ᠢ ᠬᠠᠮᠠᠭᠠᠯᠠᠬᠤ︾ ᠶᠢ ᠲᠤᠳᠤᠷᠬᠠᠢ ᠴᠢᠬᠤᠯᠠᠴᠢᠯᠠᠵᠤ᠂ ᠠᠯᠢ ᠤᠯᠠᠨ ᠲᠤᠳᠤᠷᠬᠠᠢ ᠱᠠᠭᠠᠷᠳᠠᠯᠭ᠎ᠠ ᠲᠤᠷᠠᠳᠴᠤ᠂ ᠤᠯᠤᠬᠰᠡᠨ ᠦᠷ᠎ᠡ ᠪᠦᠳᠦᠮᠵᠢ ᠨᠢ ᠮᠠᠰᠢ ᠲᠤᠪᠤᠶᠢᠮ᠎ᠠ ᠪᠠᠶᠢᠨ᠎ᠠ᠃ ᠪᠦᠬᠦ ᠨᠠᠮ ᠤᠨ ᠲᠡᠭᠡᠳᠤ ᠲᠤᠤᠷᠠᠳᠤ ᠱᠠᠳᠤ ᠪᠠᠷ ᠢᠶᠠᠨ ᠪᠦᠯᠬᠦᠮᠳᠡᠨ ᠨᠢᠭᠡᠳᠴᠤ᠂ ᠠᠯᠬᠤᠭ᠎ᠠ ᠪᠠᠨ ᠨᠢᠭᠡᠳᠭᠡᠭᠰᠡᠨ ᠠᠴᠠ ᠪᠢᠳᠠ ᠤᠷᠳᠤ ᠬᠤᠭᠤᠴᠠᠭᠠᠨ ᠤ ᠲᠤᠷᠰᠢ ᠰᠢᠢᠳᠪᠤᠷᠢᠯᠡᠶ᠎ᠡ ᠭᠡᠵᠤ ᠪᠤᠳᠤᠵᠤ ᠪᠠᠶᠢᠬᠰᠡᠨ ᠪᠤᠯᠪᠠᠴᠤ ᠰᠢᠢᠳᠪᠤᠷᠢᠯᠡᠵᠤ ᠲᠠᠶᠢᠯᠦᠭᠡᠳᠦᠢ ᠪᠠᠶᠢᠬᠰᠡᠨ ᠮᠠᠰᠢ ᠤᠯᠠᠨ ᠬᠦᠴᠢᠷ ᠠᠰᠠᠭᠤᠳᠠᠯ ᠢ ᠰᠢᠢᠳᠪᠤᠷᠢᠯᠡᠵᠤ᠂ ᠦᠡᠭᠭᠡᠷᠡᠭᠰᠡᠨ ᠳᠤ ᠪᠦᠳᠦᠭᠡᠶ᠎ᠡ ᠬᠡᠵᠤ ᠪᠤᠳᠤᠵᠤ ᠪᠠᠶᠢᠬᠰᠡᠨ ᠪᠤᠯᠪᠠᠴᠤ ᠪᠦᠳᠦᠭᠡᠵᠤ ᠲᠠᠶᠢᠯᠦᠭᠡᠳᠦᠢ ᠪᠠᠶᠢᠬᠰᠡᠨ ᠮᠠᠰᠢ ᠤᠯᠠᠨ ᠶᠡᠭᠡ ᠶᠠᠪᠤᠳᠠᠯ ᠢ ᠪᠦᠳᠦᠭᠡᠵᠤ᠂ ᠨᠠᠮ ᠪᠤᠯᠤᠨ ᠤᠯᠤᠰ ᠤᠨ ᠠᠵᠢᠯ ᠦᠢᠯᠡᠰ ᠤᠨ ᠲᠤᠳᠤᠭᠠᠳᠤ ᠳᠤ ᠤᠷᠤᠰᠢᠵᠤ ᠪᠠᠶᠢᠭ᠎ᠠ ᠬᠦᠨᠳᠤ ᠨᠤᠴᠢᠳᠠᠢ ᠬᠡᠮ ᠰᠤᠭᠤᠭ ᠢ ᠠᠷᠢᠯᠭᠠᠵᠤ᠂ ᠨᠠᠮ ᠪᠤᠯᠤᠨ ᠤᠯᠤᠰ ᠤᠨ ᠠᠵᠢᠯ ᠦᠢᠯᠡᠰ ᠤᠨ ᠲᠡᠤᠭᠡᠳᠤ ᠴᠢᠨᠠᠷᠳᠠᠢ ᠠᠮᠵᠢᠯᠳᠠ ᠪᠦᠳᠦᠮᠵᠢ ᠤᠯᠬᠤ᠂ ᠲᠡᠤᠭᠡᠳᠤ ᠴᠢᠨᠠᠷᠳᠠᠢ ᠬᠤᠪᠢᠰᠤᠯᠳᠠ ᠭᠠᠷᠬᠤ ᠶᠢ ᠠᠬᠢᠭᠤᠯᠵᠠᠢ ᠭᠡᠵᠤ ᠴᠢᠬᠤᠯᠠᠴᠢᠯᠠᠪᠠ     ᠰᠢ ᠶᠢᠨ ᠫᠢᠩ᠂ ᠨᠠᠮ ᠤᠨ ᠠᠷᠪᠡᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠨᠠᠮ ᠤᠨ ᠲᠦᠪ ᠬᠤᠷᠢᠶᠠᠨ ᠤ ᠡᠯ᠎ᠡ ᠵᠦᠢᠯ ᠤᠨ ᠰᠢᠢᠳᠪᠤᠷᠢᠳᠤ ᠪᠤᠳᠤᠯᠭ᠎ᠠ ᠪᠠᠶᠢᠷᠢᠯᠠᠭᠤᠯᠤᠯᠳᠠ ᠴᠦᠮ ᠠᠷᠠᠳᠴᠢᠯᠡᠯ ᠲᠦᠪᠯᠠᠷᠡᠯ ᠤᠨ ᠶᠤᠰᠤ ᠶᠢ ᠴᠢᠩᠭ᠎ᠠ ᠭᠡᠷᠡᠭᠵᠢᠬᠦᠯᠵᠤ᠂ ᠴᠦᠮ ᠨᠠᠮ ᠤᠨ ᠲᠤᠳᠤᠭᠠᠳᠤ ᠶᠢᠨ ᠠᠷᠠᠳᠴᠢᠯᠡᠯ ᠢ ᠪᠠᠳᠠᠷᠠᠭᠤᠯᠬᠤ ᠶᠢ ᠠᠩᠬᠠᠷᠴᠤ᠂ ᠴᠦᠮ ᠬᠦᠨᠵᠡᠭᠡᠢ ᠪᠠᠶᠢᠴᠠᠭᠠᠨ ᠰᠤᠳᠤᠯᠤᠯᠳᠠ ᠶᠢ ᠦᠡᠭᠭᠡᠷᠡᠭᠡᠵᠤ᠂ ᠡᠯ᠎ᠡ ᠲᠠᠯ᠎ᠡ ᠶᠢᠨ ᠰᠠᠨᠠᠯ ᠢ ᠦᠷᠭᠡᠨ ᠢᠶᠠᠷ ᠰᠤᠨᠤᠰᠴᠤ᠂ ᠲᠡᠬᠢᠨ ᠲᠠᠪᠳᠠᠨ ᠶᠠᠷᠢᠯᠴᠠᠬᠤ ᠪᠠᠷ ᠲᠠᠮᠵᠢᠨ ᠪᠦᠷᠢᠯᠳᠦᠭᠰᠡᠨ ᠶᠤᠮ᠃ ᠮᠠᠨ ᠤ ᠡᠶᠢᠮᠤᠷᠬᠦᠤ ᠶᠡᠭᠡ ᠨᠠᠮ ᠶᠡᠭᠡ ᠤᠯᠤᠰ ᠢ ᠰᠠᠶᠢᠳᠤᠷ ᠵᠠᠰᠠᠶ᠎ᠠ ᠬᠡᠪᠡᠯ᠂ ᠲᠠᠯ᠎ᠠ ᠲᠠᠯ᠎ᠠ ᠶᠢᠨ ᠪᠠᠶᠢᠳᠠᠯ ᠢ ᠰᠠᠶᠢᠳᠤᠷ ᠡᠵᠡᠮᠳᠡᠬᠦ ᠭᠡᠷᠡᠭᠳᠠᠢ᠂ ᠡᠨᠡ ᠨᠢ ᠨᠠᠮ ᠤᠨ ᠲᠤᠳᠤᠭᠠᠳᠤ ᠶᠢᠨ ᠠᠷᠠᠳᠴᠢᠯᠡᠯ ᠢ ᠪᠠᠳᠠᠷᠠᠭᠤᠯᠬᠤ ᠳᠤ ᠲᠦᠰᠢᠭᠯᠡᠬᠦ ᠠᠴᠠ ᠢᠷᠠᠯᠳᠡ ᠲᠠᠢ᠂ ᠡᠯ᠎ᠡ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠪᠤᠯᠤᠨ ᠦᠷᠭᠡᠨ ᠤᠯᠠᠨ ᠨᠠᠮ ᠤᠨ ᠭᠡᠰᠢᠬᠦᠨ᠂ ᠺᠠᠳ᠋ᠷ ᠤᠯᠠᠨ ᠲᠦᠮᠡᠨ ᠤ ᠬᠦᠰᠡᠯ ᠪᠤᠳᠤᠯ ᠢ ᠦᠷᠭᠡᠨ ᠢᠶᠠᠷ ᠰᠤᠨᠤᠰᠴᠤ᠂ ᠠᠷᠠᠳ ᠲᠦᠮᠡᠨ ᠤ ᠰᠠᠨᠠᠯ ᠢ ᠬᠤᠷᠠᠮᠳᠤᠭᠤᠯᠬᠤ ᠳᠤ ᠲᠦᠰᠢᠭᠯᠡᠬᠦ ᠠᠴᠠ ᠢᠷᠠᠯᠳᠡ ᠲᠠᠢ ᠶᠤᠮ᠃ ᠤᠳᠤᠷᠢᠳᠬᠤ ᠺᠠᠳ᠋ᠷ ᠠᠷᠠᠳᠴᠢᠯᠡᠯ ᠤᠨ ᠰᠤᠷᠳᠠᠯ ᠢ ᠨᠢᠭᠡ ᠵᠦᠢᠯ ᠤᠨ ᠤᠳᠤᠷᠢᠳᠬᠤ ᠴᠢᠳᠠᠪᠤᠷᠢ ᠪᠤᠯᠭᠠᠨ ᠬᠦᠮᠦᠵᠢᠬᠦᠯᠵᠤ᠂ ᠨᠢᠭᠡ ᠵᠦᠢᠯ ᠤᠨ ᠤᠳᠤᠷᠢᠳᠬᠤ ᠤᠷᠠᠯᠢᠭ ᠪᠤᠯᠭᠠᠨ ᠡᠵᠡᠮᠰᠢᠬᠦ ᠭᠡᠷᠡᠭᠳᠠᠢ᠃ ᠡᠷᠭᠡ ᠲᠡᠭᠰᠢ ᠪᠠᠷ ᠬᠠᠨᠳᠤᠵᠤ᠂ ᠡᠶᠡᠯᠰᠡᠭ ᠢᠶᠠᠷ ᠶᠠᠪᠤᠯᠴᠠᠬᠤ ᠦᠨᠡᠨᠴᠢ ᠰᠢᠳᠤᠷᠭᠤ ᠤᠪᠤᠷ ᠢᠶᠠᠷ᠂ ᠲᠠᠷᠤᠤ ᠬᠦᠡᠭᠭᠡᠮᠰᠦᠭ᠂ ᠠᠯᠢᠪᠠ ᠶᠢ ᠪᠠᠭᠳᠠᠭᠠᠬᠤ ᠬᠡᠬᠦᠳᠡᠭ ᠴᠡᠭᠡᠵᠢ ᠪᠠᠷ ᠡᠯ᠎ᠡ ᠲᠠᠯ᠎ᠡ ᠶᠢᠨ ᠦᠨᠠᠨ ᠪᠤᠳᠠᠳᠠᠢ ᠰᠠᠨᠠᠯ ᠢ ᠪᠦᠷᠢᠨ ᠡᠵᠡᠮᠰᠢᠵᠤ᠂ ᠤᠨᠤᠪᠴᠢᠳᠠᠢ ᠡᠵᠡᠮᠰᠢᠵᠤ᠂ ᠲᠠᠬᠢᠨ ᠲᠠᠪᠳᠠᠨ ᠰᠤᠳᠤᠯᠵᠤ᠂ ᠲᠠᠬᠢᠨ ᠲᠠᠪᠳᠠᠨ ᠬᠠᠷᠢᠴᠠᠭᠤᠯᠵᠤ᠂ ᠰᠠᠶᠢᠨ ᠢ ᠨᠢ ᠰᠤᠩᠭᠤᠵᠤ ᠲᠠᠭᠠᠬᠤ ᠭᠡᠷᠡᠭᠳᠠᠢ᠃ ᠵᠦᠪ ᠢᠶᠠᠷ ᠲᠦᠪᠯᠡᠷᠡᠬᠦᠯᠬᠦ ᠳᠡᠭᠡᠨ ᠴᠢᠳᠠᠮᠠᠭᠠᠢ ᠪᠠᠶᠢᠵᠤ᠂ ᠠᠳᠠᠯᠢ ᠪᠤᠰᠤ ᠰᠠᠨᠠᠯ ᠢ ᠨᠢᠭᠡᠳᠭᠡᠵᠤ᠂ ᠡᠯ᠎ᠡ ᠵᠦᠢᠯ ᠤᠨ ᠲᠠᠷᠠᠬᠠᠢ ᠪᠤᠳᠠᠷᠬᠠᠢ ᠰᠠᠨᠠᠯ ᠤᠨ ᠲᠤᠮᠳᠠᠬᠢ ᠰᠤᠳᠤ ᠮᠡᠷᠭᠡᠨ ᠦᠵᠡᠯᠳᠠ ᠶᠢ ᠪᠤᠯᠪᠠᠰᠤᠷᠠᠭᠤᠯᠤᠨ ᠬᠤᠷᠢᠶᠠᠩᠭᠤᠢᠢᠯᠠᠵᠤ᠂ ᠭᠡᠷᠡᠭ ᠪᠤᠳᠠᠰ ᠤᠨ ᠬᠦᠭᠵᠢᠯᠳᠠ ᠶᠢᠨ ᠵᠢᠮ᠎ᠡ ᠶᠤᠰᠤᠨ ᠳᠤ ᠨᠡᠶᠢᠴᠡᠬᠦ᠂ ᠦᠷᠭᠡᠨ ᠤᠯᠠᠨ ᠠᠷᠠᠳ ᠲᠦᠮᠡᠨ ᠤ ᠦᠨᠳᠦᠰᠦᠨ ᠠᠰᠢᠭ ᠲᠤᠰᠠ ᠳᠤ ᠨᠠᠶᠢᠴᠡᠬᠦ ᠵᠦᠪ ᠰᠠᠨᠠᠯ ᠢ ᠲᠦᠪᠯᠡᠷᠡᠬᠦᠯᠵᠤ᠂ ᠰᠢᠨᠵᠢᠯᠡᠬᠦ ᠤᠬᠠᠭᠠᠨᠴᠢ ᠪᠠᠷ ᠰᠢᠢᠳᠪᠤᠷᠢᠳᠤ ᠪᠤᠳᠤᠯᠭ᠎ᠠ ᠭᠠᠷᠭᠠᠬᠤ ᠭᠡᠷᠡᠭᠳᠠᠢ᠃ ᠠᠷᠠᠳᠴᠢᠯᠡᠯ ᠲᠦᠪᠯᠠᠷᠡᠯ ᠤᠨ ᠶᠤᠰᠤ ᠶᠢ ᠲᠤᠭᠤᠰᠢᠯᠠᠭᠤᠯᠤᠨ ᠭᠡᠷᠡᠭᠵᠢᠬᠦᠯᠬᠦ ᠪᠤᠯ ᠪᠦᠬᠦ ᠨᠠᠮ ᠤᠨ ᠬᠠᠮᠳᠤ ᠶᠢᠨ ᠤᠯᠤᠰ ᠲᠦᠷᠦ ᠶᠢᠨ ᠬᠠᠷᠢᠭᠤᠴᠠᠯᠭ᠎ᠠ ᠪᠤᠯᠤᠨ᠎ᠠ᠂ ᠡᠩ ᠲᠡᠷᠢᠬᠦᠨ ᠳᠤ ᠡᠯ᠎ᠡ ᠱᠠᠳᠤᠨ ᠤ ᠤᠳᠤᠷᠢᠳᠬᠤ ᠺᠠᠳ᠋ᠷ ᠢᠯᠠᠩᠭᠤᠶ᠎ᠠ ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶᠠᠨ ᠤ ᠨᠦᠬᠦᠳ ᠤᠨ ᠬᠠᠷᠢᠭᠤᠴᠠᠯᠭ᠎ᠠ ᠪᠤᠯᠤᠨ᠎ᠠ᠂ ᠤᠯᠠᠨ ᠢᠶᠠᠷ ᠢᠶᠠᠨ ᠦᠯᠢᠭᠡᠷ ᠲᠠᠭᠤᠷᠢᠶᠠᠯ ᠤᠨ ᠦᠢᠯᠡᠳᠦᠯ ᠦᠵᠡᠬᠦᠯᠬᠦ ᠭᠡᠷᠡᠭᠳᠠᠢ ᠭᠡᠵᠤ ᠵᠢᠭᠠᠵᠤ ᠭᠠᠷᠭᠠᠪᠠ᠃     ᠰᠢ ᠶᠢᠨ ᠫᠢᠩ᠂ ᠰᠢᠨ᠎ᠡ ᠴᠠᠭ ᠦᠶ᠎ᠡ ᠳᠤ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠢ ᠪᠠᠷᠢᠮᠳᠠᠯᠠᠨ ᠬᠦᠭᠵᠢᠬᠦᠯᠬᠦ ᠪᠤᠯ ᠠᠭᠤᠤ ᠶᠡᠭᠡ ᠨᠡᠶᠢᠭᠡᠮ ᠤᠨ ᠬᠤᠪᠢᠰᠬᠠᠯ ᠪᠤᠯᠤᠨ᠎ᠡ᠂ ᠪᠢᠳᠠᠨ ᠢ ᠡᠷᠬᠡᠪᠰᠢ ᠴᠠᠭ ᠢᠮᠠᠬᠳᠠ ᠮᠠᠰᠢ ᠤᠯᠠᠨ ᠰᠢᠨ᠎ᠡ ᠲᠡᠤᠭᠡᠳᠤ ᠤᠨᠴᠠᠯᠢᠭ ᠲᠠᠢ ᠠᠭᠤᠤ ᠶᠡᠭᠡ ᠲᠠᠮᠠᠴᠡᠯ ᠬᠢᠬᠦ ᠶᠢ ᠱᠠᠭᠠᠷᠳᠠᠵᠤ᠂ ᠮᠠᠨ ᠤ ᠺᠠᠳ᠋ᠷ ᠢᠯᠠᠩᠭᠤᠶ᠎ᠠ ᠤᠳᠤᠷᠢᠳᠬᠤ ᠺᠠᠳ᠋ᠷ ᠢ ᠡᠷᠬᠡᠪᠰᠢ ᠬᠦᠴᠢᠷ ᠪᠡᠷᠭᠡᠰᠢᠶᠠᠯ ᠢ ᠲᠤᠭᠤᠯᠵᠤ᠂ ᠤᠯᠠᠨ ᠢ ᠦᠵᠡᠨ ᠨᠢᠳᠤ ᠨᠡᠭᠡᠭᠡᠵᠤ᠂ ᠡᠷᠳᠡᠮ ᠴᠢᠳᠠᠪᠤᠷᠢ ᠪᠠᠨ ᠲᠠᠭᠡᠭᠰᠢᠯᠡᠬᠦᠯᠵᠤ᠂ ᠪᠡᠶ᠎ᠡ ᠮᠠᠬᠠᠪᠤᠳ ᠢᠶᠠᠨ ᠴᠢᠬᠢᠷᠠᠬᠵᠢᠭᠤᠯᠵᠤ᠂ ᠲᠠᠮᠡᠴᠡᠯ ᠤᠨ ᠵᠤᠷᠢᠭ ᠰᠠᠨᠠᠭ᠎ᠠ ᠪᠠᠨ ᠪᠠᠳᠤᠯᠠᠵᠤ᠂ ᠲᠠᠮᠡᠴᠡᠯ ᠤᠨ ᠴᠢᠳᠠᠪᠤᠷᠢ ᠪᠠᠨ ᠴᠢᠩᠭᠠᠳᠬᠠᠬᠤ ᠭᠡᠷᠡᠭᠳᠠᠢ ᠭᠡᠳᠡᠭ ᠢ ᠱᠠᠭᠠᠷᠳᠠᠵᠤ ᠪᠠᠶᠢᠨ᠎ᠡ᠃ ᠲᠠᠮᠠᠴᠡᠯ ᠤᠨ ᠵᠤᠷᠢᠭ ᠰᠠᠨᠠᠭ᠎ᠠ ᠶᠢ ᠬᠦᠮᠦᠵᠢᠬᠦᠯᠵᠤ᠂ ᠢᠮᠠᠬᠳᠠ ᠡᠪ ᠬᠠᠮᠳᠤᠴᠤᠳ ᠤᠨ ᠵᠤᠷᠢᠬᠳᠠᠢ ᠪᠠᠷ ᠲᠠᠮᠠᠴᠡᠬᠦ ᠵᠠᠩ ᠰᠤᠷᠳᠠᠯ᠂ ᠴᠢᠭᠡᠴᠢ ᠵᠤᠷᠢᠭ᠂ ᠰᠠᠬᠢᠯᠭ᠎ᠠ ᠪᠠᠳᠤ᠂ ᠰᠦᠰᠤ ᠵᠤᠷᠢᠭ ᠢᠶᠠᠨ ᠪᠠᠳᠤᠯᠠᠬᠤ ᠭᠡᠷᠡᠭᠳᠠᠢ᠃ ᠲᠠᠮᠠᠴᠡᠯ ᠤᠨ ᠴᠢᠳᠠᠪᠤᠷᠢ ᠪᠠᠨ ᠲᠠᠭᠡᠭᠰᠢᠯᠡᠬᠦᠯᠵᠤ᠂ ᠪᠠᠶᠢᠳᠠᠯ ᠤᠨ ᠬᠦᠭᠵᠢᠯᠳᠠ ᠶᠢᠨ ᠬᠠᠨᠳᠤᠰᠢ᠂ ᠲᠡᠬᠦᠨ ᠤ ᠲᠤᠳᠤᠷ᠎ᠠ ᠨᠢᠭᠤᠬᠳᠠᠵᠤ ᠪᠠᠶᠢᠭ᠎ᠠ ᠠᠵᠠ ᠲᠤᠬᠢᠶᠠᠯ ᠪᠤᠯᠤᠨ ᠦᠷᠢᠰᠦᠯᠳᠦᠭᠡᠨ᠂ ᠠᠰᠢᠬᠳᠠᠢ ᠡᠯᠧᠮᠧᠨ᠋ᠲ ᠪᠤᠯᠤᠨ ᠠᠰᠢᠬ ᠦᠭᠡᠢ ᠡᠯᠧᠮᠧᠨ᠋ᠲ ᠢ ᠰᠢᠨᠵᠢᠯᠡᠬᠦ ᠤᠬᠠᠭᠠᠨᠴᠢ ᠪᠠᠷ ᠲᠦᠰᠦᠭᠡᠯᠡᠵᠤ᠂ ᠦᠵᠡᠭᠳᠡᠯ ᠢ ᠨᠡᠪᠳᠡᠯᠤᠨ ᠮᠦᠨ ᠴᠢᠨᠠᠷ ᠢ ᠲᠠᠨᠢᠵᠤ᠂ ᠪᠠᠶᠢᠯᠳᠤᠬᠤ ᠪᠤᠳᠤᠯᠭ᠎ᠠ ᠶᠢᠨ ᠲᠦᠯᠦᠪᠵᠢᠬᠦᠯᠭᠡ ᠶᠢ ᠰᠠᠶᠢᠳᠤᠷ ᠠᠳᠬᠤᠵᠤ᠂ ᠲᠠᠮᠡᠴᠡᠯ ᠤᠨ ᠰᠠᠨᠠᠭᠠᠴᠢᠯᠠᠭᠠᠳᠤ ᠡᠷᠭᠡ ᠶᠢ ᠴᠢᠩᠭ᠎ᠠ ᠡᠵᠡᠮᠰᠢᠬᠦ ᠭᠡᠷᠡᠭᠳᠠᠢ᠃ ᠵᠤᠬᠢᠶᠠᠨ ᠪᠠᠶᠢᠭᠤᠯᠤᠯᠳᠠ ᠲᠠᠢ ᠪᠠᠷ᠂ ᠲᠦᠯᠦᠪᠯᠡᠭᠡ ᠲᠠᠢ ᠪᠠᠷ ᠺᠠᠳ᠋ᠷ ᠢ ᠴᠢᠬᠤᠯᠠ ᠶᠡᠭᠡ ᠲᠠᠮᠡᠴᠡᠯ ᠤᠨ ᠡᠮᠤᠨ᠎ᠡ ᠹᠷᠤᠨᠲ ᠲᠤ ᠲᠠᠯᠪᠢᠵᠤ ᠬᠦᠴᠢᠷ ᠪᠡᠷᠭᠡᠰᠢᠶᠠᠯ ᠤᠨ ᠲᠤᠮᠳᠠ ᠪᠤᠯᠪᠠᠰᠤᠷᠠᠭᠤᠯᠵᠤ ᠂ ᠪᠠᠭᠤᠷᠠᠢ ᠲᠠᠯ᠎ᠡ ᠪᠠᠨ ᠬᠦᠴᠦᠷᠭᠡᠭᠵᠢᠬᠦᠯᠵᠤ᠂ ᠲᠤᠳᠠᠭᠤᠳᠠᠯ ᠢᠶᠠᠨ ᠨᠦᠬᠦᠪᠤᠷᠢᠯᠡᠵᠤ᠂ ᠦᠨᠡᠨ ᠡᠷᠳᠡᠮ ᠴᠢᠳᠠᠪᠤᠷᠢ ᠰᠤᠷᠤᠯᠴᠠᠭᠤᠯᠵᠤ᠂ ᠦᠨᠡᠨ ᠡᠷᠳᠡᠮ ᠴᠢᠳᠠᠪᠤᠷᠢ ᠢ ᠨᠢ ᠪᠤᠯᠪᠠᠰᠤᠷᠠᠭᠤᠯᠬᠤ ᠭᠡᠷᠡᠭᠳᠠᠢ ᠭᠡᠵᠤ ᠴᠢᠬᠤᠯᠠᠴᠢᠯᠠᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号