ᠠᠶᠢᠮᠠᠭ ᠤᠨ ᠨᠠᠮ ᠤᠨ ᠬᠤᠷᠢᠶ᠎ᠠ ᠶᠢᠨ ᠭᠡᠰᠢᠭᠦᠨ᠂ ᠲᠡᠳ᠋ ᠠᠶᠢᠮᠠᠭ ᠤᠨ ᠲᠠᠷᠤᠭ᠎ᠠ ᠮᠧᠩ ᠸᠧᠨ ᠲᠤᠤ ᠪᠠᠢ ᠯᠠᠩ ᠪᠠᠯᠭᠠᠰᠤᠨ ᠳᠤ ᠮᠤᠷᠢᠯᠠᠨ ᠰᠠᠭᠠᠳᠠᠵᠦ ᠪᠡᠭᠡᠵᠢᠩ ᠦᠪᠦᠷ ᠮᠤᠩᠭᠤᠯ ᠤᠨ ᠶᠠᠳᠠᠭᠤ ᠶᠢ ᠲᠡᠳᠭᠦᠨ ᠬᠠᠮᠳᠤᠷᠠᠨ ᠠᠵᠢᠯᠯᠠᠬᠤ ᠠᠵᠢᠯ ᠢ ᠪᠠᠶᠢᠴᠠᠭᠠᠨ ᠰᠣᠳᠣᠯᠪᠠ
ᠨᠡᠶᠢᠲᠡᠯᠡᠭᠰᠡᠨ ᠴᠠᠭ᠄
2019-12-08
       11 ᠰᠠᠷ᠎ᠠ ᠶᠢᠨ 23 ᠤ ᠦᠳᠡ ᠶᠢᠨ ᠬᠤᠶᠢᠨ᠎ᠠ᠂ ᠠᠶᠢᠠᠮᠭ ᠤᠨ ᠨᠠᠮ ᠤᠨ ᠬᠤᠷᠢᠶ᠎ᠠ ᠶᠢᠨ ᠭᠡᠰᠢᠭᠦᠨ᠂ ᠲᠡᠳ᠋ ᠠᠶᠢᠮᠠᠭ ᠤᠨ ᠲᠠᠷᠤᠭ᠎ᠠ ᠮᠧᠩ ᠸᠧᠨ ᠲᠤᠤ ᠠᠶᠢᠮᠠᠭ ᠤᠨ ᠪᠡᠭᠡᠵᠢᠩ ᠦᠪᠦᠷ ᠮᠤᠩᠭᠤᠯ ᠤᠨ ᠶᠠᠳᠠᠭᠤ ᠶᠢ ᠲᠡᠳᠭᠦᠬᠦ ᠠᠯᠪᠠᠨ ᠭᠡᠷ᠂ ᠪᠠᠶᠢᠩᠭᠤ ᠶᠢᠨ ᠶᠠᠪᠤᠳᠠᠯ ᠤᠨ ᠲᠡᠳ᠋ ᠡᠷᠬᠢᠯᠡᠭᠴᠢ ᠹᠦ᠋ ᠬᠠᠨ ᠱᠧᠩ᠂ ᠠᠶᠢᠮᠠᠭ ᠤᠨ ᠪᠡᠭᠡᠵᠢᠩ ᠦᠪᠦᠷ ᠮᠤᠩᠭᠤᠯ ᠤᠨ ᠶᠠᠳᠠᠭᠤ ᠶᠢ ᠲᠡᠳᠭᠦᠬᠦ ᠠᠯᠪᠠᠨ ᠭᠡᠷ ᠤᠨ ᠲᠡᠳ᠋ ᠡᠷᠬᠢᠯᠡᠭᠴᠢ ᠸᠠᠩ ᠵᠢᠶᠠᠨ ᠵᠢᠶᠦ᠋ᠨ ᠪᠠᠢ ᠯᠠᠩ ᠪᠠᠯᠭᠠᠰᠤᠨ ᠳᠤ ᠮᠤᠷᠢᠯᠠᠨ ᠰᠠᠭᠠᠳᠠᠵᠦ ᠪᠡᠭᠡᠵᠢᠩ ᠦᠪᠦᠷ ᠮᠤᠩᠭᠤᠯ ᠤᠨ ᠶᠠᠳᠠᠭᠤ ᠶᠢ ᠲᠡᠳᠭᠦᠬᠦ ᠬᠠᠮᠳᠤᠷᠠᠨ ᠠᠵᠢᠯᠯᠠᠬᠤ ᠴᠢᠬᠤᠯᠠ ᠲᠦᠷᠦᠯ ᠵᠦᠢᠯ ᠤᠨ ᠦᠷᠨᠢᠯᠳᠡ ᠶᠢᠨ ᠪᠠᠶᠢᠳᠠᠯ ᠢ ᠪᠠᠶᠢᠴᠠᠭᠠᠨ ᠵᠢᠯᠤᠭᠤᠳᠴᠠᠢ᠃ ᠬᠤᠳᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ᠂ ᠲᠡᠳ᠋ ᠬᠤᠳᠠ ᠶᠢᠨ ᠲᠠᠷᠤᠭ᠎ᠠ ᠭᠤᠤ ᠸᠧᠢ᠂ ᠰᠢ ᠺᠧᠦ ᠲᠤᠰᠬᠤᠨ ᠳᠤ ᠰᠠᠭᠤᠭ᠎ᠠ ᠲᠤᠰᠬᠤᠨ ᠤ ᠨᠢᠭᠡᠳᠦᠭᠡᠷ ᠱᠦᠵᠢ ᠯᠢ ᠬᠤᠢ ᠰᠢᠨ ᠵᠢᠴᠢ ᠪᠠᠢ ᠯᠠᠩ ᠪᠠᠯᠭᠠᠰᠤᠨ ᠤ ᠨᠠᠮ  ᠤᠨ ᠬᠤᠷᠢᠶ᠎ᠠ ᠶᠢᠨ ᠱᠦᠵᠢ ᠴᠧᠨ ᠶᠥᠩ ᠹᠠ᠂ ᠪᠠᠢ ᠯᠠᠩ ᠪᠠᠯᠭᠠᠰᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ ᠱᠠᠨ ᠢᠦᠢ ᠭᠥᠸᠧ ᠪᠠᠷ᠎ᠠ ᠪᠤᠯᠤᠨ ᠪᠠᠶᠢᠴᠠᠭᠠᠨ ᠰᠤᠳᠤᠯᠪᠠ᠃          ᠪᠠᠶᠢᠴᠠᠭᠠᠨ ᠰᠤᠳᠤᠯᠤᠯᠳᠠ ᠶᠢᠨ ᠲᠤᠭᠤᠶᠢᠯᠠᠩ ᠡᠩ ᠲᠡᠷᠢᠭᠦᠨ ᠳᠤ ᠪᠠᠢ ᠯᠠᠩ ᠪᠠᠯᠭᠠᠰᠤᠨ ᠤ ᠯᠢᠨ ᠰᠤ᠋ ᠲᠤᠰᠬᠤᠨ ᠳᠤ ᠬᠦᠷᠴᠦ᠂ ᠪᠠᠢ ᠯᠠᠩ ᠲᠤᠰᠬᠤᠨ ᠤ ᠯᠢᠨ ᠰᠤ᠋ ᠲᠤᠰᠬᠤᠨ ᠤ ᠰᠡᠯᠡᠭᠦᠴᠡᠯ ᠲᠤᠰᠬᠤᠨ ᠤ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠶᠢᠨ ᠪᠠᠶᠢᠳᠠᠯ ᠢ ᠪᠤᠳᠠᠳᠠᠢ ᠪᠠᠶᠢᠴᠠᠭᠠᠬᠤ ᠶᠢᠨ ᠬᠠᠮᠳᠤ ᠲᠦᠷᠦᠯ ᠵᠦᠢᠯ ᠤᠨ ᠦᠷᠨᠢᠯᠳᠡ ᠶᠢᠨ ᠪᠠᠶᠢᠳᠠᠯ ᠢ ᠨᠠᠷᠢᠯᠢᠭ ᠠᠰᠠᠭᠤᠨ ᠯᠠᠪᠯᠠᠵᠦ᠂ ᠪᠠᠢ ᠯᠠᠩ ᠲᠤᠰᠬᠤᠨ ᠤ ᠲᠦᠷᠦᠯ ᠵᠦᠢᠯ ᠤᠨ ᠬᠠᠷᠢᠭᠤᠴᠠᠯᠭᠠᠳᠠᠨ ᠠᠴᠠ ᠠᠶᠢᠮᠠᠭ ᠤᠨ ᠲᠠᠷᠤᠭ᠎ᠠ ᠮᠧᠩ ᠸᠧᠨ ᠲᠤᠤ ᠶᠢᠨ ᠲᠤᠷᠠᠳᠤᠭᠰᠠᠨ ᠠᠰᠠᠭᠤᠳᠠᠯ ᠳᠤ ᠨᠢᠭᠡ ᠨᠢᠭᠡ ᠪᠠᠷ ᠬᠠᠷᠢᠭᠤᠯᠳᠠ ᠦᠭᠴᠠᠢ᠃ ᠮᠧᠩ ᠠᠶᠢᠮᠠᠭ ᠤᠨ ᠲᠠᠷᠤᠭ᠎ᠠ ᠠᠴᠠ ᠨᠢᠭᠡᠨᠳᠡ ᠪᠠᠷᠢᠭᠰᠠᠨ ᠵᠤᠴᠢᠯᠠᠬᠤ ᠳᠤ ᠬᠡᠷᠡᠭᠯᠡᠬᠦ ᠭᠡᠷ ᠢ ᠪᠠᠶᠢᠴᠠᠭᠠᠨ ᠦᠵᠡᠭᠰᠡᠨ ᠤ ᠲᠠᠷᠠᠭ᠎ᠠ ᠪᠠᠢ ᠯᠠᠩ ᠪᠠᠯᠭᠠᠰᠤᠨ ᠤ ᠯᠢᠨ ᠰᠤ᠋ ᠲᠤᠰᠬᠤᠨ ᠤ ᠰᠡᠯᠡᠭᠦᠴᠡᠯ ᠲᠤᠰᠬᠤᠨ ᠤ ᠪᠦᠳᠦᠭᠡᠨ ᠪᠠᠶᠢᠭᠤᠯᠤᠯᠳᠠ ᠨᠢ ᠲᠤᠰ ᠭᠠᠵᠠᠷ ᠤᠨ ᠪᠤᠳᠠᠳᠤ ᠪᠠᠶᠢᠳᠠᠯ ᠪᠠᠷ ᠵᠤᠭᠰᠤᠴᠠ ᠪᠤᠯᠭᠠᠨ᠂ ᠭᠡᠷ ᠦᠷᠦᠭᠡ ᠶᠢᠨ ᠵᠠᠰᠠᠯ ᠴᠢᠮᠡᠭᠯᠡᠯ ᠤᠨ ᠰᠢᠨᠡᠳᠭᠡᠬᠦ ᠲᠡᠭᠡᠷ᠎ᠡ ᠯᠢᠨ ᠰᠣ᠋ ᠲᠤᠰᠬᠤᠨ ᠤ ᠰᠤᠶᠤᠯ ᠤᠨ ᠡᠯᠧᠮᠧᠨ᠋ᠲ ᠢ ᠭᠦᠢᠴᠡᠳ ᠪᠠᠳᠠᠷᠠᠭᠤᠯᠤᠭᠰᠠᠨ᠂ ᠦᠪᠡᠷᠮᠢᠴᠡ ᠵᠠᠩ ᠵᠠᠩᠰᠢᠯ ᠲᠠᠢ᠂ ᠰᠠᠭᠤᠷᠢᠰᠢᠵᠦ ᠵᠢᠭᠤᠯᠴᠢᠯᠠᠬᠤ ᠳᠤ ᠲᠤᠬᠢᠷᠠᠮᠵᠢᠲᠠᠢ ᠤᠨᠴᠠᠯᠢᠭᠳᠤ ᠰᠡᠯᠡᠭᠦᠴᠡᠯ ᠲᠤᠰᠬᠤᠨ ᠢ ᠪᠦᠳᠦᠭᠡᠨ ᠪᠠᠶᠢᠭᠤᠯᠤᠭᠰᠠᠨ ᠢ ᠵᠢᠭᠠᠵᠦ ᠭᠠᠷᠭᠠᠵᠠᠢ᠃ ᠡᠭᠦᠨ  ᠤ ᠬᠠᠮᠳᠤ ᠮᠧᠩ ᠠᠶᠢᠮᠠᠭ ᠤᠨ ᠲᠠᠷᠤᠭ᠎ᠠ ᠠᠴᠠ ᠲᠦᠷᠦᠯ ᠵᠦᠢᠯ ᠢ ᠪᠦᠳᠦᠭᠡᠨ ᠪᠠᠶᠢᠭᠤᠯᠤᠭᠰᠠᠨ ᠤ ᠲᠠᠷᠤᠭ᠎ᠠ ᠰᠡᠯᠡᠭᠦᠴᠡᠯ ᠲᠤᠰᠬᠤᠨ ᠤ ᠤᠬᠠᠭᠤᠯᠭ᠎ᠠ ᠶᠢᠨ ᠬᠦᠴᠦᠨ ᠢ ᠴᠢᠩᠭᠠᠳᠬᠠᠵᠦ᠂ ᠪᠤᠷᠤᠯᠠᠭᠤᠯᠬᠤ ᠠᠷᠭ᠎ᠠ ᠪᠠᠨ ᠴᠢᠬᠤᠯᠠᠴᠢᠯᠠᠵᠦ᠂ ᠪᠠᠢ ᠯᠠᠩ ᠲᠤᠰᠬᠤᠨ ᠤ ᠯᠢᠨ ᠰᠤ᠋ ᠲᠤᠰᠬᠤᠨ ᠢ ᠪᠦᠬᠦ ᠠᠶᠢᠮᠠᠭ ᠲᠤ ᠠᠯᠳᠠᠷᠰᠢᠭᠰᠠᠨ ᠵᠤᠭᠠᠴᠠᠯ  ᠤᠨ ᠤᠷᠤᠨ ᠪᠤᠯᠭᠠᠬᠤ ᠶᠢ ᠴᠢᠬᠤᠯᠠᠴᠢᠯᠠᠵᠠᠢ᠃      ᠲᠠᠷᠠᠭ᠎ᠠ ᠨᠢ ᠪᠠᠶᠢᠴᠠᠭᠠᠨ ᠰᠤᠳᠤᠯᠬᠤ ᠲᠤᠭᠤᠶᠢᠯᠠᠩ ᠤᠨ ᠬᠢᠨ ᠷᠠᠰᠢᠶᠠᠨ ᠬᠤᠳᠠ ᠶᠢᠨ ᠱᠦᠢ ᡁᠢ ᠳ᠋ᠤᠤ ᠷᠠᠰᠢᠶᠠᠨ ᠤᠰᠤᠨ ᠤ ᠬᠢᠵᠠᠭᠠᠷᠳᠤ ᠺᠤᠮᠫᠠᠨᠢ ᠳᠤ ᠢᠷᠡᠵᠦ᠂ ᠷᠠᠰᠢᠶᠠᠨ ᠤᠰᠤ  ᠦᠢᠯᠡᠳᠪᠦᠷᠢᠯᠡᠬᠦ᠂ ᠪᠤᠷᠤᠯᠠᠭᠤᠯᠬᠤ ᠵᠢᠴᠢ ᠪᠤᠬᠢᠷᠳᠠᠯ ᠦᠭᠡᠢ ᠠᠵᠦ ᠦᠢᠯᠡᠳᠪᠦᠷᠢ ᠶᠢᠨ ᠵᠤᠭᠠᠴᠠᠯ ᠢ ᠲᠦᠯᠬᠢᠨ ᠠᠬᠢᠭᠤᠯᠬᠤ ᠪᠠᠶᠢᠳᠠᠯ ᠢ ᠪᠠᠶᠢᠴᠠᠭᠠᠨ ᠰᠤᠳᠤᠯᠪᠠ᠃ ᠱᠦᠢ ᡁᠢ ᠳ᠋ᠤᠤ ᠺᠤᠮᠫᠠᠨᠢ ᠶᠢᠨ ᠭᠤᠳᠤᠮᠵᠢ ᠶᠢ ᠲᠤᠭᠤᠷᠢᠨ ᠦᠵᠡᠵᠦ᠂ ᠮᠧᠩ ᠠᠶᠢᠮᠠᠭ ᠤᠨ ᠲᠠᠷᠤᠭ᠎ᠠ ᠱᠦᠢ ᡁᠢ ᠳ᠋ᠣᠣ ᠺᠤᠮᠫᠠᠨᠢ ᠶᠢᠨ ᠪᠦᠳᠦᠭᠡᠨ ᠪᠠᠶᠢᠭᠤᠯᠤᠯᠳᠠ᠂ ᠦᠢᠯᠡᠳᠪᠦᠷᠢᠯᠡᠬᠦ᠂ ᠪᠤᠷᠤᠯᠠᠭᠤᠯᠬᠤ ᠪᠠᠶᠢᠳᠠᠯ ᠢ ᠬᠢᠨᠠᠮᠠᠭᠠᠢ ᠠᠰᠠᠭᠤᠨ ᠯᠠᠪᠯᠠᠵᠦ᠂ ᠱᠦᠢ ᡁᠢ ᠳ᠋ᠣᠣ ᠺᠤᠮᠫᠠᠨᠢ ᠶᠢᠨ ᠬᠠᠷᠢᠭᠤᠴᠠᠯᠭᠠᠳᠠᠨ ᠠᠴᠠ ᠮᠧᠩ ᠠᠶᠢᠮᠠᠭ ᠤᠨ ᠲᠠᠷᠤᠭ᠎ᠠ ᠶᠢᠨ ᠲᠤᠷᠠᠳᠤᠭᠰᠠᠨ ᠠᠰᠠᠭᠤᠳᠠᠯ ᠳᠤ ᠨᠢᠭᠡ ᠨᠢᠭᠡ ᠪᠠᠷ ᠬᠠᠷᠢᠭᠤᠯᠳᠠ ᠦᠭᠬᠦ ᠶᠢᠨ ᠬᠠᠮᠳᠤ ᠺᠤᠮᠫᠠᠨᠢ ᠶᠢᠨ ᠲᠠᠷᠠᠭᠠᠴᠢ ᠶᠢᠨ ᠠᠯᠬᠤᠮ ᠤᠨ ᠠᠵᠢᠯ ᠤᠨ ᠲᠦᠯᠦᠪᠯᠡᠭᠡ ᠪᠠᠨ ᠮᠡᠳᠡᠭᠦᠯᠪᠡ᠃  
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号