ᠬᠤᠳᠠ ᠶᠢᠨ ᠤᠯᠤᠰ ᠲᠦᠷᠦ ᠶᠢᠨ ᠵᠦᠪᠯᠡᠯᠭᠡᠨ ᠤ ᠲᠡᠷᠢᠭᠦᠯᠡᠭᠴᠢ ᠵᠧᠦ ᠰᠢᠤᠸᠠᠢ ᠸᠧᠨ ᠠᠩᠭᠢ ᠲᠠᠭᠠᠭᠤᠯᠤᠨ ᠰᠤᠷᠭᠠᠨ ᠬᠦᠮᠦᠵᠢᠯ ᠤᠨ ᠲᠤᠭᠤᠷᠢᠭ ᠲᠤ ᠬᠦᠷᠴᠦ ᠪᠦᠬᠦ ᠬᠤᠳᠠ ᠶᠢᠨ ᠰᠤᠷᠭᠠᠨ ᠬᠦᠮᠦᠵᠢᠯ  ᠤᠨ ᠠᠵᠢᠯ ᠢ ᠪᠠᠶᠢᠴᠠᠭᠠᠨ ᠦᠵᠡᠪᠡ
ᠨᠡᠶᠢᠲᠡᠯᠡᠭᠰᠡᠨ ᠴᠠᠭ᠄
2019-02-27
    12 ᠰᠠᠷ᠎ᠠ ᠶᠢᠨ 5 ᠤ ᠡᠳᠦᠷ᠂ ᠬᠤᠳᠠ ᠶᠢᠨ ᠤᠯᠤᠰ ᠲᠦᠷᠦ ᠶᠢᠨ ᠵᠦᠪᠯᠡᠯᠭᠡᠨ ᠤ ᠨᠠᠮ ᠤᠨ ᠤᠳᠤᠷᠢᠳᠬᠤ ᠲᠤᠭᠤᠶᠢᠯᠠᠩ ᠤᠨ ᠱᠦᠵᠢ᠂ ᠲᠡᠷᠢᠭᠦᠯᠡᠭᠴᠢ ᠵᠧᠦ ᠰᠢᠤᠸᠠᠢ ᠸᠧᠨ ᠬᠤᠳᠠ ᠶᠢᠨ ᠤᠯᠤᠰ ᠲᠦᠷᠦ ᠶᠢᠨ ᠵᠦᠪᠯᠡᠯᠭᠡᠨ ᠤ ᠬᠡᠰᠡᠭ ᠭᠡᠰᠢᠭᠦᠨ ᠢ ᠲᠠᠭᠠᠭᠤᠯᠤᠨ ᠰᠤᠷᠭᠠᠨ ᠬᠦᠮᠦᠵᠢᠯ ᠤᠨ ᠲᠤᠭᠤᠷᠢᠭ ᠲᠤ ᠬᠦᠷᠴᠦ ᠰᠤᠷᠭᠠᠨ ᠬᠦᠮᠦᠵᠢᠯ ᠤᠨ ᠠᠵᠢᠯ᠂ ᠰᠤᠷᠭᠠᠨ ᠬᠦᠮᠦᠵᠢᠯ ᠤᠨ ᠪᠡᠭᠡᠵᠢᠩ ᠦᠪᠦᠷ ᠮᠤᠩᠭᠤᠯ ᠤᠨ ᠬᠠᠮᠳᠤᠷᠠᠨ ᠠᠵᠢᠯᠯᠠᠬᠤ᠂  ᠰᠤᠷᠭᠠᠨ ᠬᠦᠮᠦᠵᠢᠯ  ᠢᠶᠠᠷ ᠶᠠᠳᠠᠭᠤ ᠶᠢ ᠲᠡᠳᠭᠦᠬᠦ ᠪᠠᠶᠢᠳᠠᠯ ᠢ ᠪᠠᠶᠢᠴᠠᠭᠠᠨ ᠦᠵᠡᠵᠦ᠂ ᠬᠤᠳᠠ ᠶᠢᠨ ᠰᠤᠷᠭᠠᠨ ᠬᠦᠮᠦᠵᠢᠯ ᠤᠨ ᠲᠤᠪᠴᠢᠶ᠎ᠠ  ᠶᠢᠨ ᠬᠠᠮᠢᠶ᠎ᠠ ᠪᠦᠬᠦᠢ ᠨᠦᠬᠦᠳ ᠠᠵᠢᠯᠯᠠᠭ᠎ᠠ ᠳᠤ ᠤᠷᠤᠯᠴᠠᠵᠦ ᠪᠠᠶᠢᠴᠠᠭᠠᠨ ᠦᠵᠡᠪᠡ᠃     ᠪᠠᠶᠢᠴᠠᠭᠠᠨ ᠦᠵᠡᠬᠦ ᠲᠤᠭᠤᠶᠢᠯᠠᠩ ᠤᠨ ᠬᠢᠨ ᠡᠮᠦᠨ᠎ᠡ ᠬᠤᠶᠢᠨ᠎ᠠ ᠬᠦᠷᠢᠶᠡᠯᠡᠩ ᠲᠤᠭᠤᠷᠢᠭ ᠤᠨ ᠵᠢᠭᠠᠨ ᠰᠤᠷᠭᠠᠬᠤ ᠠᠰᠠᠷ᠂ ᠨᠤᠮ ᠤᠨ ᠰᠠᠩ᠂ ᠪᠡᠶ᠎ᠡ ᠲᠠᠮᠢᠷ ᠤᠨ ᠤᠷᠳᠤᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠤᠷᠳᠤᠨ ᠵᠡᠷᠭᠡ ᠭᠠᠵᠠᠷ ᠲᠤ ᠬᠦᠷᠴᠦ ᠪᠠᠶᠢᠴᠠᠭᠠᠨ ᠦᠵᠡᠭᠰᠡᠨ ᠪᠦᠭᠡᠳ ᠨᠢᠭᠡᠳᠦᠭᠡᠷ ᠲᠤᠮᠳᠠᠳᠤ ᠰᠤᠷᠭᠠᠭᠤᠯᠢ ᠶᠢᠨ ᠬᠤᠷᠠᠯ ᠤᠨ ᠭᠡᠷ ᠲᠤ ᠰᠠᠭᠤᠳᠠᠯ ᠤᠨ ᠬᠤᠷᠠᠯ ᠡᠷᠬᠢᠯᠡᠪᠠ     ᠰᠠᠭᠤᠳᠠᠯ ᠤᠨ ᠬᠤᠷᠠᠯ ᠲᠡᠭᠡᠷ᠎ᠡ᠂  ᠤᠯᠤᠰ ᠲᠦᠷᠦ ᠶᠢᠨ ᠵᠦᠪᠯᠡᠯᠭᠡᠨ ᠤ ᠡᠯ᠎ᠡ ᠬᠡᠰᠢᠭᠦᠨ ᠰᠤᠷᠭᠠᠨ ᠬᠦᠮᠦᠵᠢᠯ  ᠤᠨ ᠰᠢᠰᠲ᠋ᠧᠮ ᠤᠨ ᠡᠯ᠎ᠡ ᠰᠠᠯᠠᠭ᠎ᠠ ᠮᠦᠴᠢᠷ ᠵᠢᠴᠢ ᠪᠡᠭᠡᠵᠢᠩ ᠤᠨ ᠬᠤᠶᠠᠳᠤᠭᠠᠷ ᠪᠦᠯᠦᠭᠯᠡᠯ ᠤᠨ  ᠰᠤᠷᠭᠠᠨ ᠬᠦᠮᠦᠵᠢᠯ ᠢ ᠲᠡᠮᠵᠢᠬᠦ ᠪᠦᠯᠬᠦᠮ ᠤᠨ ᠠᠵᠢᠯ ᠤᠨ ᠲᠠᠨᠢᠯᠴᠠᠭᠤᠯᠭ᠎ᠠ ᠶᠢ ᠨᠠᠷᠢᠨ  ᠬᠢᠨᠠᠮᠠᠭᠠᠢ ᠰᠤᠨᠤᠰᠴᠤ᠂ ᠪᠦᠬᠦ ᠬᠤᠳᠠ ᠶᠢᠨ ᠰᠤᠷᠭᠠᠨ ᠬᠦᠮᠦᠵᠢᠯ ᠤᠨ ᠦᠨᠳᠦᠰᠦᠨ ᠪᠠᠶᠢᠳᠠᠯ  ᠂ ᠰᠤᠷᠭᠠᠨ ᠬᠦᠮᠦᠵᠢᠯ ᠤᠨ ᠪᠡᠭᠡᠵᠢᠩ ᠦᠪᠦᠷ ᠮᠤᠩᠭᠤᠯ ᠤᠨ ᠬᠠᠮᠳᠤᠷᠠᠨ ᠠᠵᠢᠯᠯᠠᠬᠤ ᠪᠠᠶᠢᠳᠠᠯ᠂ ᠰᠤᠷᠭᠠᠨ ᠬᠦᠮᠦᠵᠢᠯ ᠢᠶᠠᠷ ᠶᠠᠳᠠᠭᠤ ᠠᠴᠠ ᠠᠩᠭᠢᠵᠢᠷᠠᠭᠤᠯᠬᠤ ᠪᠠᠶᠢᠳᠠᠯ ᠢ ᠨᠠᠷᠢᠨ ᠤᠶᠢᠯᠠᠭᠠᠵᠠᠢ᠃  ᠮᠠᠨ ᠤ ᠬᠤᠳᠠ ᠶᠢᠨ ᠰᠤᠷᠭᠠᠨ ᠬᠦᠮᠦᠵᠢᠯ ᠤᠨ ᠠᠵᠢᠯ ᠨᠢ ᠬᠤᠳᠠ ᠶᠢᠨ ᠨᠠᠮ  ᠤᠨ ᠬᠤᠷᠢᠶ᠎ᠠ ᠶᠢᠨ ᠵᠠᠰᠠᠭ ᠤᠨ ᠤᠷᠳᠤᠨ ᠤ ᠪᠦᠬᠦᠯᠢ ᠴᠤᠭᠴᠠ ᠶᠢᠨ ᠠᠵᠢᠯ ᠤᠨ ᠲᠤᠬᠢᠷᠠᠭᠤᠯᠤᠯᠳᠠ ᠪᠠ ᠪᠠᠶᠢᠷᠢᠯᠠᠭᠤᠯᠤᠯᠳᠠ ᠶᠢᠨ ᠲᠤᠤᠷ᠎ᠠ ᠰᠡᠳᠭᠢᠴᠡ ᠲᠤᠳᠤᠷᠬᠠᠢ᠂ ᠠᠷᠭ᠎ᠠ ᠬᠡᠮᠵᠢᠶ᠎ᠠ ᠤᠨᠤᠪᠴᠢᠲᠠᠢ᠂ ᠡᠯ᠎ᠡ ᠲᠡᠰ ᠤᠨ ᠡᠯ᠎ᠡ ᠵᠦᠢᠯ ᠤᠨ ᠰᠤᠷᠭᠠᠨ ᠬᠦᠮᠦᠵᠢᠯ ᠤᠨ ᠬᠦᠭᠵᠢᠯᠳᠡ᠂ ᠪᠠᠭᠰᠢ ᠶᠢᠨ ᠡᠩᠨᠡᠭᠡ ᠶᠢᠨ ᠪᠠᠶᠢᠭᠤᠯᠤᠯᠳᠠ᠂ ᠰᠤᠷᠭᠠᠭᠤᠯᠢ ᠡᠷᠬᠢᠯᠡᠬᠦ ᠨᠦᠬᠦᠴᠡᠯ ᠢ ᠰᠠᠶᠢᠵᠢᠷᠠᠭᠤᠯᠬᠤ ᠵᠡᠷᠭᠡ ᠲᠠᠯ᠎ᠠ ᠪᠠᠷ ᠶᠡᠭᠡ ᠬᠡᠮᠵᠢᠶᠡᠨ ᠤ ᠠᠵᠢᠯ ᠢ ᠬᠢᠵᠦ᠂ ᠢᠯᠡᠷᠬᠡᠢ ᠦᠷ᠎ᠡ ᠪᠦᠳᠦᠮᠵᠢ ᠤᠯᠤᠭᠰᠠᠨ ᠪᠠᠶᠢᠨ᠎ᠠ᠃ ᠪᠡᠭᠡᠵᠢᠩ ᠦᠪᠦᠷ ᠮᠤᠩᠭᠤᠯ ᠤᠨ ᠬᠠᠮᠵᠢᠯᠴᠠᠭ᠎ᠠ ᠶᠢᠨ ᠲᠠᠯ᠎ᠠ ᠪᠠᠷ ᠵᠡᠭᠦᠨ ᠬᠤᠳᠠ ᠲᠤᠭᠤᠷᠢᠭ ᠤᠨ ᠰᠤᠷᠭᠠᠨ ᠬᠦᠮᠦᠵᠢᠯ ᠤᠨ ᠡᠬᠢ ᠪᠠᠶᠠᠯᠢᠭ ᠢ ᠭᠦᠢᠴᠡᠳ ᠠᠰᠢᠭᠯᠠᠵᠦ᠂ ᠭᠠᠷᠴᠤ ᠶᠠᠪᠤᠬᠤ ᠣᠷᠢᠵᠦ ᠠᠪᠴᠢᠷᠠᠬᠤ ᠠᠷᠭ᠎ᠠ ᠪᠠᠷ ᠰᠤᠷᠭᠠᠨ ᠬᠦᠮᠦᠵᠢᠯ ᠤᠨ ᠶᠡᠷᠦᠩᠬᠡᠢ ᠶᠤᠰᠤ ᠰᠤᠷᠳᠠᠬᠤᠨ᠂ ᠰᠤᠷᠭᠠᠨ ᠬᠦᠮᠦᠵᠢᠯ ᠤᠨ ᠪᠦᠬᠦᠯᠢ ᠴᠤᠭᠴᠠ ᠶᠢ ᠤᠯᠠᠮ ᠨᠢᠭᠡ ᠠᠯᠬᠤᠮ ᠲᠡᠭᠡᠭᠰᠢᠯᠡᠭᠦᠯᠵᠠᠢ᠃ ᠡᠨᠡ ᠵᠢᠯ ᠤᠨ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠶᠠᠪᠤᠴᠠ ᠲᠤᠮᠳᠠ ᠰᠤᠷᠭᠠᠨ ᠬᠦᠮᠦᠵᠢᠯ ᠤᠨ ᠰᠠᠯᠠᠭ᠎ᠠ ᠮᠦᠴᠢᠷ ᠰᠤᠷᠭᠠᠨ ᠬᠦᠮᠦᠵᠢᠯ ᠢᠶᠠᠷ ᠶᠠᠳᠠᠭᠤ ᠠᠴᠠ ᠠᠩᠭᠢᠵᠢᠷᠠᠭᠤᠯᠬᠤ ᠶᠢᠨ ᠨᠢᠭᠡᠨ ᠰᠠᠯᠠᠭ᠎ᠠ ᠴᠢᠬᠤᠯᠠ ᠬᠦᠴᠦᠨ ᠪᠤᠯᠤᠭᠰᠠᠨ ᠤ ᠬᠤᠪᠢ ᠳᠤ ᠪᠤᠳᠠᠳᠠᠢ ᠠᠷᠭ᠎ᠠ ᠬᠡᠮᠵᠢᠶ᠎ᠡ ᠠᠪᠴᠤ᠂ ᠦᠨᠡᠨ ᠲᠡᠳᠭᠦᠬᠦ᠂ ᠵᠤᠷᠢᠭᠲᠠᠢ ᠲᠡᠳᠬᠦᠬᠦ᠂ ᠪᠦᠬᠦ ᠬᠤᠳᠠ ᠶᠢᠨ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠳᠤ ᠪᠠᠳᠤ ᠪᠠᠬᠢ ᠰᠠᠭᠤᠷᠢ ᠶᠢ ᠲᠠᠯᠪᠢᠵᠦ ᠦᠭᠴᠡᠢ ᠭᠡᠵᠦ ᠭᠡᠰᠢᠭᠦᠳ ᠨᠠᠷ ᠵᠢᠭᠠᠵᠦ ᠭᠠᠷᠭᠠᠵᠠᠢ᠃     ᠵᠧᠦ ᠰᠢᠤᠸᠠᠢ ᠸᠧᠨ ᠵᠢᠭᠠᠵᠦ ᠭᠠᠷᠭᠠᠭᠰᠠᠨ ᠨᠢ᠂ ᠤᠯᠤᠰ ᠲᠦᠷᠦ ᠶᠢᠨ ᠵᠦᠪᠯᠡᠯᠭᠡᠨ ᠤ ᠭᠡᠰᠢᠭᠦᠨ ᠪᠦᠬᠦ ᠬᠤᠳᠠ ᠶᠢᠨ ᠰᠤᠷᠭᠠᠨ ᠬᠦᠮᠦᠵᠢᠯ ᠤᠨ ᠠᠵᠢᠯ ᠢ ᠪᠠᠶᠢᠴᠠᠭᠠᠨ ᠦᠵᠡᠵᠦ᠂ ᠬᠤᠳᠠ ᠶᠢᠨ ᠨᠠᠮ ᠤᠨ ᠬᠤᠷᠢᠶ᠎ᠠ ᠶᠢᠨ ᠲᠦᠷᠪᠡᠳᠦᠭᠡᠷ ᠬᠤᠭᠤᠴᠠᠭᠠᠨ ᠤ ᠭᠤᠷᠪᠠᠳᠤᠭᠠᠷ ᠤᠳᠠᠭᠠᠨ ᠤ ᠪᠦᠬᠦ ᠭᠡᠰᠢᠭᠦᠳ ︵ᠦᠷᠭᠡᠳᠭᠡᠯ︶ ᠤᠨ ᠬᠤᠷᠠᠯ ᠤᠨ ᠵᠤᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠤᠨ᠂ ᠰᠤᠷᠭᠠᠨ ᠬᠦᠮᠦᠵᠢᠯ ᠤᠨ ᠠᠵᠢᠯ ᠳᠤ ᠠᠷᠭ᠎ᠠ ᠤᠬᠠᠭᠠᠨ ᠬᠦᠴᠦᠨ ᠴᠢᠳᠠᠯ ᠢᠶᠠᠨ ᠨᠡᠮᠡᠷᠢᠭᠦᠯᠬᠦ ᠪᠤᠳᠠᠳᠠᠢ ᠠᠷᠭ᠎ᠠ ᠬᠡᠮᠵᠢᠶ᠎ᠡ ᠶᠢ ᠴᠤᠭᠯᠠᠷᠠᠭᠤᠯᠤᠨ᠂ ᠤᠯᠤᠰ ᠲᠦᠷᠦ  ᠶᠢᠨ ᠵᠦᠪᠯᠡᠯᠭᠡᠨ ᠤ ᠠᠷᠠᠳᠴᠢᠯᠠᠯ ᠢᠶᠠᠷ ᠬᠢᠨᠠᠯᠳᠠ ᠲᠠᠯᠪᠢᠬᠤ ᠡᠭᠦᠷᠭᠡ ᠲᠤᠰᠢᠶᠠᠯ ᠢᠶᠠᠨ ᠭᠦᠢᠴᠡᠳᠭᠡᠨ᠂ ᠨᠠᠮ ᠵᠠᠰᠠᠭ ᠢ ᠲᠤᠰᠠᠯᠠᠨ ᠪᠦᠯᠬᠦᠮᠳᠡᠯ᠂ ᠨᠢᠭᠳᠠᠷᠠᠯ ᠤᠨ ᠬᠦᠴᠦᠨ ᠤ ᠪᠤᠳᠠᠳᠤ ᠦᠢᠯᠡᠳᠦᠯᠭᠡ ᠶᠢ ᠠᠬᠢᠭᠤᠯᠵᠠᠢ  ᠃ ᠤᠳᠤᠬᠠᠨ ᠳᠤ ᠪᠦᠬᠦ ᠬᠤᠳᠠ ᠶᠢᠨ ᠰᠤᠷᠭᠠᠨ ᠬᠦᠮᠦᠵᠢᠯ ᠤᠨ ᠠᠵᠢᠯ ᠨᠢ ᠶᠠᠭ ᠪᠡᠭᠡᠵᠢᠩ ᠦᠪᠦᠷ ᠮᠤᠩᠭᠤᠯ ᠤᠨ ᠬᠠᠪᠰᠤᠷᠤᠨ ᠲᠡᠳᠭᠦᠬᠦ ᠶᠢᠨ ᠵᠠᠩᠭᠢᠯᠠᠭ᠎ᠠ ᠶᠢᠨ ᠬᠤᠭᠤᠴᠠᠭᠠᠨ ᠳᠤ ᠪᠠᠶᠢᠵᠦ᠂ ᠬᠤᠳᠠ ᠶᠢᠨ ᠰᠤᠷᠭᠠᠨ ᠬᠦᠮᠦᠵᠢᠯ ᠤᠨ ᠲᠤᠪᠴᠢᠶ᠎ᠠ  ᠠᠴᠠ ᠬᠦᠭᠵᠢᠯ ᠤᠨ ᠬᠠᠨᠳᠤᠰᠢ ᠶᠢ ᠦᠵᠡᠵᠦ ᠬᠦᠳᠦᠯᠦᠨ ᠵᠢᠯᠤᠭᠤᠳᠴᠤ᠂ ᠠᠵᠠ ᠲᠤᠬᠢᠶᠠᠯ ᠢ ᠠᠳᠬᠤᠨ᠂ ᠵᠡᠭᠦᠨ ᠬᠤᠳᠠ ᠲᠤᠭᠤᠷᠢᠭ ᠤᠨ ᠰᠤᠷᠭᠠᠨ ᠬᠦᠮᠦᠵᠢᠯ ᠤᠨ ᠡᠬᠢ ᠪᠠᠶᠠᠯᠢᠭ ᠢ ᠭᠦᠢᠴᠡᠳ ᠠᠰᠢᠭᠯᠠᠨ᠂ ᠪᠦᠬᠦ ᠲᠠᠯ᠎ᠠ ᠪᠠᠷ ᠮᠠᠨ  ᠤ ᠬᠤᠳᠠ ᠶᠢᠨ ᠰᠤᠷᠭᠠᠨ ᠬᠦᠮᠦᠵᠢᠯ ᠤᠨ ᠶᠡᠷᠦᠩᠬᠡᠢ ᠪᠤᠳᠠᠳᠤ ᠬᠦᠴᠦᠨ ᠢ ᠲᠡᠭᠡᠭᠰᠢᠯᠡᠭᠦᠯᠵᠬᠦ᠂ ᠬᠠᠵᠠᠭᠤ ᠬᠠᠪᠢ ᠶᠢᠨ ᠰᠠᠶᠢᠨ ᠰᠤᠷᠭᠠᠭᠤᠯᠢ ᠶᠢ ᠰᠠᠶᠢᠳᠤᠷ ᠡᠷᠬᠢᠯᠡᠨ᠎ᠡ᠃ ᠣᠯᠣᠰ ᠲᠦᠷᠦ ᠶᠢᠨ ᠵᠦᠪᠯᠡᠯᠭᠡᠨ ᠤ ᠭᠡᠰᠢᠭᠦᠨ ᠶᠡᠭᠡ ᠲᠠᠯ᠎ᠠ ᠶᠢᠨ ᠦᠵᠡᠯ ᠤᠬᠠᠮᠰᠡᠷ ᠢ ᠪᠤᠢ ᠪᠤᠯᠭᠠᠵᠦ᠂ ᠲᠦᠯᠦᠭᠡᠯᠡᠭᠴᠢ ᠴᠢᠨᠠᠷ ᠪᠤᠯᠤᠨ ᠨᠦᠯᠦᠭᠡᠯᠡᠬᠦ ᠬᠦᠴᠦᠨ ᠢ ᠭᠦᠢᠴᠡᠳ ᠪᠠᠳᠠᠷᠠᠭᠤᠯᠵᠦ᠂ ᠲᠤᠰᠬᠠᠢ ᠮᠡᠷᠭᠡᠵᠢᠯ ᠤᠨ ᠤᠨᠴᠠᠭᠠᠢ ᠴᠢᠳᠠᠪᠤᠷᠢ ᠪᠤᠯᠤᠨ ᠡᠬᠢ ᠪᠠᠶᠠᠯᠢᠭ ᠤᠨ ᠲᠠᠪᠠᠭᠤᠯᠢᠭ ᠲᠠᠯ᠎ᠠ ᠶᠢ ᠪᠦᠳᠦᠮᠵᠢᠲᠠᠢ ᠠᠰᠢᠭᠯᠠᠵᠦ᠂  ᠮᠠᠨ ᠤ ᠬᠤᠳᠠ ᠶᠢᠨ ᠰᠤᠷᠭᠠᠨ ᠬᠦᠮᠦᠵᠢᠯ ᠤᠨ ᠠᠵᠤ ᠦᠢᠯᠡᠰ ᠢ ᠦᠷᠬᠦᠯᠵᠢᠯᠡᠨ ᠬᠠᠯᠠᠮᠵᠢᠯᠠᠨ ᠠᠩᠬᠠᠷᠴᠤ᠂ ᠰᠠᠶᠢᠨ ᠪᠤᠳᠤᠯᠭ᠎ᠠ ᠪᠤᠯᠤᠨ ᠪᠤᠳᠠᠳᠤ ᠠᠷᠭ᠎ᠠ ᠬᠡᠮᠵᠢᠶ᠎ᠡ ᠶᠢ ᠠᠪᠤᠨ᠎ᠠ  ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号