ᠰᠦᠯᠵᠢᠶᠡᠨ ᠳᠠᠬᠢ ᠬᠤᠭᠤᠯᠠ ᠤᠮᠳᠠ ᠶᠢᠨ ᠦᠢᠯᠡᠴᠢᠯᠡᠭᠡ ᠶᠢ ᠲᠦᠷᠢᠮᠵᠢᠬᠦᠯᠪᠡ
ᠨᠡᠶᠢᠲᠡᠯᠡᠭᠰᠡᠨ ᠴᠠᠭ᠄
2019-01-03
     ᠤᠯᠤᠰ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠤᠪᠴᠢᠶ᠎ᠠ ᠠᠴᠠ 7 ᠰᠠᠷ᠎ᠠ ᠶᠢᠨ 23 ᠤ ᠡᠳᠤᠷ᠂ ᠰᠢᠨ᠎ᠠ ᠪᠠᠷ ᠵᠠᠰᠠᠨ ᠲᠤᠭᠲᠠᠭᠠᠭᠰᠠᠨ ︽ᠬᠤᠭᠤᠯᠠ ᠤᠮᠳᠠ ᠶᠢᠨ ᠦᠢᠯᠡᠴᠢᠯᠡᠭᠡᠨ ᠤ ᠢᠳᠡᠭᠡᠨ ᠤ ᠠᠮᠤᠷ ᠲᠦᠪᠰᠢᠨ ᠤ ᠠᠵᠢᠯᠯᠠᠭᠠᠨ ᠤ ᠳᠦᠷᠢᠮᠵᠢᠯ︾ ᠢ ᠨᠡᠶᠢᠲᠡᠯᠡᠵᠦ᠂ 2018 ᠤᠨ ᠤ 10 ᠰᠠᠷ᠎ᠠ ᠶᠢᠨ 1 ᠤ ᠡᠳᠤᠷ ᠠᠴᠠ ᠡᠬᠢᠯᠡᠨ ᠬᠡᠷᠡᠭᠵᠢᠭᠦᠯᠪᠡ᠃ ᠡᠨᠡ ᠬᠦ ᠰᠢᠨ᠎ᠠ ᠳᠦᠷᠢᠮ ᠨᠢ ᠬᠤᠭᠤᠯᠠ ᠤᠮᠳᠠ ᠶᠢᠨ ᠦᠢᠯᠡᠴᠢᠯᠡᠭᠡᠨ ᠤ ᠡᠵᠡᠩᠨᠡᠭᠴᠢ ᠪᠠ ᠪᠠᠶᠢᠭᠤᠯᠭ᠎ᠠ ᠨᠢᠭᠡᠴᠢ ᠶᠢᠨ ᠬᠤᠭᠤᠯᠠᠨ ᠭᠡᠷ ᠵᠡᠷᠭᠡ ᠭᠤᠤᠯ ᠴᠤᠭᠴᠠᠲᠤ ᠬᠤᠭᠤᠯᠠ ᠤᠮᠳᠠ ᠶᠢᠨ ᠦᠢᠯᠡᠴᠢᠯᠡᠭᠡᠨ ᠤ ᠡᠵᠡᠩᠨᠡᠯᠲᠡ ᠶᠢᠨ ᠠᠵᠢᠯᠯᠠᠭ᠎ᠠ ᠶᠢ ᠪᠠᠭᠲᠠᠭᠠᠭᠰᠠᠨ ᠬᠤᠭᠤᠯᠠ ᠤᠮᠳᠠ ᠶᠢᠨ ᠦᠢᠯᠡᠴᠢᠯᠡᠭᠡ ᠬᠠᠨᠭ᠍ᠭᠠᠭᠴᠢ ᠳᠤ ᠲᠤᠬᠢᠷᠠᠭᠤᠯᠤᠨ ᠬᠡᠷᠡᠭᠯᠡᠨ᠎ᠠ᠃ ᠳᠦᠷᠢᠮᠵᠢᠯ ᠨᠢ ᠰᠦᠯᠵᠢᠶᠡᠨ ᠤ ᠬᠤᠭᠤᠯᠠ ᠤᠮᠳᠠ ᠶᠢᠨ ᠦᠢᠯᠡᠴᠢᠯᠡᠭᠡᠨ ᠳᠤ ᠴᠢᠭᠯᠡᠭᠦᠯᠦᠨ ᠱᠠᠭᠠᠷᠳᠠᠯᠭ᠎ᠠ ᠳᠤᠷᠠᠳᠴᠤ᠂ ︽ᠭᠤᠷᠪᠠᠳᠠᠭᠴᠢ ᠳᠠᠪᠴᠠᠩ ᠬᠠᠨᠭ᠍ᠭᠠᠭᠴᠢ ᠪᠤᠯᠤᠨ ᠰᠦᠯᠵᠢᠶ᠎ᠠ ᠶᠢ ᠠᠰᠢᠬᠯᠠᠨ ᠬᠤᠭᠤᠯᠠ ᠤᠮᠳᠠ ᠶᠢᠨ ᠦᠢᠯᠡᠴᠢᠯᠡᠭᠡ ᠬᠠᠨᠭ᠍ᠭᠠᠭᠴᠢᠳ ᠡᠷᠬᠡᠪᠰᠢ ᠬᠤᠭᠤᠯᠠ ᠤᠮᠳᠠ ᠶᠢᠨ ᠦᠢᠯᠡᠴᠢᠯᠡᠭᠡ ᠬᠠᠨᠭ᠍ᠭᠠᠭᠴᠢ ᠶᠢᠨ ᠤᠪᠤᠭ ᠨᠡᠷ᠎ᠠ᠂ ᠬᠠᠶ᠋ᠢᠭ᠂ ᠬᠤᠭᠤᠯᠠ ᠤᠮᠳᠠ ᠶᠢᠨ ᠦᠢᠯᠡᠴᠢᠯᠡᠭᠡᠨ ᠤ ᠢᠳᠡᠭᠡᠨ ᠤ ᠠᠮᠤᠷ ᠲᠦᠪᠰᠢᠨ ᠤ ᠵᠡᠷᠭᠡ ᠳᠡᠰ ᠤᠨ ᠮᠡᠳᠡᠭᠡ ᠵᠠᠩᠬᠢ᠂ ᠢᠳᠡᠭᠡᠨ ᠤ ᠡᠵᠡᠩᠨᠡᠯᠲᠡ ᠶᠢᠨ ᠵᠦᠪᠰᠢᠶᠡᠷᠡᠯ ᠤᠨ ᠦᠨᠡᠮᠯᠡᠯ ᠢᠶᠠᠨ ᠰᠦᠯᠵᠢᠶᠡᠨ ᠳᠡᠭᠡᠷ᠎ᠠ ᠢᠯᠡ ᠨᠡᠶᠢᠲᠡᠯᠡᠬᠦ ᠬᠡᠷᠡᠭᠲᠠᠢ᠂ ᠰᠦᠯᠵᠢᠶ᠎ᠠ ᠶᠢ ᠠᠰᠢᠬᠯᠠᠨ ᠬᠤᠭᠤᠯᠠ ᠤᠮᠳᠠ ᠶᠢᠨ ᠦᠢᠯᠡᠴᠢᠯᠡᠭᠡ ᠬᠠᠨᠭ᠍ᠭᠠᠭᠴᠢᠳ ᠡᠷᠬᠡᠪᠰᠢ ᠨᠤᠭᠤᠭ᠎ᠠ ᠵᠠᠭᠤᠰᠢ ᠶᠢᠨ ᠨᠡᠷᠡᠶᠢᠳᠦᠯ ᠪᠠ ᠭᠤᠤᠯ ᠲᠦᠭᠦᠬᠡᠢ ᠮᠠᠲ᠋ᠧᠷᠢᠶᠠᠯ ᠤᠨ ᠨᠡᠷᠡᠶᠢᠳᠦᠯ ᠢ ᠰᠦᠯᠵᠢᠶᠡᠨ ᠳᠡᠭᠡᠷ᠎ᠠ ᠢᠯᠡ ᠨᠡᠶᠢᠲᠡᠯᠡᠬᠦ ᠬᠡᠷᠡᠭᠲᠠᠢ︾ ᠬᠡᠵᠣ ᠲᠣᠬᠳᠠᠭᠠᠪᠠ᠃ ᠳᠦᠷᠢᠮᠵᠢᠯ ᠨᠢ᠂ ᠬᠤᠭᠤᠯᠠ ᠤᠮᠳᠠ ᠶᠢᠨ ᠦᠢᠯᠡᠴᠢᠯᠡᠭᠡ ᠬᠠᠨᠭ᠍ᠭᠠᠭᠴᠢᠳ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠲᠠᠪᠰᠢᠩᠭᠤᠢ ᠠᠷᠭ᠎ᠠ ᠶᠢ ᠬᠡᠷᠡᠭᠯᠡᠵᠦ᠂ ᠬᠤᠭᠤᠯᠠ ᠤᠮᠳᠠ ᠶᠢᠨ ᠦᠢᠯᠡᠴᠢᠯᠡᠭᠡᠨ ᠤ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠵᠦ᠂ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠬᠢᠷᠢ ᠲᠦᠪᠰᠢᠨ ᠢᠶᠠᠨ ᠳᠡᠭᠡᠭᠰᠢᠯᠡᠭᠦᠯᠬᠦ ᠶᠢ ᠵᠤᠷᠢᠬᠵᠢᠭᠤᠯᠤᠭᠰᠠᠨ ᠪᠠ ᠳᠡᠮᠵᠢᠪᠡ᠃ ᠳᠦᠷᠢᠮᠵᠢᠯ ᠳᠤ᠂ ᠬᠤᠭᠤᠯᠠ ᠤᠮᠳᠠ ᠶᠢᠨ ᠦᠢᠯᠡᠴᠢᠯᠡᠭᠡ ᠬᠠᠨᠭ᠍ᠭᠠᠭᠴᠢᠳ ᠬᠤᠭᠤᠯᠠ ᠤᠮᠳᠠ ᠶᠢᠨ ᠭᠤᠤᠯ ᠲᠦᠭᠦᠬᠡᠢ ᠮᠠᠲ᠋ᠧᠷᠢᠶᠠᠯ ᠤᠨ ᠮᠡᠳᠡᠭᠡ ᠵᠠᠩᠬᠢ᠂ ᠬᠤᠭᠤᠯᠠ ᠤᠮᠳᠠ ᠶᠢᠨ ᠲᠤᠭ᠎ᠠ ᠬᠡᠮᠵᠢᠶ᠎ᠠ ᠪᠠ ᠬᠦᠨᠳᠦ ᠶᠢᠨ ᠬᠡᠮᠵᠢᠶ᠎ᠠ ᠶᠢ ᠢᠯᠡ ᠨᠡᠶᠢᠲᠡᠯᠡᠬᠦ ᠶᠢ ᠰᠠᠶᠢᠰᠢᠶᠠᠵᠦ᠂ ︽ᠲᠤᠰᠤ ᠶᠢ ᠪᠠᠭᠠᠰᠬᠠᠬᠤ᠂ ᠳᠠᠪᠤᠰᠤ ᠶᠢ ᠪᠠᠭᠠᠰᠬᠠᠬᠤ᠂ ᠰᠢᠬᠢᠷ ᠢ ᠪᠠᠭᠠᠰᠬᠠᠬᠤ︾ ᠠᠵᠢᠯᠯᠠᠭ᠎ᠠ ᠶᠢ ᠦᠷᠨᠢᠭᠦᠯᠦᠨ᠂ ᠬᠡᠷᠡᠭᠯᠡᠭᠴᠢᠳ ᠲᠤ ᠠᠷᠢᠭᠤᠨ ᠴᠡᠪᠡᠷ ᠰᠢᠮ᠎ᠠ ᠲᠡᠵᠢᠭᠡᠯᠲᠦ ᠬᠤᠭᠤᠯᠠ ᠣᠮᠳᠠ ᠬᠠᠨᠭ᠍ᠭᠠᠵᠦ᠂ ᠨᠢᠭᠡ ᠯᠡ ᠤᠳᠠᠭ᠎ᠠ ᠬᠡᠷᠡᠭᠯᠡᠳᠡᠭ ᠬᠤᠭᠤᠯᠠᠠ ᠰᠠᠪᠠ ᠬᠡᠷᠡᠭᠰᠡᠯ ᠢ ᠬᠡᠷᠡᠭᠯᠡᠬᠦ ᠬᠡᠮᠵᠢᠶ᠎ᠠ ᠶᠢ ᠪᠠᠭᠠᠰᠬᠠᠵᠦ᠂ ᠬᠡᠷᠡᠭᠯᠡᠭᠴᠢᠳ ᠲᠤ ᠪᠦᠷᠢᠯᠭᠡᠨ ᠰᠦᠢᠳᠭᠡᠬᠦ ᠪᠤᠯᠬᠢ ᠰᠤᠷᠲᠠᠯ ᠢ ᠳᠡᠪᠴᠢᠵᠦ᠂ ᠠᠮᠤ ᠪᠤᠳᠠᠭ᠎ᠠ ᠶᠢ ᠬᠠᠶᠢᠷᠠᠯᠠᠨ ᠭᠠᠮᠨᠠᠬᠤ ᠤᠬᠠᠮᠰᠠᠷ ᠲᠠᠨᠢᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠶᠢ ᠵᠤᠷᠢᠬᠵᠢᠭᠤᠯᠤᠨ᠎ᠠ ᠭᠡᠵᠦ ᠳᠤᠷᠠᠳᠴᠠᠢ᠃      ︵ᠲᠤᠮᠳᠠᠳᠤ ᠣᠯᠣᠰ ᠤᠨ ᠮᠤᠩᠭᠤᠯ ᠬᠡᠯᠡᠨ ᠤ ᠰᠤᠨᠢᠨ ᠮᠡᠳᠡᠭᠡᠨ ᠤ ᠰᠦᠯᠵᠢᠶ᠎ᠠ ᠠᠴᠠ ᠰᠢᠯᠵᠢᠭᠦᠯᠪᠠ︶
 
ᠢᠷᠡᠯᠲᠡ᠄ ᠲᠤᠮᠳᠠᠳᠤ ᠣᠯᠣᠰ ᠤᠨ ᠮᠤᠩᠭᠤᠯ ᠬᠡᠯᠡᠨ ᠤ ᠰᠤᠨᠢᠨ ᠮᠡᠳᠡᠭᠡᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号