ᠠᠯᠲᠠᠨ ᠬᠢᠩᠭᠠᠨ ᠤ ᠡᠨᠡᠬᠦ ᠵᠤᠭᠠᠴᠠᠯ ᠤᠨ ᠭᠠᠵᠠᠷ ᠨᠢ ᠪᠦᠬᠦ ᠤᠯᠤᠰ ᠤᠨ ᠵᠤᠭᠠᠴᠠᠭᠰᠠᠳ ᠤᠨ ᠠᠩᠬᠠᠷᠤᠯ ᠢ ᠶᠡᠬᠡᠪᠡᠷ ᠲᠠᠲᠠᠯ᠎ᠠ᠂ ᠤᠯᠠᠨ ᠭᠠᠵᠠᠷ ᠤᠨ ᠵᠤᠭᠠᠴᠠᠭᠰᠠᠳ ᠰᠢᠨ᠎ᠡ ᠵᠢᠯ ᠤᠨ ᠠᠮᠠᠷᠠᠯᠲᠠ ᠪᠠᠨ ᠠᠳᠡ ᠢᠷᠡᠵᠦ ᠤᠳᠬ᠎ᠠ ᠠᠭᠤᠯᠭ᠎ᠠ ᠲᠠᠢ ᠦᠩᠭᠡᠷᠡᠭᠦᠯᠦᠭᠰᠡᠨ ᠪᠠᠶᠢᠨ᠎ᠠ
ᠨᠡᠶᠢᠲᠡᠯᠡᠭᠰᠡᠨ ᠴᠠᠭ᠄
2019/1/8
     ︿︿ᠮᠦᠰᠦ ᠴᠠᠰᠤᠨ ᠳᠤ ᠬᠤᠴᠢᠭᠳᠠᠭᠰᠠᠨ ᠮᠦᠩᠭᠦᠨ ᠴᠠᠭᠠᠨ ᠳᠡᠯᠡᠬᠡᠢ ᠴᠦ ᠠᠯᠲᠠ ᠮᠦᠩᠭᠦᠨ ᠠᠭᠤᠯᠠ﹀﹀᠂ ᠲᠡᠭ ᠠᠴᠠ ᠳᠤᠷᠤᠭᠰᠢ 40  ᠭᠷᠠᠳᠦ᠋ᠰ ᠲᠤᠯᠤᠭᠰᠠᠨ ᠮᠦᠩᠭᠦᠨ ᠴᠠᠭᠠᠨ ᠤᠶᠢᠳᠦ ᠤᠷᠤᠨ ᠷᠠᠰᠢᠶᠠᠨ ᠬᠤᠲᠡ   ᠨᠢ ᠪᠦᠬᠦ ᠤᠯᠤᠰ ᠤᠨ ᠡᠯ᠎ᠡ ᠭᠠᠵᠠᠷ ᠤᠨ ᠵᠤᠭᠠᠴᠠᠭᠰᠠᠳ ᠤᠨ ᠰᠢᠨ᠎ᠡ ᠤᠨ ᠢᠶᠠᠨ ᠦᠩᠭᠡᠷᠡᠭᠦᠯᠬᠦ ᠬᠠᠪᠤ ᠴᠡᠩᠭᠡᠯ ᠤᠨ ᠬᠦᠷᠲᠡᠭᠡᠮᠵᠢ ᠶᠢᠨ ᠰᠠᠶᠢᠬᠠᠨ ᠤᠷᠤᠨ ᠪᠤᠯᠤᠯ᠎ᠠ᠃      ᠰᠢᠨ᠎ᠡ ᠵᠢᠯ ᠤᠨ ᠠᠮᠠᠷᠠᠯᠲᠠ ᠶᠢᠨ ᠬᠡᠳᠦᠨ ᠡᠳᠤᠷ ᠲᠤ᠂ ᠠᠷᠪᠠᠨ ᠭᠤᠷᠪᠠᠳᠤᠭᠠᠷ ᠬᠤᠭᠤᠴᠠᠭᠠᠨ ᠤ ᠳᠤᠮᠳᠠᠳᠤ ᠤᠯᠤᠰ · ᠷᠠᠰᠢᠶᠠᠨ ᠤ ᠤᠯᠠᠨ ᠤᠯᠤᠰ ᠤᠨ ᠪᠡᠶ᠎ᠡ ᠰᠤᠪᠢᠯᠠᠬᠤ ᠮᠦᠰᠦ ᠴᠠᠰᠤᠨ ᠤ ᠨᠠᠶᠢᠷ ᠤᠨ ᠬᠡᠳᠦᠨ ᠲᠦᠷᠦᠯ ᠤᠨ ᠪᠡᠶ᠎ᠡ ᠲᠠᠮᠢᠷ ᠤᠨ ᠤᠷᠤᠯᠳᠤᠭᠠᠨ  ᠶᠠᠪᠤᠭᠳᠠᠵᠤ᠂ ᠪᠡᠭᠡᠵᠢᠩ᠂  ᠱᠠᠩᠬᠠᠢ᠂ ᠬᠤᠪᠧᠢ᠂ ᠱᠧᠨᠶᠠᠩ ᠵᠡᠷᠭᠡ ᠡᠯ᠎ᠡ ᠭᠠᠵᠠᠷ ᠤᠨ ᠵᠤᠭᠠᠴᠠᠭᠰᠠᠳ ᠬᠦᠷᠦᠯᠴᠡᠨ ᠢᠷᠡᠵᠦ ᠤᠷᠤᠯᠴᠠᠭᠰᠠᠨ ᠢᠶᠠᠷ ᠪᠠᠷᠠᠬᠤ ᠦᠭᠡᠢ ᠤᠮᠠᠷᠠᠲᠤ ᠬᠢᠯᠢ ᠶᠢᠨ ᠦᠵᠡᠰᠭᠦᠯᠡᠩᠲᠦ ᠰᠠᠶᠢᠬᠠᠨ ᠷᠠᠰᠢᠶᠠᠨ ᠬᠤᠲᠡ ᠶᠢᠨ ᠠᠭᠤᠯᠠ ᠤᠰᠦ ᠪᠠᠷ ᠲᠤᠭᠤᠷᠢᠨ ᠵᠤᠭᠠᠴᠠᠵᠠᠢ᠃    ᠤᠶᠢᠯᠠᠭᠠᠭᠰᠠᠨ ᠢᠶᠠᠷ᠂ ᠷᠠᠰᠢᠶᠠᠨ ᠬᠤᠲᠡ ᠮᠦᠰᠦ ᠴᠠᠰᠤᠨ ᠤ ᠪᠡᠶ᠎ᠡ ᠲᠠᠮᠢᠷ ᠤᠨ ᠤᠷᠤᠯᠳᠤᠭᠠᠨ  ᠪᠤᠯᠤᠨ ᠲᠤᠬᠠᠢ ᠶᠢᠨ ᠭᠠᠵᠠᠷ ᠤᠨ ᠦᠪᠡᠷᠮᠢᠴᠡ ᠡᠬᠢ ᠪᠠᠶᠠᠯᠢᠭ ᠲᠠᠢ ᠪᠠᠨ ᠤᠶᠠᠯᠳᠤᠭᠤᠯᠤᠨ᠂ ᠷᠠᠰᠢᠶᠠᠨ ᠬᠤᠲᠡ ᠶᠢᠨ ᠡᠪᠤᠯ ᠤᠨ ᠤᠯᠠᠷᠢᠯ ᠤᠨ ᠵᠤᠭᠠᠴᠠᠯ ᠤᠨ ᠬᠡᠪ ᠵᠠᠭᠪᠤᠷ ᠢ ᠡᠭᠦᠳᠴᠦ᠂ ︿︿ᠬᠤᠷᠴᠠ ᠤᠯᠠᠭᠠᠨ ᠴᠡᠴᠡᠭ ᠤᠨ ᠨᠠᠭᠤᠷ﹀﹀᠂ ︿︿ ᠬᠦᠯᠳᠡᠬᠦ ᠦᠭᠡᠢ ᠭᠤᠤᠯ ᠤᠨ ᠬᠦᠪᠬᠦ﹀﹀ ᠭᠤᠤᠯᠳᠠᠯᠭ᠎ᠠ ᠲᠠᠢ ᠦᠵᠡᠮᠵᠢᠳᠦ ᠤᠷᠤᠨ ᠢᠶᠠᠷ ᠴᠠᠰᠤᠳᠦ ᠭᠠᠵᠠᠷ ᠤᠨ ᠬᠦᠯ ᠪᠦᠮᠪᠦᠭᠡ ᠶᠢᠨ ᠤᠷᠤᠯᠳᠤᠭᠠᠨ᠂ ᠮᠤᠷᠢ ᠤᠷᠤᠯᠳᠤᠬᠤ᠂ ᠮᠠᠰᠢᠨ ᠲᠡᠷᠭᠡᠨ ᠤ ᠲᠡᠰᠭᠡᠯ ᠤᠨ ᠤᠷᠤᠯᠳᠤᠭᠠᠨ ᠵᠡᠷᠭᠡ 10 ᠭᠠᠷᠤᠢ ᠲᠦᠷᠦᠯ ᠤᠨ ᠪᠡᠶ᠎ᠡ ᠲᠠᠮᠢᠷ ᠤᠨ ᠤᠷᠤᠯᠳᠤᠭᠠᠨ ᠲᠤᠬᠢᠷᠠᠭᠤᠯᠵᠦ᠂ ︿︿ᠪᠡᠶ᠎ᠡ ᠲᠠᠮᠢᠷ + ᠵᠤᠭᠠᠴᠠᠯ ᠤᠨ ᠬᠡᠪ ᠵᠠᠭᠪᠤᠷ﹀﹀ ᠢᠶᠠᠷ ᠪᠦᠬᠦ ᠤᠯᠤᠰ ᠤᠨ ᠡᠯ᠎ᠡ ᠭᠠᠵᠠᠷ ᠤᠨ ᠵᠤᠭᠠᠴᠠᠭᠰᠠᠳ ᠤᠨ ᠬᠠᠶᠢᠷ᠎ᠠ ᠪᠠᠭ᠋ᠠᠷᠬᠠᠯ ᠢ ᠲᠠᠲᠠᠵᠦ ᠪᠠᠶᠢᠨ᠎ᠠ᠃      2018 ᠤᠨ ᠳᠤ᠂ ᠷᠠᠰᠢᠶᠠᠨ ᠬᠤᠲᠡ ᠳᠤ ᠢᠷᠡᠭᠰᠡᠨ ᠪᠦᠬᠦ ᠤᠯᠤᠰ ᠤᠨ ᠡᠯ᠎ᠡ ᠭᠠᠵᠠᠷ ᠤᠨ ᠵᠤᠭᠠᠴᠠᠭᠰᠠᠳ 430 ᠲᠦᠮᠡᠨ ᠬᠦᠮᠦᠨ ᠤᠳᠠᠭ᠎ᠠ ᠳᠤ ᠲᠤᠯᠵᠦ᠂ 52.5 ᠳ᠋ᠦᠩᠰᠢᠭᠤᠷ ᠲᠦᠭᠦᠷᠢᠭ ᠤᠨ  ᠵᠤᠭᠠᠴᠠᠯ ᠤᠨ ᠤᠷᠤᠯᠭ᠎ᠠ ᠡᠭᠦᠳᠴᠦ᠂ ︿︿ᠪᠡᠶ᠎ᠡ ᠲᠠᠮᠢᠷ + ᠵᠤᠭᠠᠴᠠᠯ﹀﹀ ᠤᠨ ᠬᠡᠪ ᠵᠠᠭᠪᠤᠷ ᠨᠢ ᠷᠠᠰᠢᠶᠠᠨ ᠬᠤᠲᠡ ᠶᠢᠨ ᠡᠪᠤᠯ ᠤᠨ ᠤᠯᠠᠷᠢᠯ ᠤᠨ ᠵᠤᠭᠠᠴᠠᠯ ᠢ ᠮᠠᠰᠢ ᠬᠦᠭᠵᠢᠶᠡᠨᠲᠠᠢ ᠪᠤᠯᠭᠠᠵᠠᠢ᠃                                          
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号