ᠪᠡᠭᠡᠵᠢᠩ ᠤᠨ ᠡᠪᠤᠯ ᠤᠨ ᠤᠯᠠᠷᠢᠯ ᠤᠨ ᠤᠯᠢᠮᠫᠢᠺ ᠤᠨ ᠲᠠᠮᠢᠷ ᠤᠨ ᠴᠤᠬᠯᠠᠭᠠᠨ ᠳᠤ ᠤᠷᠤᠯᠴᠠᠬᠤ ᠪᠠᠷ 18 ᠳᠠᠮᠢᠷᠴᠢᠨ ᠷᠠᠰᠢᠶᠠᠨ ᠬᠤᠳᠠ ᠳᠤ ᠢᠷᠡᠵᠤ ᠪᠤᠯᠪᠠᠰᠤᠷᠠᠵᠤ ᠪᠠᠶᠢᠨ᠎ᠠ
ᠨᠡᠶᠢᠲᠡᠯᠡᠭᠰᠡᠨ ᠴᠠᠭ᠄
2019-11-22
      ᠴᠢᠯᠤᠭᠡᠳᠤ ᠬᠡᠯᠪᠡᠷᠢ ᠶᠢᠨ ᠤᠬᠳᠠᠷᠭᠤᠢ ᠶᠢᠨ ᠤᠷ᠎ᠠ ᠮᠡᠷᠭᠡᠵᠢᠯ ᠤᠨ ᠤᠯᠤᠰ ᠤᠨ ᠲᠦᠪᠯᠡᠷᠡᠭᠦᠯᠤᠨ ᠪᠤᠯᠪᠠᠰᠤᠷᠠᠭᠤᠯᠬᠤ ᠠᠩᠬᠢ ᠷᠠᠰᠢᠶᠠᠨ ᠬᠤᠳᠠ ᠶᠢᠨ ᠴᠠᠰᠤᠨ ᠳᠤ ᠭᠤᠯᠭᠤᠬᠤ ᠪᠤᠯᠪᠠᠰᠤᠷᠠᠯ ᠤᠨ ᠲᠠᠯᠠᠪᠠᠢ ᠳᠤ 2019 ᠤᠨ ᠤ ᠪᠤᠯᠪᠠᠰᠤᠷᠠᠯ ᠢᠶᠠᠨ ᠡᠬᠢᠯᠡᠬᠦᠯᠪᠡ᠃ ᠡᠨᠡ ᠵᠢᠯ ᠢ ᠪᠤᠳᠤᠪᠠᠯ ᠲᠡᠳᠡᠨᠡᠷ ᠵᠠᠯᠭᠠᠪᠡᠷ ᠷᠠᠰᠢᠶᠠᠨ ᠬᠤᠳᠠ ᠳᠤ ᠢᠷᠡᠵᠤ ᠪᠤᠯᠪᠠᠰᠤᠷᠠᠭᠠᠳ 16 ᠵᠢᠯ ᠤᠨ ᠨᠢᠭᠤᠷ ᠢ ᠦᠵᠡᠴᠢᠭᠡᠯ᠎ᠠ᠃    ᠲᠤᠰ ᠤᠳᠠᠭ᠎ᠠ ᠤᠯᠤᠰ ᠤᠨ ᠠᠩᠬᠢ ᠶᠢᠨ 18 ᠲᠠᠮᠢᠷᠴᠢᠨ ᠢ ᠲᠦᠪᠯᠡᠷᠡᠭᠦᠯᠤᠨ ᠪᠤᠯᠪᠠᠰᠤᠷᠠᠭᠤᠯᠵᠤ᠂ ᠲᠠᠮᠢᠷᠴᠢᠳ ᠰᠤᠷᠭᠠᠬᠴᠢ ᠶᠢᠨ ᠪᠦᠯᠬᠦᠮ ᠤᠨ ᠢᠶᠠᠨ ᠵᠢᠯᠤᠭᠤᠳᠤᠯᠭ᠎ᠠ ᠲᠤᠤᠷ᠎ᠠ ᠴᠤᠬ ᠵᠢᠪᠬᠤᠭ᠎ᠠ ᠲᠠᠢ᠂ ᠵᠤᠷᠢᠭ ᠲᠡᠭᠦᠯᠳᠡᠷ ᠪᠦᠬᠦ ᠬᠦᠴᠤᠨ ᠢᠶᠠᠷ ᠢᠶᠠᠨ ᠴᠢᠷᠮᠠᠶᠢᠨ ᠪᠤᠯᠪᠠᠰᠤᠷᠠᠵᠤ᠂ 2022 ᠤᠨ ᠤ ᠪᠡᠭᠡᠵᠢᠩ ᠤᠨ ᠡᠪᠤᠯ ᠤᠨ ᠤᠯᠠᠷᠢᠯ ᠤᠨ ᠤᠯᠢᠮᠫᠢᠺ ᠤᠨ ᠲᠠᠮᠢᠷ ᠤᠨ ᠴᠤᠬᠯᠠᠭᠠᠨ ᠳᠤ ᠤᠷᠤᠯᠴᠠᠬᠤ ᠪᠡᠯᠡᠳᠭᠡᠯ ᠠᠵᠢᠯ ᠢᠶᠠᠨ ᠰᠠᠶᠢᠳᠤᠷ ᠬᠢᠵᠤ ᠪᠤᠢ᠃    ᠴᠢᠯᠤᠭᠡᠳᠤ ᠬᠡᠯᠪᠡᠷᠢ ᠶᠢᠨ ᠤᠬᠳᠠᠷᠭᠤᠢ ᠶᠢᠨ ᠤᠷ᠎ᠠ ᠮᠡᠷᠭᠡᠵᠢᠯ ᠤᠨ ᠤᠯᠤᠰ ᠤᠨ ᠲᠦᠪᠯᠡᠷᠡᠭᠦᠯᠤᠨ ᠪᠤᠯᠪᠠᠰᠤᠷᠠᠭᠤᠯᠬᠤ ᠠᠩᠬᠢ ᠶᠢᠨ ᠮᠡᠷᠭᠡᠵᠢᠯ ᠤᠨ ᠰᠤᠷᠭᠠᠬᠴᠢ ᠵᠢᠢ ᠳ᠋ᠥ᠋ᠩ᠄ ︽ᠪᠢᠳᠡ ᠵᠠᠯᠭᠠᠪᠡᠷ ᠷᠠᠰᠢᠶᠠᠨ ᠬᠤᠳᠠ ᠳᠤ ᠢᠷᠡᠵᠤ ᠪᠤᠯᠪᠠᠰᠤᠷᠠᠭᠠᠳ 16 ᠵᠢᠯ ᠪᠤᠯᠴᠢᠬᠠᠯ᠎ᠠ᠂ ᠪᠤᠯᠪᠠᠰᠤᠷᠠᠵᠤ ᠪᠠᠶᠢᠬᠤ ᠬᠤᠭᠤᠴᠠᠭᠠᠨ ᠳᠤ ᠲᠠᠮᠢᠷᠴᠢᠳ ᠰᠡᠳᠬᠢᠯ ᠬᠠᠨᠤᠮᠵᠢᠳᠠᠢ ᠮᠦᠷᠳᠡᠬᠡᠨ ᠤᠯᠤᠯᠳᠠ ᠤᠯᠠᠨ ᠪᠠᠶᠢᠨ᠎ᠠ᠂ ᠪᠤᠯᠪᠠᠰᠤᠷᠠᠯ ᠤᠨ ᠬᠤᠭᠤᠴᠠᠭᠠᠨ ᠳᠤ ᠷᠠᠰᠢᠶᠠᠨ ᠤ ᠵᠠᠰᠠᠭ ᠤᠨ ᠤᠷᠳᠤᠨ ᠪᠠ ᠷᠠᠰᠢᠶᠠᠨ ᠤ ᠰᠤᠶᠤᠯ ᠵᠤᠭᠠᠴᠠᠯ ᠪᠡᠶ᠎ᠠ ᠲᠠᠮᠢᠷ ᠤᠨ ᠲᠤᠪᠴᠢᠶ᠎ᠠ ᠶᠢᠨ ᠲᠡᠮᠵᠢᠯᠬᠡ ᠶᠢ ᠰᠠᠶᠢᠨ ᠬᠦᠷᠳᠡᠯ᠎ᠠ᠃ ᠮᠠᠨᠤᠰ ᠤᠨ ᠬᠦᠰᠡᠬᠦ ᠨᠢ᠂ ᠪᠢᠳᠠ ᠦᠷᠬᠦᠯᠵᠢᠯᠡᠨ ᠷᠠᠰᠢᠶᠠᠨ ᠬᠤᠳᠠ ᠳᠠᠬᠢ ᠪᠤᠯᠪᠠᠰᠤᠷᠠᠯ ᠢᠶᠠᠨ ᠪᠠᠷᠢᠮᠳᠠᠯᠠᠨ ᠦᠷᠬᠦᠯᠵᠢᠯᠡᠬᠦᠯᠵᠤ᠂ ᠲᠤᠬᠠᠢ ᠶᠢᠨ ᠭᠠᠵᠠᠷ ᠤᠷᠤᠨ ᠤ ᠨᠡᠩ ᠰᠠᠶᠢᠨ ᠲᠡᠮᠵᠢᠯᠭᠡ ᠶᠢ ᠬᠦᠷᠳᠡᠵᠤ᠂ 2022 ᠤᠨ ᠤ ᠪᠡᠭᠡᠵᠢᠩ ᠤᠨ ᠡᠪᠤᠯ ᠤᠨ ᠤᠯᠠᠷᠢᠯ ᠤᠨ ᠤᠯᠢᠮᠫᠢᠺ ᠤᠨ ᠲᠠᠮᠢᠷ ᠤᠨ ᠴᠤᠬᠯᠠᠭᠠᠨ ᠤ ᠪᠡᠯᠡᠳᠭᠡᠯ ᠳᠤ ᠮᠠᠰᠢ ᠶᠡᠭᠡ ᠠᠮᠵᠢᠯᠳᠠ ᠤᠯᠬᠤ ᠶᠢ ᠬᠦᠰᠡᠵᠤ ᠪᠠᠶᠢᠨ᠎ᠠ︾ ᠭᠡᠯ᠎ᠠ᠃    ᠴᠢᠯᠤᠭᠡᠳᠤ ᠬᠡᠯᠪᠡᠷᠢ ᠶᠢᠨ ᠤᠬᠳᠠᠷᠭᠤᠢ ᠶᠢᠨ ᠤᠷ᠎ᠠ ᠮᠡᠷᠭᠡᠵᠢᠯ ᠤᠨ ᠴᠠᠰᠤᠨ ᠳᠤ ᠭᠤᠯᠭᠤᠬᠤ ᠲᠦᠷᠤᠯ ᠵᠦᠢᠯ ᠪᠤᠯ ᠲᠤᠮᠳᠠᠳᠤ ᠤᠯᠤᠰ ᠤᠨ ᠲᠠᠪᠠᠭᠤᠯᠢᠭ ᠤᠷᠤᠯᠳᠤᠭᠠᠨ ᠤ ᠲᠦᠷᠤᠯ ᠵᠦᠢᠯ ᠪᠤᠯᠤᠨ᠎ᠠ᠃ ᠲᠤᠰ ᠤᠳᠠᠭ᠎ᠠ ᠤᠯᠤᠰ ᠠᠴᠠ ᠴᠠᠰᠤᠨ ᠳᠤ ᠭᠤᠯᠭᠤᠬᠤ ᠨᠡᠷᠡᠳᠤ ᠲᠠᠮᠢᠷᠴᠢᠳ ᠢᠶᠠᠨ ᠲᠤᠮᠢᠯᠠᠨ ᠷᠠᠰᠢᠶᠠᠨ ᠳᠤ ᠢᠷᠡᠵᠤ ᠪᠤᠯᠪᠠᠰᠤᠷᠠᠭᠤᠯᠵᠤ ᠪᠠᠶᠢᠨ᠎ᠠ᠂ 2022 ᠤᠨ ᠤ ᠪᠡᠭᠡᠵᠢᠩ ᠤᠨ ᠡᠪᠤᠯ ᠤᠨ ᠤᠯᠠᠷᠢᠯ ᠤᠨ ᠤᠯᠢᠮᠫᠢᠺ ᠤᠨ ᠲᠠᠮᠢᠷ ᠤᠨ ᠴᠤᠬᠯᠠᠭᠠᠨ ᠳᠤ ᠲᠤᠮᠳᠠᠳᠤ ᠤᠯᠤᠰ ᠤᠨ ᠲᠠᠮᠢᠷᠴᠢᠳ ᠨᠡᠩ ᠤᠯᠠᠨ ᠠᠯᠳᠡᠨ ᠮᠧᠳᠠᠯ ᠤᠯᠬᠤ ᠪᠠᠷ ᠴᠢᠷᠮᠠᠶᠢᠵᠤ ᠪᠠᠶᠢᠨ᠎ᠠ
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号