ᠬᠠᠤᠯᠢ ᠴᠠᠭᠠᠵᠠ ᠶᠢᠨ ᠦᠢᠯᠡᠴᠢᠯᠡᠭᠡ ᠤᠶᠤᠨᠴᠢᠯᠠᠯᠳᠠ ᠶᠢᠨ ᠴᠠᠬ ᠦᠶ᠎ᠠ ᠳᠤ ᠤᠷᠤᠯ᠎ᠠ
ᠨᠡᠶᠢᠲᠡᠯᠡᠭᠰᠡᠨ ᠴᠠᠭ᠄
2019/1/3
     ᠡᠭᠦᠯᠡᠨ ᠪᠤᠳᠤᠯᠳᠠ᠂ ᠲᠤᠮᠤ ᠳ᠋ᠠᠶᠢᠲ᠋ᠠ᠂ ᠵᠤᠬᠢᠶᠠᠮᠠᠯ ᠤᠶᠤᠨ ᠴᠢᠳᠠᠪᠤᠷᠢ ᠵᠡᠷᠭᠡ ᠢᠨᠲ᠋ᠧᠷ ᠰᠦᠯᠵᠢᠶ᠎ᠠ ᠶᠢᠨ ᠰᠢᠨ᠎ᠡ ᠪᠠᠷ ᠮᠠᠨᠳᠤᠬᠰᠠᠨ ᠮᠡᠷᠭᠡᠵᠢᠯ ᠤᠳ ᠬᠠᠤᠯᠢ ᠴᠠᠭᠠᠵᠠ ᠶᠢᠨ ᠦᠢᠯᠡᠴᠢᠯᠡᠭᠡ ᠶᠢᠨ ᠬᠡᠯᠪᠡᠷᠢ ᠶᠢ ᠬᠤᠪᠢᠷᠠᠭᠤᠯᠵᠦ᠂ ᠰᠦᠯᠵᠢᠶᠡᠴᠢᠯᠡᠭᠰᠡᠨ᠂ ᠤᠶᠤᠨᠴᠢᠯᠠᠬᠰᠠᠨ᠂ ᠢᠯᠠ ᠲᠤᠳᠤᠷᠬᠠᠢ ᠤᠶᠤᠨᠴᠢ ᠰᠢᠬᠦᠬᠦ ᠬᠤᠷᠢᠶ᠎ᠠ ᠶᠢᠨ ᠪᠠᠶᠢᠭᠤᠯᠤᠯᠳᠠ ᠪᠦᠭᠦ ᠤᠯᠤᠰ ᠤᠨ ᠡᠯ᠎ᠠ ᠭᠠᠵᠠᠷ ᠲᠤ ᠲᠤᠬᠳᠠᠭᠤᠨ ᠦᠷᠨᠢᠵᠦ᠂ ᠬᠠᠤᠯᠢ ᠴᠠᠭᠠᠵᠠ ᠶᠢᠨ ᠰᠢᠰ᠊ᠳ᠋᠊ᠤᠮ ᠤᠨ ᠤᠶᠤᠨᠴᠢᠯᠠᠯᠳᠠ ᠲᠤᠮᠳᠠᠳᠤ ᠤᠯᠤᠰ ᠤᠨ ᠤᠨᠴᠠᠯᠢᠭ ᠲᠠᠢ ᠬᠠᠤᠯᠢ ᠴᠠᠭᠠᠵᠠ ᠶᠢᠨ ᠲᠦᠷᠢᠮ ᠤᠨ ᠨᠢᠭᠡᠨ ︽ᠦᠵᠡᠮᠵᠢ ᠶᠢᠨ ᠤᠷᠤᠨ︾ ᠪᠤᠯᠪᠠ᠃ ᠬᠠᠤᠯᠢ ᠴᠠᠭᠠᠵᠠ ᠶᠢᠨ ᠵᠠᠰᠠᠬ ᠵᠠᠬᠢᠷᠭᠠᠨ ᠤ ᠮᠡᠳᠡᠭᠡ ᠵᠠᠩᠭᠢᠴᠢᠯᠠᠯᠳᠠ ᠶᠢᠨ ᠠᠵᠢᠯ ᠢ ᠴᠢᠨᠠᠬᠰᠢᠳᠠ ᠲᠦᠷᠭᠡᠳᠭᠡᠨ ᠠᠬᠢᠭᠤᠯᠵᠦ᠂ ︽ᠲᠤᠭᠠᠴᠢᠯᠠᠬᠰᠠᠨ ᠬᠠᠤᠯᠢᠵᠢᠯ᠂ ᠤᠶᠤᠨᠴᠢ ᠪᠠᠷ ᠬᠠᠤᠯᠢ ᠶᠠᠪᠤᠭᠤᠯᠬᠤ︾ ᠪᠠᠶᠢᠭᠤᠯᠤᠯᠳᠠ ᠶᠢᠨ ᠬᠠᠷᠠᠯᠳᠠ ᠶᠢ ᠪᠡᠶᠡᠯᠡᠭᠦᠯᠭᠦ ᠶᠢᠨ ᠲᠦᠯᠦᠭᠡ᠂ ᠬᠠᠤᠯᠢ ᠴᠠᠭᠠᠵᠠ ᠶᠢᠨ ᠶᠠᠮᠤᠨ ᠠᠴᠠ ᠦᠪᠤᠷ ᠮᠤᠩᠭᠤᠯ᠂ ᠲᠢᠶᠠᠨᠵᠢᠨ ᠵᠡᠷᠭᠡ ᠨᠠᠢᠮᠠᠨ ᠮᠤᠵᠢ ︵ᠬᠤᠳᠠ᠂ ᠦᠪᠡᠷᠳᠡᠭᠡᠨ ᠵᠠᠰᠠᠬᠤ ᠤᠷᠤᠨ︶ ᠶᠢ ᠵᠤᠬᠢᠶᠠᠨ ᠪᠠᠶᠢᠭᠤᠯᠵᠦ ᠤᠶᠤᠨᠴᠢ ᠨᠡᠭᠦᠳᠡᠯ ᠡᠶᠡᠳᠡᠭᠦᠯᠭᠡ ᠶᠢᠨ ᠰᠢᠰᠲ᠋ᠧᠮ ᠤᠨ ᠲᠡᠯᠭᠡᠨ ᠦᠵᠡᠭᠦᠯᠭᠡ ᠵᠢᠴᠢ ᠰᠤᠳᠤᠯᠤᠨ ᠶᠠᠷᠢᠯᠴᠠᠬᠤ ᠬᠤᠷᠠᠯ ᠬᠢᠵᠠᠢ᠃ ᠬᠤᠷᠠᠯ ᠲᠡᠭᠡᠷ᠎ᠠ᠂ ᠦᠪᠡᠷᠳᠡᠭᠡᠨ ᠵᠠᠰᠠᠬᠤ ᠤᠷᠤᠨ ᠤ ᠬᠠᠤᠯᠢ ᠴᠠᠭᠠᠵᠠ ᠶᠢᠨ ᠲᠢᠩᠭᠢᠮ ᠬᠠᠤᠯᠢ ᠴᠠᠭᠠᠵᠠ ᠶᠢᠨ ᠤᠶᠤᠨᠴᠢ ᠦᠵᠦᠭᠦᠷᠯᠢᠭ ︵JIpad︶ ᠵᠢᠴᠢ ᠭᠠᠷ ᠤᠳᠠᠰᠦᠨ APP ︽ᠠᠯᠠᠭᠠᠨ ᠲᠡᠭᠡᠷᠡᠭᠢ ᠬᠠᠤᠯᠢ ᠴᠠᠭᠠᠵᠠ︾ ᠡᠶᠡᠳᠡᠭᠦᠯᠭᠡ ᠶᠢᠨ ᠰᠢᠰᠲ᠋ᠧᠮ ᠤᠨ ᠬᠡᠷᠡᠭᠯᠡᠯᠳᠡ ᠶᠢᠨ ᠠᠷᠭ᠎ᠠ ᠵᠢᠴᠢ ᠲᠤᠭ᠎ᠠ ᠪᠠᠷᠢᠮᠳᠠ ᠶᠢ ᠬᠠᠮᠳᠤ ᠪᠠᠷ ᠡᠳ᠋ᠯᠡᠭᠦ ᠵᠠᠳᠠᠯᠤᠯᠳᠠ ᠶᠢ ᠲᠠᠨᠢᠯᠴᠠᠭᠤᠯᠬᠤ ᠶᠢᠨ ᠬᠠᠮᠳᠤ ᠲᠡᠯᠭᠡᠨ ᠦᠵᠡᠭᠦᠯᠪᠠ᠃ ᠡᠭᠦᠨ ᠠᠴᠠ ᠡᠮᠦᠨᠡᠭᠡᠨ᠂ ᠪᠦᠭᠦ ᠤᠯᠤᠰ ᠤᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠮᠡᠳᠡᠭᠡ ᠵᠠᠩᠭᠢᠴᠢᠯᠠᠯᠳᠠ ᠶᠢᠨ ᠠᠵᠢᠯ ᠢ ᠠᠬᠢᠭᠤᠯᠬᠤ ᠬᠤᠷᠠᠯ ᠲᠡᠭᠡᠷ᠎ᠠ᠂ ᠦᠪᠤᠷ ᠮᠤᠩᠭᠤᠯ᠂ ᠲᠢᠶᠠᠨᠵᠢᠨ᠂ ᠵᠧᠵᠢᠶᠠᠩ᠂ ᠶᠦᠨᠨᠠᠨ᠂ ᠬᠤᠨᠠᠨ᠂ ᠱᠠᠨᠳᠦ᠋ᠡᠭ ᠵᠡᠷᠬᠡ ᠮᠤᠵᠢ ᠪᠠ ᠦᠪᠡᠷᠳᠡᠭᠡᠨ ᠵᠠᠰᠠᠬᠤ ᠤᠷᠤᠨ ᠤ ᠬᠠᠤᠯᠢ ᠴᠠᠭᠠᠵᠠ ᠶᠢᠨ ᠲᠢᠩᠭᠢᠮ ᠪᠤᠶᠤ ᠬᠠᠤᠯᠢ ᠲᠦᠷᠢᠮ ᠤᠨ ᠠᠯᠪᠠᠨ ᠭᠡᠷ ᠤᠨ ᠬᠢᠨ ᠲᠤᠰ ᠪᠦᠷᠢ ᠭᠠᠵᠠᠷ ᠤᠷᠤᠨ ᠤ ᠪᠠᠨ ᠮᠡᠳᠡᠭᠡ ᠵᠠᠩᠭᠢᠴᠢᠯᠠᠯᠳᠠ ᠶᠢᠨ ᠪᠠᠶᠢᠭᠤᠯᠤᠯᠳᠠ ᠶᠢᠨ ᠲᠤᠷᠰᠢᠯᠭ᠎ᠠ ᠪᠠᠨ ᠰᠤᠯᠢᠯᠴᠠᠪᠠ᠃ ᠬᠤᠷᠠᠯ ᠲᠡᠭᠡᠷ᠎ᠠ ᠡᠯ᠎ᠠ ᠭᠠᠵᠠᠷ ᠤᠷᠤᠨ ᠤ ᠬᠠᠤᠯᠢ ᠴᠠᠭᠠᠵᠠ ᠶᠢᠨ ᠲᠢᠩᠭᠢᠮ ︵ᠲᠤᠪᠴᠢᠶ᠎ᠠ︶᠂ ᠵᠠᠰᠠᠬ ᠤᠨ ᠤᠷᠳᠤᠨ ᠤ ᠬᠠᠤᠯᠢ ᠲᠦᠷᠢᠮ ᠤᠨ ᠠᠯᠪᠠᠨ ᠭᠡᠷ ᠠᠴᠠ ᠰᠤᠩᠭᠤᠨ ᠲᠡᠪᠰᠢᠭᠦᠯᠦᠭᠰᠡᠨ ᠰᠢᠯᠢᠳᠡᠭ ᠮᠡᠳᠡᠭᠡ ᠵᠠᠩᠭᠢᠴᠢᠯᠠᠯᠳᠠ ᠶᠢᠨ ᠪᠠᠶᠢᠭᠤᠯᠤᠯᠳᠠ ᠶᠢᠨ ᠬᠡᠷᠡᠭ ᠤᠨ ᠵᠢᠱᠢᠶ᠎ᠠ ᠲᠤᠳᠤᠷ᠎ᠠ ᠠᠴᠠ 37 ᠵᠢᠱᠢᠶ᠎ᠠ ᠦᠵᠡᠭᠦᠯᠭᠦ ᠬᠡᠷᠡᠭᠯᠡᠭᠡᠨ ᠤ ᠰᠢᠰᠲ᠋ᠧᠮ ᠢ ᠰᠤᠩᠭᠤᠨ ᠦᠵᠡᠭᠦᠯᠵᠦ᠂ 8 ᠨᠡᠶᠢᠳᠡᠯᠢᠭ ᠬᠡᠷᠡᠭᠯᠡᠭᠡᠨ ᠤ ᠰᠢᠰᠲ᠋ᠧᠮ ᠢ ᠰᠤᠩᠭᠤᠨ ᠦᠵᠡᠭᠦᠯᠵᠦ ᠲᠤᠷᠰᠢᠯᠭ᠎ᠠ ᠰᠤᠯᠢᠯᠴᠠᠪᠠ᠃ ᠤᠢᠢᠯᠠᠭᠠᠬᠰᠠᠨ ᠢᠶᠠᠷ᠂ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠬᠠᠤᠯᠢ ᠴᠠᠭᠠᠵᠠ ᠶᠢᠨ ᠲᠢᠩᠭᠢᠮ ᠤᠨ ᠠᠩᠬ᠎ᠠ ᠡᠭᠦᠳᠦᠭᠰᠡᠨ ᠬᠠᠤᠯᠢ ᠴᠠᠭᠠᠵᠠ ᠶᠢᠨ ᠤᠶᠤᠨᠴᠢ ᠦᠵᠦᠭᠦᠷᠯᠢᠭ ︵JIpad︶ ᠨᠢ ᠬᠠᠤᠯᠢ ᠴᠠᠭᠠᠵᠠ ᠶᠢᠨ ᠦᠢᠯᠡᠴᠢᠯᠡᠭᠡᠨ ᠤ ᠬᠡᠪᠴᠢᠶ᠎ᠠ ᠪᠠᠷ ᠶᠡᠭᠡ᠂ ᠬᠦᠮᠦᠨ ᠴᠦᠭᠡᠨ ᠤᠴᠢᠷ ᠠᠷᠪᠢᠨ ᠠᠰᠠᠭᠤᠳᠠᠯ ᠢ ᠭᠤᠤᠯᠳᠠᠯᠭ᠎ᠠ ᠲᠠᠢ ᠰᠢᠢᠳᠪᠤᠷᠢᠯᠡᠵᠦ᠂ ᠤᠯᠠᠨ ᠲᠦᠮᠡᠨ ᠳᠤ ᠴᠤᠬ ᠢᠶᠠᠷ ᠪᠤᠶᠤ ᠲᠤᠰᠠᠭᠠᠷ ᠦᠢᠯᠡᠴᠢᠯᠡᠭᠡ ᠬᠠᠨᠭ᠍ᠭᠠᠵᠦ ᠴᠢᠳᠠᠬᠤ ᠪᠤᠯᠪᠠ᠃ ᠬᠠᠤᠯᠢ ᠴᠠᠭᠠᠵᠠ ᠶᠢᠨ ᠭᠠᠵᠠᠷ ᠤᠨ ᠠᠵᠢᠯᠳᠠᠨ JIpad ᠪᠠᠨ ᠠᠪᠴᠤ ᠲᠤᠰᠬᠤᠨ ᠳᠤ ᠤᠷᠤᠵᠦ ᠡᠷᠦᠭᠡ ᠪᠠᠷ ᠬᠦᠨᠵᠡᠭᠡᠶᠢᠷᠡᠵᠦ᠂ JIpad ᠶᠢᠨ ᠴᠢᠳᠠᠪᠭᠢ ᠶᠢ ᠰᠢᠭᠤᠳ ᠠᠰᠢᠬᠯᠠᠨ ᠤᠯᠠᠨ ᠲᠦᠮᠡᠨ ᠳᠤ ᠠᠷᠠᠳ ᠤᠨ ᠡᠶᠡᠳᠡᠭᠦᠯᠭᠡ ᠂ ᠬᠠᠤᠯᠢ ᠴᠠᠭᠠᠵᠠ ᠶᠢᠨ ᠦᠢᠯᠡᠴᠢᠯᠡᠭᠡ ᠪᠠ ᠠᠯᠤᠰ ᠡᠵᠡᠮᠰᠢᠯ ᠤᠨ ᠬᠢᠨᠠᠯᠳᠠ ᠬᠢᠵᠦ ᠪᠤᠯᠤᠨ᠎ᠠ᠃ ᠠᠵᠢᠯ ᠤᠨ ᠬᠡᠯᠪᠡᠷᠢ ᠶᠢᠨ ᠲᠠᠯ᠎ᠠ ᠪᠠᠷ᠂ ᠤᠯᠠᠨ ᠲᠦᠮᠡᠨ ᠬᠠᠤᠯᠢ ᠴᠠᠭᠠᠵᠠ ᠶᠢᠨ ᠭᠠᠵᠠᠷ ᠢ ᠡᠷᠢᠵᠦ ᠪᠠᠶᠢᠬᠰᠠᠨ ᠠᠴᠠ ᠪᠠᠨ ᠬᠠᠤᠯᠢ ᠴᠠᠭᠠᠵᠠ ᠶᠢᠨ ᠭᠠᠵᠠᠷ ᠠᠴᠠ ᠰᠠᠨᠠᠭᠠᠴᠢᠯᠠᠭ᠎ᠠ ᠲᠠᠢ ᠪᠠᠷ ᠤᠯᠠᠨ ᠲᠦᠮᠡᠨ ᠢ ᠡᠷᠢᠭᠦ ᠪᠤᠯᠵᠦ᠂ ᠤᠯᠠᠨ ᠲᠦᠮᠡᠨ ᠳᠤ ᠮᠠᠰᠢ ᠶᠡᠭᠡ ᠲᠦᠭᠦᠮ ᠦᠵᠡᠭᠦᠯᠵᠦ᠂ ᠤᠯᠠᠨ ᠲᠦᠮᠡᠨ ᠤ ᠬᠠᠨᠤᠮᠵᠢ ᠶᠢᠨ ᠬᠡᠮᠵᠢᠶ᠎ᠠ ᠪᠠ ᠵᠢᠷᠭᠠᠯᠳᠤ ᠲᠦᠷᠦᠭᠳᠡᠯ ᠢ ᠲᠠᠬᠡᠭᠰᠢᠯᠡᠬᠦᠯᠵᠤ᠂ ᠤᠯᠠᠨ ᠢᠶᠠᠷ ᠢᠶᠠᠨ JIpad ᠶᠢ ︽ᠨᠡᠭᠦᠳᠡᠯ ᠬᠠᠤᠯᠢ ᠴᠠᠭᠠᠵᠠ ᠶᠢᠨ ᠭᠠᠵᠠᠷ︾ ᠭᠡᠵᠦ ᠲᠤᠳᠤᠨᠤᠴᠢᠯᠠᠨ ᠲᠠᠭᠤᠳᠠᠬᠤ ᠪᠤᠯᠵᠠᠢ᠃ ᠡᠭᠦᠨ ᠤ ᠬᠠᠮᠳᠤ ᠢᠨᠲᠧᠷ ᠰᠦᠯᠵᠢᠶ᠎ᠠ᠂ ᠤᠯᠤᠰ ᠲᠦᠷᠦ ᠬᠠᠤᠯᠢ ᠴᠠᠭᠠᠵᠠ ᠶᠢᠨ ᠰᠦᠯᠵᠢᠶ᠎ᠠ᠂ ᠵᠠᠰᠠᠭ ᠤᠨ ᠶᠠᠪᠤᠳᠠᠯ ᠤᠨ ᠭᠠᠳᠠᠭᠠᠳᠤ ᠰᠦᠯᠵᠢᠶ᠎ᠠ ᠶᠢᠨ ᠰᠠᠭᠤᠷᠢᠨ ᠲᠡᠭᠡᠷ᠎ᠠ 4K ᠲᠤᠰᠬᠠᠢ ᠰᠦᠯᠵᠢᠶ᠎ᠠ ᠶᠢ ᠨᠡᠭᠡᠭᠡᠵᠦ᠂ ᠤᠯᠠᠨ ᠨᠡᠶᠢᠳᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠪᠤᠳᠠᠳᠤ ᠴᠤᠬᠴᠠ ᠶᠢᠨ ᠲᠢᠩᠭᠢᠮ᠂ ᠲᠠᠭᠤᠳᠠᠯᠭ᠎ᠠ ᠶᠢᠨ ᠲᠦᠪ ᠤᠨ ᠲᠠᠪᠴᠠᠩ᠂ ᠭᠠᠷ ᠤᠳᠠᠰᠦᠨ ᠤ APP ᠶᠢᠨ ᠤᠶᠤᠨᠴᠢ ᠦᠵᠦᠭᠦᠷᠯᠢᠭ᠂ ᠵᠢᠷᠭᠢᠶ᠎ᠠ ᠶᠢᠨ ᠦᠢᠯᠡᠴᠢᠯᠡᠭᠡ᠂ 4K ᠲᠧᠯᠸᠢᠰ ᠤᠨ ᠤᠶᠤᠨᠴᠢ ᠬᠠᠶᠢᠷᠴᠠᠬ ᠪᠠ ᠦᠪᠤᠷ ᠮᠤᠩᠭᠤᠯ ᠤᠨ ᠬᠠᠤᠯᠢ ᠶᠢᠨ ᠰᠦᠯᠵᠢᠶ᠎ᠠ ᠶᠢ ᠤᠷᠭᠠᠨᠢᠭ ᠢᠶᠠᠷ ᠤᠶᠠᠯᠳᠤᠭᠤᠯᠵᠦ᠂ ︽ᠵᠢᠷᠭᠤᠭ᠎ᠠ ᠶᠢ ᠨᠢᠭᠡ ᠴᠤᠬᠴᠠᠵᠢᠭᠤᠯᠤᠬᠰᠠᠨ︾ ᠤᠯᠠᠨ ᠨᠡᠶᠢᠳᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠲᠠᠪᠴᠠᠩ ᠢ ᠪᠦᠷᠢᠯᠳᠦᠭᠦᠯᠪᠠ᠃ ᠤᠯᠠᠨ ᠲᠦᠮᠡᠨ ᠬᠠᠤᠯᠢ ᠴᠠᠭᠠᠵᠠ ᠶᠢᠨ ᠵᠠᠰᠠᠬ ᠵᠠᠬᠢᠷᠭᠠᠨ ᠤ ᠦᠢᠯᠡᠴᠢᠯᠡᠭᠡᠨ ᠤ ᠬᠠᠮᠢᠶᠠᠷᠤᠯᠳᠠ ᠶᠢᠨ ᠠᠵᠢᠯ ᠳᠤ ᠮᠠᠰᠢ ᠶᠡᠭᠡ ᠬᠡᠷᠡᠭᠴᠡᠭᠡ ᠪᠠ ᠮᠠᠰᠢ ᠦᠨᠳᠤᠷ ᠬᠦᠰᠡᠯ ᠱᠠᠭᠠᠷᠳᠠᠯᠭ᠎ᠠ ᠲᠠᠢ ᠪᠠᠶᠢᠳᠠᠬ᠃ ᠢᠨᠲ᠋ᠧᠷ ᠰᠦᠯᠵᠢᠶ᠎ᠠ ᠶᠢᠨ ᠴᠠᠬ ᠦᠶ᠎ᠠ ᠳᠠᠬᠢ ᠮᠡᠳᠡᠭᠡ ᠵᠠᠩᠭᠢᠴᠢᠯᠠᠯᠳᠠ ᠶᠢᠨ ᠠᠵᠢᠯ ᠦᠢᠯᠡᠰ ᠨᠢ ᠬᠠᠤᠯᠢ ᠴᠠᠭᠠᠵᠠ ᠶᠢᠨ ᠵᠠᠰᠠᠬ ᠵᠠᠬᠢᠷᠭᠠᠨ ᠤ ᠰᠢᠰᠲ᠋ᠧᠮ ᠤᠨ ᠬᠢᠨ ᠳᠤ ᠦᠷᠢᠰᠦᠯᠳᠦᠭᠡᠨ ᠪᠠ ᠲᠤᠬᠢᠶᠠᠯ ᠢ ᠠᠪᠴᠢᠷᠠᠭᠰᠠᠨ ᠪᠠᠶᠢᠨ᠎ᠠ᠃ ᠤᠳᠤᠬᠠᠨ ᠳᠤ ᠮᠠᠨ ᠤ ᠤᠯᠤᠰ ᠤᠨ ᠬᠠᠤᠯᠢ ᠴᠠᠭᠠᠵᠠ ᠶᠢᠨ ᠵᠠᠰᠠᠬ ᠵᠠᠬᠢᠷᠭᠠᠨ ᠤ ᠰᠢᠰᠲ᠋ᠧᠮ ᠤᠨ ᠮᠡᠳᠡᠭᠡ ᠵᠠᠩᠭᠢᠵᠢᠯᠳᠠ ᠶᠢᠨ ᠠᠵᠢᠯ ᠤᠨ ᠰᠠᠭᠤᠷᠢ ᠪᠠᠭᠤᠷᠠᠢ᠂ ᠡᠭᠢᠯᠡᠯᠳᠡ ᠨᠢ ᠤᠷᠤᠢ᠂ ᠲᠤᠳᠠᠭᠤᠳᠠᠯ ᠠᠷᠪᠢᠨ ᠪᠠᠶᠢᠵᠦ᠂ ᠬᠦᠭᠵᠢᠯᠳᠠ ᠲᠡᠩᠴᠡᠭᠦᠷᠢ ᠦᠭᠡᠢ ᠪᠠᠶᠢᠳᠠᠯ ᠠᠳᠠᠯᠢ ᠪᠤᠰᠤ ᠬᠡᠮᠵᠢᠶ᠎ᠠ ᠪᠠᠷ ᠤᠷᠤᠰᠢᠵᠦ ᠪᠤᠢ᠃ ᠪᠦᠭᠦ ᠤᠯᠤᠰ ᠤᠨ ᠬᠠᠤᠯᠢ ᠴᠠᠭᠠᠵᠠ ᠶᠢᠨ ᠮᠡᠳᠡᠭᠡ ᠵᠡᠩᠭᠢᠴᠢᠯᠠᠯᠳᠠ ᠶᠢ ᠪᠦᠭᠦ ᠲᠠᠯ᠎ᠠ ᠪᠠᠷ ᠠᠬᠢᠭᠤᠯᠬᠤ ᠪᠤᠯ ᠢᠨᠲ᠋ᠧᠷ ᠰᠦᠯᠵᠢᠶ᠎ᠠ ᠶᠢᠨ ᠬᠦᠴᠦᠷᠭᠡᠭ ᠤᠯᠤᠰ ᠤᠨ ᠪᠠᠶᠢᠯᠳᠤᠬᠤ ᠪᠤᠳᠤᠯᠭ᠎ᠠ ᠶᠢᠨ ᠦᠵᠡᠯ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠦ᠂ ᠬᠠᠤᠯᠢᠵᠢᠯ ᠤᠨ ᠤᠯᠤᠰ᠂ ᠬᠠᠤᠯᠢᠵᠢᠯ ᠤᠨ ᠵᠠᠰᠠᠬ ᠤᠨ ᠤᠷᠳᠤᠨ᠂ ᠬᠠᠤᠯᠢᠵᠢᠯ ᠤᠨ ᠨᠡᠶᠢᠭᠡᠮ ᠤᠨ ᠨᠢᠭᠡ ᠴᠤᠬᠴᠠᠴᠢᠯᠠᠬᠰᠠᠨ ᠪᠠᠶᠢᠭᠤᠯᠤᠯᠳᠠ ᠳᠤ ᠲᠦᠰᠢᠭ ᠬᠠᠨᠭ᠍ᠭᠠᠬᠤ ᠬᠦᠴᠦᠨ ᠪᠦᠭᠦᠢ ᠠᠳᠬᠤᠴᠠ ᠮᠦᠨ᠃ ᠪᠦᠷᠢᠳᠭᠡᠯ ᠢ ᠦᠨᠳᠤᠰᠦᠯᠡᠪᠡᠯ᠂ 2017 ᠤᠨ ᠳᠤ ᠪᠦᠭᠦ ᠤᠯᠤᠰ ᠤᠨ ᠰᠦᠯᠵᠢᠶᠠᠨ ᠢᠷᠭᠡᠳ ᠠᠴᠠ 9. 72 ᠳ᠋ᠦᠡᠭᠰᠢᠭᠤᠷ ᠬᠦᠮᠦᠨ ︵ᠤᠳᠠᠭ᠎ᠠ︶ ᠬᠠᠤᠯᠢ ᠴᠠᠭᠠᠵᠠ ᠶᠢᠨ ᠶᠠᠮᠤᠨ ᠤ ᠰᠦᠯᠵᠢᠶᠠᠨ ᠳᠤ ᠭᠠᠷᠴᠦ᠂ ᠠᠰᠠᠭᠤᠨ ᠯᠠᠪᠯᠠᠯᠭ᠎ᠠ ᠬᠢᠵᠤ ᠤᠴᠢᠷ ᠶᠠᠪᠤᠳᠠᠯ ᠰᠢᠢᠳᠪᠤᠷᠢᠯᠡᠭᠰᠡᠨ ᠪᠠᠶᠢᠨ᠎ᠠ᠃ ᠡᠨᠡ ᠵᠢᠯ ᠠᠴᠠ ᠨᠠᠭᠠᠰᠢ᠂ 8.07 ᠳ᠋ᠦᠡᠭᠰᠢᠭᠤᠷ ᠬᠦᠮᠦᠨ ︵ᠤᠳᠠᠭ᠎ᠠ︶ ᠬᠦᠷᠴᠤ᠂ ᠬᠠᠮᠤᠭ ᠤᠨ ᠠᠷᠪᠢᠨ ᠳᠠᠭᠠᠨ ᠡᠳᠦᠷ ᠲᠤ 2927 ᠲᠦᠮᠡᠨ ᠬᠦᠮᠦᠨ ︵ᠤᠳᠠᠭ᠎ᠠ︶ ᠳᠤ ᠬᠦᠷᠴᠠᠢ᠃ ᠤᠢᠢᠯᠠᠭᠠᠬᠰᠠᠨ ᠢᠶᠠᠷ᠂ ᠬᠠᠤᠯᠢ ᠴᠠᠭᠠᠵᠠ ᠶᠢᠨ ᠶᠠᠮᠤᠨ ᠠᠴᠠ ᠨᠢᠭᠡᠨᠳᠡ ︽ᠬᠠᠤᠯᠢᠵᠢᠯ ᠤᠨ ᠲᠤᠭᠠᠴᠢᠯᠠᠯᠳᠠ᠂ ᠬᠠᠤᠯᠢ ᠴᠠᠭᠠᠵᠠ ᠶᠢᠨ ᠰᠢᠰᠲ᠋ᠧᠮ ᠤᠨ ᠤᠶᠤᠨᠴᠢᠯᠠᠯᠳᠠ︾ ᠶᠢᠨ ᠮᠡᠳᠡᠭᠡ ᠵᠠᠩᠭᠢᠴᠢᠯᠠᠯᠳᠠ ᠶᠢᠨ ᠰᠢᠰᠲ᠋ᠧᠮ ᠤᠨ ᠪᠠᠶᠢᠭᠤᠯᠤᠯᠳᠠ ᠶᠢᠨ ᠵᠢᠯᠤᠭᠤᠳᠬᠤ ᠰᠠᠨᠠᠯ ᠪᠠ ᠬᠡᠷᠡᠭᠵᠢᠭᠦᠯᠭᠦ ᠲᠦᠰᠦᠪ ᠢ ᠭᠠᠷᠭᠠᠪᠠ᠃ ᠡᠨᠡ ᠵᠢᠯ ᠤᠨ 7 ᠰᠠᠷ᠎ᠠ ᠳᠤ᠂ ᠬᠠᠤᠯᠢ ᠴᠠᠭᠠᠵᠠ ᠶᠢᠨ ᠶᠠᠮᠤᠨ ᠠᠴᠠ ᠪᠦᠭᠦ ᠰᠢᠰᠲ᠋ᠧᠮ ᠤᠨ ᠲᠤᠤᠷ ᠰᠦᠯᠵᠢᠶ᠎ᠠ ᠶᠢᠨ ᠠᠮᠤᠷ ᠲᠦᠪᠰᠢᠨ ᠪᠠ ᠮᠡᠳᠡᠭᠡ ᠵᠠᠩᠭᠢᠴᠢᠯᠠᠯᠳᠠ ᠶᠢᠨ ᠠᠵᠢᠯ ᠤᠨ ᠲᠧᠯᠸᠢᠰ ᠤᠳᠠᠰᠦ ᠬᠤᠷᠠᠯ ᠬᠢᠵᠦ᠂ ︽ᠬᠠᠤᠯᠢᠵᠢᠯ ᠤᠨ ᠲᠤᠭᠠᠴᠢᠯᠠᠯᠳᠠ᠂ ᠬᠠᠤᠯᠢ ᠴᠠᠭᠠᠵᠠ ᠶᠢᠨ ᠰᠢᠰᠲ᠋ᠧᠮ ᠤᠨ ᠤᠶᠤᠨᠴᠢᠯᠠᠯᠳᠠ︾ ᠶᠢᠨ ᠪᠠᠶᠢᠭᠤᠯᠤᠯᠳᠠ ᠵᠡᠷᠭᠡ ᠲᠤᠤᠷ ᠰᠦᠯᠵᠢᠶ᠎ᠠ ᠶᠢᠨ ᠠᠮᠤᠷ ᠲᠦᠪᠰᠢᠨ ᠪᠠ ᠮᠡᠳᠡᠭᠡ ᠵᠠᠩᠭᠢᠴᠢᠯᠠᠯᠳᠠ ᠶᠢᠨ ᠠᠵᠢᠯ ᠢ ᠰᠤᠳᠤᠯᠤᠨ ᠪᠠᠶᠢᠷᠢᠯᠠᠭᠤᠯᠵᠦ᠂ ᠰᠦᠯᠵᠢᠶᠠᠨ ᠤ ᠮᠡᠳᠡᠭᠡ ᠵᠠᠩᠭᠢ ᠶᠢᠨ ᠠᠮᠤᠷ ᠲᠦᠪᠰᠢᠨ ᠤ ᠠᠵᠢᠯ ᠤᠨ ᠲᠤᠳᠠᠭᠤᠳᠠᠯ ᠢᠶᠠᠨ ᠬᠦᠴᠦᠯᠡᠨ ᠨᠦᠭᠦᠪᠦᠷᠢᠯᠡᠵᠦ᠂ ᠡᠭᠢ ᠪᠠᠶᠠᠯᠢᠭ ᠢ ᠬᠠᠮᠤᠭ ᠤᠨ ᠶᠡᠭᠡ ᠬᠡᠮᠵᠢᠶ᠎ᠠ ᠪᠠᠷ ᠨᠡᠶᠢᠳᠭᠡᠨ᠂ ᠪᠦᠭᠦᠯᠢ ᠴᠤᠬᠴᠠ ᠶᠢᠨ ᠬᠠᠮᠳᠤᠷᠠᠯ ᠬᠦᠴᠦᠨ ᠢᠶᠠᠨ ᠪᠠᠳᠠᠷᠠᠭᠤᠯᠵᠦ᠂ ᠬᠠᠤᠯᠢ ᠪᠠᠷ ᠤᠯᠤᠰ ᠢᠶᠠᠨ ᠵᠠᠰᠠᠬᠤ ᠦᠢᠯᠡᠳᠤᠯᠭᠡ ᠶᠢ ᠪᠦᠭᠦ ᠲᠠᠯ᠎ᠠ ᠪᠠᠷ ᠬᠦᠨᠵᠡᠭᠡᠶᠢᠷᠡᠭᠦᠯᠤᠨ᠂ ᠨᠡᠶᠢᠭᠡᠮ ᠵᠢᠷᠤᠮ ᠤᠨ ᠬᠠᠤᠯᠢᠵᠢᠯ ᠤᠨ ᠤᠯᠤᠰ ᠢ ᠪᠦᠲᠦᠭᠡᠨ ᠪᠠᠶᠢᠭᠤᠯᠬᠤ ᠪᠠᠶᠢᠯᠳᠤᠬᠤ ᠪᠤᠳᠤᠯᠭ᠎ᠠ ᠶᠢᠨ ᠠᠯᠬᠤᠭ᠎ᠠ ᠶᠢ ᠲᠠᠭᠠᠵᠦ ᠠᠮᠵᠢᠬᠤ ᠬᠡᠷᠡᠭᠳᠡᠢ ᠭᠡᠵᠦ ᠱᠠᠭᠠᠷᠳᠠᠪᠠ᠃ 2019 ᠤᠨ ᠤ ᠡᠴᠤᠰ ᠪᠤᠯᠳᠠᠯ᠎ᠠ ᠲᠤᠭᠠᠴᠢᠯᠠᠬᠰᠠᠨ ᠬᠠᠤᠯᠢᠵᠢᠯ᠂ ᠤᠶᠤᠨᠴᠢ ᠬᠠᠤᠯᠢ ᠴᠠᠭᠠᠵᠠ ᠶᠢᠨ ᠰᠢᠰᠲ᠋ᠧᠮ ᠢ ᠠᠩᠬ᠎ᠠ ᠠᠯᠬᠤᠮ ᠪᠠᠶᠢᠭᠤᠯᠵᠦ᠂ ᠲᠤᠮᠤ ᠲᠠᠪᠴᠠᠩ ᠢᠶᠠᠷ ᠬᠠᠮᠳᠤ ᠡᠳ᠋ᠯᠡᠬᠦ᠂ ᠲᠤᠮᠤ ᠰᠢᠰᠲ᠋ᠧᠮ ᠢᠶᠠᠷ ᠬᠠᠮᠳᠤ ᠵᠠᠰᠠᠬᠤ᠂ ᠲᠤᠮᠤ ᠳ᠋ᠠᠶᠢᠲ᠋ᠠ ᠪᠠᠷ ᠤᠶᠤᠨᠴᠢ ᠪᠠᠷ ᠵᠠᠰᠠᠬᠤ ᠮᠡᠳᠡᠭᠡ ᠵᠠᠩᠭᠢᠴᠢᠯᠠᠯᠳᠠ ᠶᠢᠨ ᠪᠦᠲᠦᠴᠡ ᠶᠢ ᠪᠦᠷᠢᠯᠳᠦᠭᠦᠯᠭᠦ ᠪᠤᠯᠤᠨ᠎ᠠ᠃     ︵ᠲᠤᠮᠳᠠᠳᠤ ᠣᠯᠣᠰ ᠤᠨ ᠮᠤᠩᠭᠤᠯ ᠬᠡᠯᠡᠨ ᠤ ᠰᠤᠨᠢᠨ ᠮᠡᠳᠡᠭᠡᠨ ᠤ ᠰᠦᠯᠵᠢᠶ᠎ᠠ ᠠᠴᠠ ᠰᠢᠯᠵᠢᠭᠦᠯᠪᠠ︶
 
ᠢᠷᠡᠯᠲᠡ᠄ ᠲᠤᠮᠳᠠᠳᠤ ᠣᠯᠣᠰ ᠤᠨ ᠮᠤᠩᠭᠤᠯ ᠬᠡᠯᠡᠨ ᠤ ᠰᠤᠨᠢᠨ ᠮᠡᠳᠡᠭᠡᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号