ᠠᠶᠤᠯᠭᠦᠢ ᠦᠢᠯᠡᠳᠪᠦᠷᠢᠯᠡᠯ ᠤᠨ ᠠᠵᠢᠯ ᠤᠨ ᠬᠤᠷᠠᠯ ᠢ ᠷᠠᠰᠢᠶᠠᠨ ᠬᠤᠳᠠ ᠳᠤ  ᠬᠤᠷᠠᠯᠳᠤᠭᠤᠯᠪᠠ
ᠨᠡᠶᠢᠲᠡᠯᠡᠭᠰᠡᠨ ᠴᠠᠭ᠄
2019-12-06
      ᠮᠠᠨ ᠤ ᠬᠤᠳᠠ ᠶᠢᠨ ᠡᠪᠦᠯ ᠤᠨ ᠤᠯᠠᠷᠢᠯ ᠤᠨ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠢ ᠦᠷᠬᠦᠯᠵᠢᠯᠡᠨ ᠲᠤᠭᠳᠠᠭᠤᠨ ᠪᠠᠶᠢᠯᠭᠠᠬᠤ ᠶᠢ ᠪᠠᠳᠤᠯᠠᠬᠤ ᠶᠢᠨ ᠲᠦᠯᠦᠭᠡ᠂ ᠮᠦᠰᠦ ᠴᠠᠰᠤᠨ ᠤ ᠨᠠᠶᠢᠷ ᠤᠨ ᠬᠤᠭᠤᠴᠠᠭᠠᠨ ᠤ ᠠᠶᠤᠯᠭᠦᠢ ᠦᠢᠯᠡᠳᠪᠦᠷᠢᠯᠡᠯ ᠤᠨ ᠠᠵᠢᠯ ᠢ ᠪᠤᠳᠠᠳᠠᠢ ᠴᠢᠩᠭᠠᠳᠬᠠᠨ᠎ᠠ᠃ 11 ᠰᠠᠷ᠎ᠠ ᠶᠢᠨ 29 ᠤ ᠡᠳᠦᠷ᠂ ᠠᠶᠤᠯᠭᠦᠢ ᠦᠢᠯᠡᠳᠪᠦᠷᠢᠯᠡᠯ ᠤᠨ ᠠᠵᠢᠯ ᠤᠨ ᠬᠤᠷᠠᠯ ᠵᠢᠴᠢ ᠠᠶᠤᠯᠭᠦᠢ ᠦᠢᠯᠡᠳᠪᠦᠷᠢᠯᠡᠯ ᠤᠨ ᠮᠡᠳᠡᠯᠭᠡ ᠶᠢᠨ ᠪᠤᠯᠪᠠᠰᠤᠷᠠᠯ ᠤᠨ ᠬᠤᠷᠠᠯ ᠢ ᠮᠠᠨ ᠤ ᠬᠤᠳᠠ ᠳᠤ ᠬᠤᠷᠠᠯᠳᠤᠪᠠ᠃ᠬᠤᠷᠠᠯ ᠲᠡᠭᠡᠷ᠎ᠡ᠂ ᠬᠤᠳᠠ ᠶᠢᠨ ᠠᠶᠤᠯᠭᠦᠢ ᠦᠢᠯᠡᠳᠪᠦᠷᠢᠯᠡᠯ ᠤᠨ ᠵᠦᠪᠯᠡᠯ ᠤᠨ ᠠᠯᠪᠠᠨ ᠭᠡᠷ ᠤᠨ ᠡᠷᠬᠢᠯᠡᠭᠴᠢ ᠵᠧᠩ ᠢᠦᠢ ᠯᠢᠶᠠᠩ  ᠬᠤᠳᠠ ᠶᠢᠨ ᠲᠠᠷᠤᠭ᠎ᠠ ᠸᠠᠩ ᠲᠢᠶᠠᠨ ᠹᠧᠩ ᠤᠨ ᠨᠠᠶᠢᠳᠠᠯᠭ᠎ᠠ ᠪᠠᠷ ᠤᠳᠤᠬᠠᠨ ᠤ ᠪᠦᠬᠦ ᠬᠤᠳᠠ ᠶᠢᠨ ᠠᠶᠤᠯᠭᠦᠢ ᠦᠢᠯᠡᠳᠪᠦᠷᠢᠯᠡᠯ ᠤᠨ ᠠᠵᠢᠯ ᠳᠤ ᠵᠠᠳᠠᠯᠤᠯᠳᠠ ᠰᠤᠳᠤᠯᠤᠯᠳᠠ ᠬᠢᠭᠰᠡᠨ ᠪᠦᠭᠡᠳ ᠲᠦᠷᠪᠡᠳᠦᠭᠡᠷ ᠤᠯᠠᠷᠢᠯ  ᠤᠨ ᠠᠶᠤᠯᠭᠦᠢ ᠦᠢᠯᠡᠳᠪᠦᠷᠢᠯᠡᠯ ᠤᠨ ᠠᠵᠢᠯ ᠳᠤ ᠪᠠᠶᠢᠷᠢᠯᠠᠭᠤᠯᠤᠯᠳᠠ ᠦᠷᠨᠢᠭᠦᠯᠪᠠ᠂ ᠨᠢᠭᠡ ᠳᠤ ᠮᠦᠰᠦ ᠴᠠᠰᠤᠨ ᠤ ᠨᠠᠶᠢᠷ ᠤᠨ ᠬᠤᠭᠤᠴᠠᠭᠠᠨ ᠤ ᠠᠶᠤᠯᠭᠦᠢ ᠦᠢᠯᠡᠳᠪᠦᠷᠢᠯᠡᠯ ᠤᠨ ᠠᠵᠢᠯ ᠢ ᠴᠢᠩᠭᠠᠳᠬᠠᠨ᠎ᠠ᠃ ᠬᠤᠶᠠᠷ ᠲᠤ ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠳᠠ ᠶᠢᠨ ᠠᠵᠢᠯ ᠢ ᠦᠷᠬᠦᠯᠵᠢᠯᠡᠨ ᠦᠷᠨᠢᠭᠦᠯᠦᠨ᠎ᠡ᠃ ᠭᠤᠷᠪᠠ ᠳᠤ ᠴᠢᠬᠤᠯᠠ ᠬᠦᠷᠢᠶ᠎ᠡ ᠬᠡᠪᠴᠢᠶ᠎ᠡ ᠶᠢᠨ ᠲᠤᠰᠬᠠᠢ ᠴᠡᠭᠴᠡᠯᠡᠨ ᠵᠠᠰᠠᠯᠳᠠ ᠶᠢ ᠴᠢᠩᠭᠠᠳᠬᠠᠵᠦ᠂ ᠵᠠᠰᠠᠮᠠᠯ  ᠵᠠᠮ ᠤᠨ ᠵᠠᠮ ᠬᠠᠷᠢᠯᠴᠠᠭ᠎ᠠ ᠂ ᠠᠶᠤᠯ ᠳᠤ ᠬᠤᠯᠪᠤᠳᠠᠭᠰᠠᠨ ᠳᠡᠯᠪᠡᠷᠡᠬᠦ ᠳᠤ ᠬᠤᠯᠪᠤᠭᠳᠠᠭᠰᠠᠨ᠂ ᠵᠤᠭᠠᠴᠠᠯ᠂ ᠭᠠᠯ ᠢ ᠰᠡᠷᠭᠡᠶᠢᠯᠡᠨ ᠤᠨᠳᠠᠷᠠᠭᠠᠬᠤ ᠵᠡᠷᠭᠡ ᠬᠦᠷᠢᠶ᠎ᠡ ᠬᠡᠪᠴᠢᠶ᠎ᠡ ᠶᠢ ᠲᠤᠪᠤᠶᠢᠯᠭᠠᠨ᠎ᠠ᠃ ᠲᠦᠷᠪᠡ ᠳᠤ ᠬᠢᠨᠠᠯᠳᠠ ᠬᠠᠮᠢᠶᠠᠷᠤᠯᠳᠠ ᠶᠢᠨ ᠬᠠᠤᠯᠢ ᠬᠡᠷᠡᠭᠵᠢᠭᠦᠯᠬᠦ ᠬᠦᠴᠦᠨ ᠢ ᠦᠷᠬᠦᠯᠵᠢᠯᠡᠨ ᠴᠢᠩᠭᠠᠳᠬᠠᠵᠦ᠂ ᠬᠠᠤᠯᠢ ᠲᠤᠭᠳᠠᠭᠠᠯ ᠠᠴᠠ ᠵᠦᠷᠢᠴᠡᠭᠰᠡᠨ ᠠᠵᠢᠯᠯᠠᠭ᠎ᠠ ᠳᠤ ᠡᠷᠡᠰ ᠴᠤᠬᠢᠯᠳᠠ ᠦᠭᠭᠦᠨ᠎ᠡ᠃  ᠲᠤᠰ ᠤᠳᠠᠭᠠᠨ ᠤ ᠬᠤᠷᠠᠯ ᠳᠤ ᠤᠨᠴᠠ ᠤᠷᠢᠭᠰᠠᠨ ᠠᠶᠢᠮᠠᠭ ᠤᠨ ᠠᠮᠤᠷ ᠲᠦᠪᠰᠢᠨ ᠤ ᠬᠢᠨᠠᠯᠳᠠ ᠶᠢᠨ ᠲᠤᠪᠴᠢᠶ᠎ᠠ ᠶᠢᠨ ᠲᠡᠮᠦᠷᠯᠢᠭ ᠪᠤᠯᠪᠠᠰᠤᠷᠠᠭᠤᠯᠬᠤ ᠠᠵᠦ ᠦᠢᠯᠡᠳᠪᠦᠷᠢ ᠶᠢᠨ ᠠᠷᠠᠯᠵᠢᠶᠠᠨ ᠤ ᠰᠠᠯᠠᠭ᠎ᠠ ᠶᠢᠨ ᠵᠢᠶᠠᠩ ᠸᠧᠢ ᠯᠢ ᠰᠠᠯᠠᠭᠠᠨ ᠳᠠᠷᠤᠭ᠎ᠠ ᠠᠴᠠ ᠠᠶᠤᠯᠭᠦᠢ ᠦᠢᠯᠡᠳᠪᠦᠷᠢᠯᠡᠯ ᠤᠨ ᠬᠢᠨᠠᠯᠳᠠ ᠬᠠᠮᠢᠶᠠᠷᠤᠯᠳᠠ ᠶᠢᠨ ᠬᠠᠮᠢᠶ᠎ᠠ ᠪᠦᠬᠦᠢ ᠬᠠᠤᠯᠢ ᠲᠤᠭᠳᠠᠭᠠᠯ ᠲᠦᠷᠦ ᠶᠢᠨ ᠪᠤᠳᠤᠯᠭ᠎ᠠ ᠶᠢᠨ ᠲᠤᠬᠠᠢ ᠲᠠᠶᠢᠯᠪᠤᠷᠢᠯᠠᠯ ᠬᠢᠵᠡᠢ᠃ ᠠᠶᠤᠯᠬᠦᠢ ᠦᠢᠯᠡᠳᠪᠦᠷᠢᠯᠡᠯ ᠤᠨ ᠰᠠᠭᠤᠷᠢ ᠮᠡᠳᠡᠯᠭᠡ᠂ ᠬᠠᠤᠯᠢ ᠬᠡᠷᠡᠭᠵᠢᠭᠦᠯᠬᠦ ᠶᠠᠪᠤᠴᠠ᠂ ᠬᠡᠷᠡᠭ ᠤᠨ ᠵᠠᠳᠠᠯᠤᠯᠳᠠ᠂ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠤᠨ ᠬᠢᠨᠠᠯᠳᠠ ᠬᠠᠮᠢᠶᠠᠷᠤᠯᠳᠠ ᠶᠢᠨ ᠬᠠᠷᠢᠭᠤᠴᠠᠯᠭ᠎ᠠ ᠬᠢᠭᠡᠳ ᠠᠵᠦ ᠠᠬᠤᠶᠢᠯᠠᠯ ᠤᠨ ᠭᠤᠤᠯ ᠴᠤᠭᠴᠠ ᠶᠢᠨ ᠬᠠᠷᠢᠭᠤᠴᠠᠯᠭ᠎ᠠ ᠶᠢ ᠪᠤᠳᠠᠳᠠᠶᠢᠵᠢᠭᠤᠯᠬᠤ ᠵᠡᠷᠭᠡ ᠲᠠᠯ᠎ᠠ ᠪᠠᠷ ᠪᠦᠬᠦ ᠲᠠᠯ᠎ᠠ ᠶᠢᠨ ᠲᠠᠶᠢᠯᠪᠤᠷᠢᠯᠠᠯ ᠬᠢᠵᠡᠢ᠃ ᠮᠠᠨ ᠤᠨ ᠬᠤᠳᠠ ᠶᠢᠨ ᠠᠶᠤᠯᠭᠦᠢ ᠦᠢᠯᠡᠳᠪᠦᠷᠢᠯᠡᠯ ᠤᠨ ᠠᠵᠢᠯ ᠢ ᠲᠤᠭᠳᠠᠭᠤᠨ ᠠᠬᠢᠭᠤᠯᠬᠤ ᠶᠢᠨ ᠲᠦᠯᠦᠭᠡ ᠰᠢᠯᠢᠳᠡᠭ ᠰᠠᠶᠢᠨ ᠠᠶᠤᠯᠭᠦᠢ ᠦᠢᠯᠡᠳᠪᠦᠷᠢᠯᠡᠯ ᠤᠨ ᠤᠷᠴᠢᠨ ᠲᠤᠭᠤᠷᠢᠨ ᠢ ᠪᠦᠷᠢᠯᠳᠦᠬᠦᠯᠬᠦ ᠳᠤ ᠰᠠᠭᠤᠷᠢ ᠶᠢ ᠲᠠᠯᠪᠢᠵᠦ ᠦᠭᠭᠦᠨ᠎ᠡ᠃   
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号