ᠲᠤᠭᠤᠷᠢᠨ ᠪᠠᠶᠢᠴᠠᠭᠠᠨ ᠴᠡᠭᠴᠡᠯᠡᠨ ᠵᠠᠰᠠᠬᠤ ᠪᠠᠷ ᠠᠵᠠ ᠲᠤᠬᠢᠶᠠᠯ ᠪᠤᠯᠭᠠᠨ  ᠠᠵᠢᠯ ᠤᠨ ᠬᠢᠷᠢ ᠲᠦᠪᠰᠢᠨ ᠢᠶᠠᠨ ᠴᠢᠷᠮᠠᠶᠢᠨ ᠲᠡᠭᠡᠭᠰᠢᠯᠡᠭᠦᠯᠦᠨ᠎ᠡ
ᠨᠡᠶᠢᠲᠡᠯᠡᠭᠰᠡᠨ ᠴᠠᠭ᠄
2019-01-08
    ᠤᠶᠢᠷ᠎ᠠ ᠶᠢᠨ ᠬᠤᠭᠤᠴᠠᠭᠠᠨ ᠳᠤ᠂ ᠬᠤᠳᠠ ᠶᠢᠨ ᠨᠠᠮ ᠤᠨ ᠬᠤᠷᠢᠶ᠎ᠠ ᠶᠢᠨ ᠲᠤᠭᠤᠷᠢᠨ ᠪᠠᠶᠢᠴᠠᠭᠠᠬᠤ ᠠᠵᠢᠯ  ᠤᠨ ᠠᠵᠢᠯ ᠤᠨ ᠤᠳᠤᠷᠢᠳᠬᠤ ᠲᠤᠭᠤᠶᠢᠯᠠᠩ ᠠᠴᠠ ᠬᠤᠷᠠᠯ ᠢ ᠡᠷᠬᠢᠯᠡᠵᠦ᠂  ᠷᠠᠰᠢᠶᠠᠨ ᠬᠤᠳᠠ ᠶᠢᠨ ᠨᠠᠮ ᠤᠨ ᠬᠤᠷᠢᠶ᠎ᠠ ᠶᠢᠨ ᠲᠤᠭᠤᠷᠢᠨ ᠪᠠᠶᠢᠴᠠᠭᠠᠬᠤ ᠠᠵᠢᠯ ᠤᠨ ᠦᠷᠨᠢᠭᠦᠯᠦᠭᠰᠡᠨ ᠲᠤᠰᠬᠠᠢ ᠪᠠᠶᠢᠴᠠᠭᠠᠯᠳᠠ ᠬᠢᠭᠰᠡᠨ ᠬᠠᠷᠢᠭᠤ ᠲᠤᠰᠬᠠᠭᠰᠠᠨ ᠰᠠᠨᠠᠯ ᠤᠨ ᠲᠤᠬᠠᠢ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠳᠤᠷᠪᠡᠳᠦᠭᠡᠷ ᠤᠳᠠᠭᠠᠨ ᠤ ᠲᠤᠭᠤᠷᠢᠨ ᠪᠠᠶᠢᠴᠠᠭᠠᠬᠤ ᠲᠤᠭᠤᠶᠢᠯᠠᠩ ᠤᠨ ᠴᠡᠭᠴᠡᠯᠡᠨ ᠵᠠᠰᠠᠬᠤ ᠲᠦᠰᠦᠯ ᠢ ᠰᠣᠳᠣᠯᠣᠨ ᠶᠠᠷᠢᠯᠴᠠᠬᠤ  ᠶᠢᠨ ᠬᠠᠮᠳᠤ ᠠᠰᠠᠭᠤᠳᠠᠯ ᠢ ᠴᠡᠭᠴᠡᠯᠡᠨ ᠵᠠᠰᠠᠬᠤ᠂ ᠠᠵᠢᠯ ᠤᠨ ᠶᠠᠪᠤᠴᠠ ᠶᠢ ᠲᠦᠷᠢᠮᠵᠢᠭᠦᠯᠬᠦ᠂ ᠤᠷᠳᠤ ᠬᠤᠭᠤᠴᠠᠭᠠᠨ  ᠤ ᠲᠤᠭᠳᠠᠴᠠ ᠶᠢ ᠪᠠᠶᠢᠭᠤᠯᠬᠤ ᠵᠡᠷᠭᠡ ᠶᠢ ᠪᠠᠶᠢᠷᠢᠯᠠᠭᠤᠯᠤᠨ᠎ᠠ᠃ ᠬᠤᠳᠠ ᠶᠢᠨ ᠨᠠᠮ ᠤᠨ ᠬᠤᠷᠢᠶ᠎ᠠ ᠶᠢᠨ ᠪᠠᠶᠢᠩᠭᠤ  ᠶᠢᠨ ᠬᠤᠷᠢᠶ᠎ᠠ᠂ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠶᠢᠨ ᠱᠦᠵᠢ᠂ ᠬᠢᠨᠠᠨ ᠪᠠᠶᠢᠴᠠᠭᠠᠬᠤ ᠵᠦᠪᠯᠡᠯ ᠤᠨ ᠡᠷᠬᠢᠯᠡᠭᠴᠢ᠂ ᠬᠤᠳᠠ ᠶᠢᠨ ᠨᠠᠮ ᠤᠨ ᠬᠤᠷᠢᠶ᠎ᠠ ᠶᠢᠨ ᠲᠤᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠲᠤᠭᠤᠶᠢᠯᠠᠩ ᠤᠨ ᠲᠤᠭᠤᠶᠢᠯᠠᠩ ᠤᠨ ᠲᠠᠷᠤᠭ᠎ᠠ ᠮᠠ ᠵᠢᠢ ᠴᠧᠩ ᠨᠦᠬᠦᠷ ᠬᠤᠷᠠᠯ ᠢ ᠡᠷᠬᠢᠯᠡᠨ ᠬᠤᠷᠠᠯᠳᠤᠭᠤᠯᠵᠦ᠂ ᠬᠤᠳᠠ ᠶᠢᠨ ᠨᠠᠮ ᠤᠨ ᠬᠤᠷᠢᠶ᠎ᠠ ᠶᠢᠨ ᠲᠤᠭᠤᠷᠢᠨ ᠪᠠᠶᠢᠴᠠᠭᠠᠬᠤ ᠠᠵᠢᠯ ᠤᠨ ᠣᠳᠤᠷᠢᠳᠬᠤ ᠲᠤᠭᠤᠶᠢᠯᠠᠩ ᠤᠨ ᠭᠡᠰᠢᠭᠦᠨ᠂ ᠬᠤᠳᠠ ᠶᠢᠨ ᠨᠠᠮ ᠤᠨ ᠬᠤᠷᠢᠶ᠎ᠠ ᠶᠢᠨ ᠲᠤᠭᠤᠷᠢᠨ ᠪᠠᠶᠢᠴᠠᠭᠠᠬᠤ ᠠᠯᠪᠠᠨ ᠭᠡᠷ ᠤᠨ ᠡᠷᠬᠢᠯᠡᠭᠴᠢ᠂ ᠲᠡᠳ᠋ ᠡᠷᠬᠢᠯᠡᠭᠴᠢ᠂ ᠡᠯ᠎ᠡ ᠲᠤᠭᠤᠷᠢᠨ ᠪᠠᠶᠢᠴᠠᠭᠠᠬᠤ ᠲᠤᠭᠤᠶᠢᠯᠠᠩ ᠤᠨ ᠲᠤᠭᠤᠶᠢᠯᠠᠩ ᠤᠨ ᠳᠠᠷᠤᠭ᠎ᠠ ᠬᠤᠷᠠᠯ ᠳᠤ ᠤᠷᠤᠯᠴᠠᠪᠠ᠃      ᠮᠠ ᠵᠢᠢ ᠴᠧᠩ ᠨᠦᠬᠦᠷ ᠵᠢᠭᠠᠵᠦ ᠭᠠᠷᠭᠠᠭᠰᠠᠨ ᠨᠢ᠂ ᠬᠤᠳᠠ ᠶᠢᠨ ᠨᠠᠮ ᠤᠨ ᠬᠤᠷᠢᠶ᠎ᠠ ᠶᠢᠨ ᠲᠤᠭᠤᠷᠢᠨ ᠪᠠᠶᠢᠴᠠᠭᠠᠬᠤ ᠪᠠᠶᠢᠭᠤᠯᠤᠯᠭ᠎ᠠ ᠠᠴᠠ ᠲᠤᠭᠤᠷᠢᠨ ᠪᠠᠶᠢᠴᠠᠭᠠᠨ ᠴᠡᠭᠴᠡᠯᠡᠨ ᠵᠠᠰᠠᠬᠤ ᠠᠵᠢᠯ ᠢ ᠲᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠤᠯᠤᠰ ᠲᠦᠷᠦ ᠶᠢᠨ ᠵᠤᠭᠰᠤᠴᠠ ᠪᠠᠨ ᠲᠡᠭᠡᠭᠰᠢᠯᠡᠭᠦᠯᠦᠨ᠂ ᠲᠤᠭᠤᠷᠢᠨ ᠪᠠᠶᠢᠴᠠᠭᠠᠨ ᠴᠡᠭᠴᠡᠯᠡᠨ ᠵᠠᠰᠠᠬᠤ ᠠᠵᠢᠯ ᠤᠨ ᠦᠵᠡᠯ ᠰᠠᠨᠠᠭᠠᠨ ᠤᠨ ᠤᠬᠠᠮᠰᠡᠷ ᠪᠤᠯᠤᠨ ᠠᠵᠢᠯᠯᠠᠭ᠎ᠠ ᠶᠢᠨ ᠤᠬᠠᠮᠰᠡᠷ ᠢ ᠴᠢᠩᠭᠠᠳᠬᠠᠬᠤ ᠶᠢ ᠰᠠᠶᠢᠳᠤᠷ ᠬᠢᠵᠦ᠂ ᠲᠤᠭᠤᠷᠢᠨ ᠪᠠᠶᠢᠴᠠᠭᠠᠬᠤ ᠠᠵᠢᠯ ᠢ ᠤᠳᠤᠬᠠᠨ ᠤ ᠬᠠᠮᠤᠭ ᠤᠨ  ᠴᠢᠬᠤᠯᠠ ᠠᠵᠢᠯ ᠪᠤᠯᠭᠠᠨ ᠠᠳᠬᠤᠵᠦ᠂ ᠲᠤᠰ ᠤᠳᠠᠭᠠᠨ ᠤ ᠲᠤᠭᠤᠷᠢᠨ ᠪᠠᠶᠢᠴᠠᠭᠠᠨ ᠴᠡᠭᠴᠡᠯᠡᠨ ᠵᠠᠰᠠᠬᠤ ᠶᠢᠨ ᠶᠠᠰᠤ ᠴᠢᠨᠠᠷ ᠢ ᠲᠡᠭᠡᠭᠰᠢᠯᠡᠭᠦᠯᠦᠨ᠂ ᠠᠷᠭ᠎ᠠ ᠪᠠᠷᠢᠯ ᠢᠶᠠᠨ ᠦᠭᠡᠷᠡᠴᠢᠯᠡᠨ᠂ ᠠᠵᠢᠯ ᠤᠨ ᠶᠠᠪᠤᠴᠠ ᠪᠠᠨ ᠲᠦᠷᠢᠮᠵᠢᠭᠦᠯᠦᠨ᠂ ᠠᠵᠢᠯ ᠤᠨ ᠴᠢᠳᠠᠪᠤᠷᠢ ᠪᠠᠨ ᠲᠡᠭᠡᠭᠰᠢᠯᠡᠭᠦᠯᠵᠦ᠂ ᠲᠤᠭᠤᠷᠢᠨ ᠪᠠᠶᠢᠴᠠᠭᠠᠬᠤ ᠠᠵᠢᠯ ᠢ ᠦᠷᠬᠦᠯᠵᠢᠯᠡᠨ ᠰᠠᠶᠢᠳᠤᠷ ᠬᠢᠨ᠎ᠡ᠃     ᠬᠤᠷᠠᠯ ᠲᠡᠭᠡᠷ᠎ᠡ᠂ ᠬᠤᠷᠠᠯ ᠳᠤ ᠣᠷᠣᠯᠴᠠᠭᠰᠠᠳ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠦᠷᠪᠡᠳᠦᠭᠡᠷ ᠬᠤᠭᠤᠴᠠᠭᠠᠨ ᠤ ᠲᠤᠭᠤᠷᠢᠨ ᠪᠠᠶᠢᠴᠠᠭᠠᠬᠤ ᠲᠤᠭᠤᠶᠢᠯᠠᠩ ᠤᠨ ᠬᠠᠷᠢᠭᠤ ᠲᠤᠰᠬᠠᠭᠰᠠᠨ ᠰᠠᠨᠠᠯ ᠢ ᠬᠢᠨᠠᠮᠠᠭᠠᠢ ᠰᠣᠨᠣᠰᠴᠤ᠂ ᠲᠦᠪ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠤᠭᠤᠷᠢᠨ ᠪᠠᠶᠢᠴᠠᠭᠠᠬᠤ ᠠᠵᠢᠯ ᠤᠨ ᠪᠠᠶᠢᠷᠢᠯᠠᠭᠤᠯᠤᠯᠳᠠ ᠶᠢᠨ ᠱᠠᠭᠠᠡᠷᠳᠠᠯᠭ᠎ᠠ ᠶᠢ ᠲᠤᠤᠱᠯᠠᠭᠤᠯᠬᠤ ᠶᠢ ᠰᠤᠷᠤᠯᠴᠠᠬᠤ ᠲᠤᠭᠤᠷᠢᠨ  ᠳᠤ ᠤᠯᠤᠰ ᠲᠦᠷᠦ ᠶᠢᠨ ᠲᠤᠭᠤᠷᠢᠨ ᠪᠠᠶᠢᠴᠠᠭᠠᠯᠳᠠ ᠶᠢ ᠭᠦᠨᠵᠡᠭᠡᠶᠢᠷᠡᠭᠦᠯᠵᠦ᠂ ᠲᠤᠭᠤᠷᠢᠨ ᠪᠠᠶᠢᠴᠠᠭᠠᠨ ᠴᠡᠭᠴᠡᠯᠡᠨ ᠵᠠᠰᠠᠬᠤ ᠶᠢ ᠨᠠᠶᠢᠳᠠᠪᠤᠷᠢᠵᠢᠭᠤᠯᠵᠦ᠂ ᠪᠠᠶᠢᠭᠤᠯᠤᠮᠵᠢ ᠶᠢᠨ ᠡᠩᠨᠡᠭᠡᠨ ᠤ ᠪᠦᠳᠦᠭᠡᠨ ᠪᠠᠶᠢᠭᠤᠯᠤᠯᠳᠠ ᠶᠢᠨ ᠲᠦᠷᠪᠡᠨ ᠲᠠᠯ᠎ᠠ ᠶᠢᠨ 13 ᠠᠰᠠᠭᠤᠳᠠᠯ ᠢ ᠵᠦᠢᠯ ᠲᠠᠷᠠᠭᠠᠯᠠᠨ ᠵᠠᠳᠠᠯᠤᠨ ᠰᠣᠳᠣᠯᠵᠦ᠂ ᠪᠣᠳᠠᠳᠠᠢ ᠴᠡᠭᠴᠡᠯᠡᠨ ᠰᠠᠶᠢᠵᠢᠷᠠᠭᠤᠯᠬᠤ ᠰᠠᠨᠠᠯ ᠪᠤᠯᠤᠨ ᠠᠷᠭ᠎ᠠ ᠬᠡᠮᠵᠢᠶ᠎ᠡ ᠶᠢ ᠲᠤᠷᠠᠳᠴᠠᠢ᠃      ᠮᠠ ᠵᠢᠢ ᠴᠧᠩ ᠨᠦᠬᠦᠷ ᠴᠢᠬᠤᠯᠠᠴᠢᠯᠠᠭᠰᠠᠨ ᠨᠢ᠂ ᠲᠤᠰ ᠤᠳᠠᠭᠠᠨ ᠤ ᠲᠤᠭᠤᠷᠢᠨ ᠪᠠᠶᠢᠴᠠᠭᠠᠬᠤ ᠠᠵᠢᠯ ᠤᠨ ᠴᠠᠭ ᠪᠠᠴᠢᠮ᠂ ᠡᠭᠦᠷᠡᠭᠡ ᠬᠦᠨᠳᠦ᠂ ᠬᠤᠳᠠ ᠶᠢᠨ ᠨᠠᠮ ᠤᠨ ᠬᠤᠷᠢᠶ᠎ᠠ ᠶᠢᠨ ᠲᠤᠭᠤᠷᠢᠨ ᠪᠠᠶᠢᠴᠠᠭᠠᠬᠤ ᠪᠠᠶᠢᠭᠤᠯᠤᠯᠭ᠎ᠠ ᠴᠡᠭᠴᠡᠯᠡᠨ ᠵᠠᠰᠠᠬᠤ ᠠᠷᠭ᠎ᠠ ᠪᠠᠷᠢᠯ ᠢᠶᠠᠨ ᠬᠢᠨᠠᠮᠠᠭᠠᠢ ᠰᠤᠳᠤᠯᠤᠨ᠂ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠯᠠᠯ ᠢ ᠨᠠᠷᠢᠯᠢᠭᠵᠢᠭᠤᠯᠵᠦ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠴᠢᠩᠭᠠᠳᠬᠠᠨ᠂ ᠲᠤᠭᠤᠷᠢᠨ ᠪᠠᠶᠢᠴᠠᠭᠠᠬᠤ ᠠᠵᠢᠯ  ᠢ ᠦᠨᠳᠦᠷ ᠶᠠᠰᠤ ᠴᠢᠨᠠᠷ᠂ ᠦᠨᠳᠦᠷ ᠪᠠᠷᠢᠮᠵᠢᠶ᠎ᠠ ᠪᠠᠷ ᠪᠡᠶᠡᠯᠡᠭᠦᠯᠬᠦ ᠶᠢᠨ ᠬᠠᠮᠳᠤ ᠬᠤᠳᠠ ᠶᠢᠨ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ ᠶᠢᠨ ᠵᠤᠬᠢᠶᠠᠨ ᠪᠠᠶᠢᠭᠤᠯᠤᠯᠳᠠ ᠶᠢᠨ ᠬᠡᠯᠳᠡᠰ ᠵᠡᠷᠭᠡ ᠨᠢᠭᠡᠴᠡ ︵ᠰᠠᠯᠠᠭ᠎ᠠ ᠮᠦᠴᠢᠷ︶ ᠲᠠᠢ ᠬᠠᠷᠢᠯᠴᠠᠨ ᠨᠡᠪᠲᠡᠷᠡᠯᠴᠡᠨ᠂ ᠨᠢᠭᠡᠳᠦᠮᠡᠯ ᠬᠦᠴᠦᠨ ᠪᠦᠷᠢᠯᠳᠦᠨ᠂  ᠲᠤᠭᠤᠷᠢᠨ ᠪᠠᠶᠢᠴᠠᠭᠠᠬᠤ ᠠᠵᠢᠯ ᠢ ᠬᠠᠮᠳᠤᠪᠡᠷ ᠪᠠᠶᠠᠯᠡᠭᠦᠯᠬᠦ ᠬᠡᠷᠡᠭᠲᠡᠢ ᠪᠦᠭᠡᠳ ᠪᠠᠶᠢᠳᠠᠯ ᠢ ᠴᠠᠭ ᠲᠤᠬᠠᠢ ᠳᠤᠨᠢ ᠮᠡᠳᠡᠭᠦᠯᠵᠦ᠂ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠮᠵᠢ ᠶᠢ ᠲᠤᠪᠤᠶᠢᠯᠭᠠᠨ᠂ ᠦᠷ᠎ᠡ ᠪᠦᠳᠦᠭᠡᠯ ᠢ ᠪᠠᠳᠤᠳᠬᠠᠬᠤ ᠬᠡᠷᠡᠭᠲᠡᠢ     ᠬᠤᠷᠠᠯ ᠠᠴᠠ ᠲᠤᠭᠤᠷᠢᠨ ᠪᠠᠶᠢᠴᠠᠭᠠᠨ ᠴᠡᠭᠴᠡᠯᠡᠨ ᠵᠠᠰᠠᠬᠤ ᠠᠵᠢᠯ ᠤᠨ ᠤᠳᠤᠷᠢᠳᠬᠤ ᠲᠤᠭᠤᠶᠢᠯᠠᠩ ᠪᠠᠶᠢᠭᠤᠯᠬᠤ ᠶᠢ ᠲᠤᠭᠳᠠᠭᠠᠵᠦ᠂ ᠬᠤᠳᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ᠂ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠶᠢᠨ ᠱᠦᠵᠢ᠂ ᠬᠢᠨᠠᠨ ᠪᠠᠶᠢᠴᠠᠭᠠᠬᠤ ᠵᠦᠪᠯᠡᠯ ᠤᠨ ᠡᠷᠬᠢᠯᠡᠭᠴᠢ᠂ ᠬᠤᠳᠠ ᠶᠢᠨ ᠨᠠᠮ ᠤᠨ ᠬᠤᠷᠢᠶ᠎ᠠ ᠶᠢᠨ ᠲᠤᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠲᠤᠭᠤᠶᠢᠯᠠᠩ ᠤᠨ ᠲᠤᠭᠤᠶᠢᠯᠠᠩ ᠤᠨ ᠳᠠᠷᠤᠭ᠎ᠠ ᠮᠠ ᠵᠢᠢ ᠴᠧᠩ ᠨᠦᠬᠦᠷ ᠲᠤᠭᠤᠶᠢᠯᠠᠩ ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ᠂ ᠲᠤᠭᠤᠷᠢᠨ ᠪᠠᠶᠢᠴᠠᠭᠠᠨ ᠴᠡᠭᠴᠡᠯᠡᠨ ᠵᠠᠰᠠᠬᠤ ᠠᠵᠢᠯ ᠤᠨ ᠤᠳᠤᠷᠢᠳᠬᠤ ᠲᠤᠭᠤᠶᠢᠯᠠᠩ ᠤᠨ ᠲᠤᠤᠷ᠎ᠠ ᠠᠯᠪᠠᠨ ᠭᠡᠷ ᠲᠤᠬᠢᠷᠠᠭᠤᠯᠵᠦ᠂ ᠴᠡᠭᠴᠡᠯᠡᠨ ᠵᠠᠰᠠᠬᠤ ᠠᠵᠢᠯ ᠤᠨ ᠬᠠᠷᠢᠯᠴᠠᠬᠤ᠂ ᠠᠬᠢᠭᠤᠯᠬᠤ᠂ ᠱᠠᠳᠤ ᠦᠶ᠎ᠡ ᠶᠢᠨ ᠴᠢᠨᠠᠷᠲᠠᠢ ᠳ᠋ᠦᠩᠨᠡᠯᠳᠡ᠂ ᠮᠡᠳᠡᠭᠦᠯᠦᠯᠳᠡ ᠵᠡᠷᠭᠡ ᠠᠵᠢᠯ ᠢ ᠪᠦᠬᠦ ᠲᠠᠯ᠎ᠠ ᠪᠠᠷ ᠬᠠᠷᠢᠭᠤᠴᠠᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号