ᠣᠷᠣᠨ ᠤ ᠲᠡᠰ ᠤᠨ ᠪᠤᠳᠠᠰ ᠤᠨ ᠪᠤᠰᠤ ᠰᠤᠶᠤᠯ ᠤᠨ ᠦᠪ ᠤᠨ ᠤᠯᠠᠮᠵᠢᠯᠠᠭᠴᠢ ᠠᠴᠠ ᠤᠮᠠᠷᠠᠳᠤ ᠤᠷᠤᠨ ᠤ ᠦᠵᠡᠰᠭᠦᠯᠡᠩᠳᠦ ᠬᠢᠯᠢ ᠶᠢᠨ ᠮᠢᠩ ᠱᠦᠢ ᠪᠠᠯᠭᠠᠰᠤ ᠶᠢᠨ ᠪᠦᠰᠡᠭᠦᠶᠢᠴᠤᠤᠯ ᠳᠤ ᠤᠷᠢᠶᠠᠮᠠᠯ ᠬᠠᠳᠬᠤᠮᠠᠯ ᠤᠨ ᠮᠡᠷᠭᠡᠵᠢᠯ ᠤᠯᠠᠮᠵᠢᠯᠠᠨ᠎ᠠ
ᠨᠡᠶᠢᠲᠡᠯᠡᠭᠰᠡᠨ ᠴᠠᠭ᠄
2019-01-03
      ᠮᠦᠰᠦ ᠴᠠᠰᠤᠨ ᠳᠤ ᠬᠤᠴᠢᠭᠳᠠᠭᠰᠠᠨ ᠮᠦᠩᠭᠦᠨ ᠡᠪᠦᠯ᠂ ᠷᠠᠰᠢᠶᠠᠨ ᠬᠤᠳᠠ ᠶᠢᠨ ᠮᠢᠩ ᠱᠦᠢ ᠪᠠᠯᠭᠠᠰᠤ  ᠶᠢᠨ ᠰᠢᠭᠤᠶᠢᠳᠤ ᠣᠷᠣᠨ ᠤ ᠦᠵᠡᠮᠵᠢ ᠨᠢ ᠨᠡᠩ ᠲᠤᠮᠤᠭ ᠤᠨ ᠶᠢᠷᠳᠢᠨᠴᠤ ᠰᠢᠭ ᠭᠤᠶᠤ ᠭᠠᠶᠢᠬᠠᠮᠰᠢᠭ ᠬᠠᠷᠠᠭᠳᠠᠨ᠎ᠠ᠃      ᠤᠶᠢᠷ᠎ᠠ ᠳᠤ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠲᠡᠰ ᠤᠨ ᠪᠤᠳᠠᠰ ᠤᠨ ᠪᠤᠰᠤ ᠰᠤᠶᠤᠯ ᠤᠨ ᠦᠪ ᠤᠨ ᠤᠯᠠᠮᠵᠢᠯᠠᠭᠴᠢ ᠪᠠᠢ ᠬᠤᠸᠠ ᠰᠤᠳᠤᠨ ᠤᠷᠠᠨ ᠬᠠᠳᠬᠤᠮᠠᠯᠴᠢᠨ ᠱᠠᠪᠢ ᠨᠠᠷ ᠢᠶᠠᠨ ᠲᠠᠭᠠᠭᠤᠯᠤᠨ ᠦᠵᠡᠰᠭᠦᠯᠡᠩᠳᠤ ᠰᠠᠶᠢᠬᠠᠨ ᠦᠪᠦᠷ ᠮᠤᠩᠭᠤᠯ ᠤᠨ ᠤᠮᠠᠷᠠᠳᠤ ᠬᠢᠯᠢ ᠶᠢᠨ ᠮᠢᠩ ᠱᠦᠢ ᠾᠧ ᠪᠠᠯᠭᠠᠰᠤᠨ  ᠳᠤ ᠢᠷᠡᠵᠦ᠂ ᠠᠳᠡᠬᠢ 60  ᠭᠠᠷᠤᠢ ᠪᠦᠰᠡᠭᠦᠶᠢᠴᠤᠤᠯ ᠳᠤ 10  ᠡᠳᠦᠷ ᠤᠨ ᠬᠤᠭᠤᠴᠠᠭᠠᠨ ᠤ ᠤᠷᠢᠶᠠᠮᠠᠯ ᠬᠠᠳᠬᠤᠮᠠᠯ ᠤᠷᠠᠯᠠᠬᠤ ᠮᠡᠷᠭᠡᠵᠢᠯ ᠵᠢᠭᠠᠨ ᠤᠯᠠᠮᠵᠢᠯᠠᠵᠠᠢ᠃ ᠲᠤᠰ ᠤᠳᠠᠭᠠᠨ ᠤ ᠤᠷᠢᠶᠠᠮᠠᠯ ᠬᠠᠳᠬᠤᠮᠠᠯ ᠤᠨ ᠮᠡᠷᠭᠡᠵᠢᠯ ᠤᠨ ᠪᠤᠯᠪᠠᠰᠤᠷᠠᠯ ᠨᠢ ᠷᠠᠰᠢᠶᠠᠨ ᠬᠤᠳᠠ ᠶᠢᠨ ᠮᠢᠩ ᠱᠦᠢ ᠾᠧ ᠪᠠᠯᠭᠠᠰᠤᠨ ᠳᠤ ᠶᠠᠪᠤᠭᠳᠠᠵᠦ᠂ ᠮᠢᠩ ᠱᠦᠢ ᠾᠧ ᠪᠠᠯᠭᠠᠰᠤ ᠶᠢᠨ ᠵᠠᠰᠠᠭ ᠤᠨ ᠤᠷᠳᠤᠨ ᠠᠴᠠ ᠭᠤᠤᠯᠯᠠᠨ ᠡᠷᠬᠢᠯᠡᠵᠦ᠂ ᠬᠢᠩᠭᠠᠨ ᠠᠵᠢᠯ ᠮᠡᠷᠭᠡᠵᠢᠯ ᠤᠨ ᠲᠡᠭᠡᠳᠦ ᠰᠤᠷᠭᠠᠭᠤᠯᠢ ᠲᠠᠭᠠᠭᠠᠴᠢᠯᠠᠨ ᠶᠠᠪᠤᠭᠳᠠᠭᠤᠯᠵᠠᠢ᠃      ᠭᠠᠷ ᠤᠷᠠᠯᠠᠯ ᠨᠢ ᠬᠦᠮᠦᠰ ᠤᠨ ᠴᠢᠳᠠᠪᠤᠷᠢ ᠶᠢ ᠲᠡᠭᠡᠭᠰᠢᠯᠡᠭᠦᠯᠵᠦ᠂ ᠤᠷᠤᠯᠭ᠎ᠠ ᠶᠢᠨ ᠵᠠᠮ ᠢ ᠦᠷᠭᠡᠳᠭᠡᠨ᠎ᠡ᠃ ᠤᠶᠢᠷ᠎ᠠ ᠶᠢᠨ ᠬᠤᠶᠠᠷ ᠵᠢᠯ ᠳᠤ᠂ ᠮᠢᠩ ᠱᠦᠢ ᠾᠧ ᠪᠠᠯᠭᠠᠰᠤ ᠰᠣᠶᠤᠯ ᠤᠨ ᠠᠵᠦ ᠦᠢᠯᠡᠰ ᠢᠶᠠᠷ ᠶᠠᠳᠠᠭᠤ ᠶᠢ ᠲᠡᠳᠭᠦᠬᠦ ᠪᠠᠷ ᠠᠷᠠᠳ ᠤᠠᠯᠨ ᠤ ᠰᠤᠯᠠ ᠰᠡᠯᠡᠭᠦᠦ ᠴᠠᠭ ᠢ ᠠᠰᠢᠭᠯᠠᠨ ︽ᠭᠠᠷ ᠤᠷᠠᠯᠠᠯ ᠤᠨ ᠮᠡᠷᠭᠡᠵᠢᠯ ᠤᠨ ᠪᠤᠯᠪᠠᠰᠤᠷᠠᠯ︾ ᠢ ᠤᠯᠠᠨ ᠤᠳᠠᠭ᠎ᠠ ᠡᠷᠬᠢᠯᠡᠵᠦ᠂ ᠡᠮᠡᠭᠳᠡᠶᠢᠴᠤᠳ ᠤᠨ ᠭᠠᠷ ᠤᠷᠠᠯᠠᠯ ᠤᠨ ᠡᠷᠳᠡᠮ ᠴᠢᠳᠠᠪᠤᠷᠢ ᠶᠢ ᠲᠡᠭᠡᠭᠰᠢᠯᠡᠭᠦᠯᠵᠦ᠂ ᠦᠨᠳᠦᠰᠦᠳᠡᠨ ᠤ ᠤᠨᠴᠠᠯᠢᠭᠳᠤ ᠭᠠᠷ ᠤᠷᠠᠯᠠᠯ ᠤᠨ ᠪᠦᠳᠦᠭᠡᠭᠳᠡᠭᠦᠨ ᠢᠶᠠᠨ ᠵᠤᠭᠠᠴᠠᠯ ᠤᠨ ᠦᠢᠯᠡᠰ ᠲᠠᠢ ᠪᠠᠨ ᠤᠶᠠᠯᠳᠤᠭᠤᠯᠤᠨ ᠬᠦᠭᠵᠢᠭᠦᠯᠵᠦ᠂ ᠠᠷᠠᠳ ᠤᠨ ᠤᠷᠤᠯᠭ᠎ᠠ ᠶᠢ ᠨᠡᠮᠡᠭᠳᠡᠭᠦᠯᠬᠦ ᠵᠠᠮ ᠢᠶᠠᠷ ᠵᠠᠮᠨᠠᠨ᠎ᠠ᠃
 
ᠢᠷᠡᠯᠲᠡ᠄ ᠬᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号