ᠪᠦ᠋ ᠰᠢᠶᠤᠤ ᠯᠢᠨ ᠷᠠᠰᠢᠶᠠᠨ ᠬᠤᠳᠠ ᠳᠤ ᠪᠠᠶᠢᠴᠠᠭᠠᠨ ᠰᠤᠳᠤᠯᠬᠤ ᠳᠠᠭᠠᠨ ᠴᠢᠬᠤᠯᠠᠴᠢᠯᠠᠭᠰᠠᠨ ᠨᠢ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠡᠯ᠎ᠡ ᠵᠦᠢᠯ ᠤᠨ ᠠᠵᠢᠯ ᠢ ᠤᠨᠢᠨ ᠲᠡᠭᠡᠷ᠎ᠡ ᠨᠢ ᠰᠠᠶᠢᠳᠤᠷ ᠬᠢᠬᠦ ᠬᠡᠷᠡᠭᠳᠠᠢ
ᠨᠡᠶᠢᠲᠡᠯᠡᠭᠰᠡᠨ ᠴᠠᠭ᠄
2019-02-27
   ᠦᠪᠤᠷ ᠮᠤᠩᠭᠤᠯ ᠤᠨ ᠡᠳᠦᠷ ᠤᠨ ᠰᠤᠨᠢᠨ ᠤ ᠮᠡᠳᠡᠭᠡ 2 ᠰᠠᠷ᠎ᠡ ᠶᠢᠨ 23 ᠤ ᠡᠳᠦᠷ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠬᠦᠯᠡᠭᠴᠢ ᠪᠦ᠋ ᠰᠢᠶᠤᠤ ᠯᠢᠨ ᠶᠠᠳᠠᠭᠤ ᠶᠢ ᠲᠡᠳᠬᠦᠬᠦ ᠬᠠᠷᠢᠯᠴᠠᠬᠤ ᠴᠡᠭ ᠪᠤᠯᠬᠤ ᠬᠢᠨᠭ᠍ᠭᠠᠨ ᠠᠶᠢᠮᠠᠭ ᠤᠨ ᠷᠠᠰᠢᠶᠠᠨ ᠬᠤᠳᠠ ᠳᠤ ᠶᠠᠳᠠᠭᠤ ᠶᠢ ᠲᠡᠳᠬᠦᠬᠦ ᠪᠤᠭᠤᠮᠳᠠ ᠰᠢᠪᠳᠤᠯᠬᠤ ᠠᠵᠢᠯ ᠢ ᠪᠠᠶᠢᠴᠠᠭᠠᠨ ᠰᠤᠳᠤᠯᠪᠠ᠃    ᠷᠠᠰᠢᠶᠠᠨ ᠬᠤᠳᠠ ᠶᠢᠨ ᠨᠢᠭᠡᠳᠦᠭᠡᠷ ᠲᠤᠮᠳᠠᠳᠤ ᠰᠤᠷᠭᠠᠭᠤᠯᠢ ᠪᠤᠯ ᠷᠠᠰᠢᠶᠠᠨ ᠬᠤᠳᠠ ᠶᠢᠨ ᠴᠤᠷ ᠤᠨ ᠭᠠᠭᠴᠠ ᠪᠦᠷᠢᠨ ᠲᠤᠮᠳᠠᠳᠤ ᠰᠤᠷᠭᠠᠭᠤᠯᠢ ᠪᠤᠯᠤᠨ᠎ᠡ᠂ ᠷᠠᠰᠢᠶᠠᠨ ᠬᠤᠳᠠ ᠶᠢᠨ ᠰᠤᠷᠭᠠᠨ ᠬᠦᠮᠦᠵᠢᠯ ᠤᠨ ᠲᠤᠪᠴᠢᠶ᠎ᠡ ᠪᠠ ᠪᠡᠭᠡᠵᠢᠩ ᠬᠤᠳᠠ ᠶᠢᠨ ᠵᠡᠭᠦᠨ ᠬᠤᠳᠠ ᠲᠤᠭᠤᠷᠢᠭ ᠤᠨ ᠰᠤᠷᠭᠠᠨ ᠬᠦᠮᠦᠵᠢᠯ ᠤᠨ ᠵᠦᠪᠯᠡᠯ ᠯᠦᠭᠡ ᠲᠤᠬᠳᠠᠬᠰᠡᠨ ᠰᠤᠷᠭᠠᠨ ᠬᠦᠮᠤᠵᠢᠯ ᠤᠨ ᠠᠵᠢᠯ ᠲᠦᠷᠦᠯ ᠢᠶᠠᠷ ᠬᠠᠪᠰᠤᠷᠤᠨ ᠲᠠᠮᠵᠢᠬᠦ ᠬᠡᠯᠡᠯᠴᠡᠭᠡᠷ ᠶᠤᠰᠤᠭᠠᠷ᠂ ᠲᠤᠰ ᠰᠤᠷᠭᠠᠭᠤᠯᠢ ᠫᠠᠶᠢᠰᠠ ᠡᠯᠬᠦᠨ ᠪᠡᠭᠡᠵᠢᠩ ᠬᠤᠳᠠ ᠶᠢᠨ ᠬᠤᠶᠠᠳᠤᠭᠠᠷ ᠲᠤᠮᠳᠠᠳᠤ ᠰᠤᠷᠭᠠᠭᠤᠯᠢ ᠶᠢᠨ ᠷᠠᠰᠢᠶᠠᠨ ᠬᠤᠪᠢᠶᠠᠷᠢ ᠰᠤᠷᠭᠠᠭᠤᠯᠢ ᠶᠢ ᠪᠠᠶᠢᠭᠤᠯᠪᠠ᠃ ᠪᠦ᠋ ᠰᠢᠶᠤᠤ ᠯᠢᠨ ᠷᠠᠰᠢᠶᠠᠨ ᠬᠤᠳᠠ ᠶᠢᠨ ᠨᠢᠭᠡᠳᠦᠭᠡᠷ ᠲᠤᠮᠳᠠᠳᠤ ᠰᠤᠷᠭᠠᠭᠤᠯᠢ ᠳᠤ ᠬᠦᠷᠴᠤ᠂ ᠵᠢᠭᠠᠨ ᠰᠤᠷᠭᠠᠯᠳᠠ ᠵᠡᠷᠭᠡ ᠲᠦᠬᠦᠭᠡᠷᠤᠮᠵᠢ ᠶᠢ ᠨᠢ ᠪᠠᠶᠢᠴᠠᠭᠠᠨ ᠦᠵᠡᠵᠤ᠂ ᠷᠠᠰᠢᠶᠠᠨ ᠬᠤᠳᠠ ᠶᠢᠨ ᠪᠡᠭᠡᠵᠢᠩ ᠦᠪᠦᠷ ᠮᠤᠩᠭᠤᠯ ᠤᠨ ᠰᠤᠷᠭᠠᠨ ᠬᠦᠮᠦᠵᠢᠯ ᠢᠶᠠᠷ ᠶᠠᠳᠠᠭᠤ ᠶᠢ ᠲᠠᠳᠬᠦᠬᠦ ᠬᠠᠮᠵᠢᠯᠴᠠᠭ᠎ᠠ ᠶᠢᠨ ᠪᠠᠶᠢᠳᠠᠯ ᠢ ᠤᠢᠢᠯᠠᠭᠠᠬᠰᠡᠨ ᠪᠦᠭᠡᠳ ᠪᠡᠭᠡᠵᠢᠩ ᠬᠤᠳᠠ ᠶᠢᠨ ᠬᠤᠶᠠᠳᠤᠭᠠᠷ ᠲᠤᠮᠳᠠᠳᠤ ᠰᠤᠷᠭᠠᠭᠤᠯᠢ ᠶᠢᠨ ᠬᠠᠷᠢᠭᠤᠴᠠᠯᠭᠠᠳᠠᠨ ᠲᠠᠢ ᠸᠢᠳᠢᠣ᠋ ᠪᠠᠷ ᠶᠠᠷᠢᠯᠴᠠᠵᠤ᠂ ᠲᠤᠰ ᠰᠤᠷᠭᠠᠭᠤᠯᠢ ᠳᠤ ᠦᠵᠡᠬᠦᠯᠦᠭᠰᠡᠨ ᠲᠠᠮᠵᠢᠯᠭᠡ ᠪᠠ ᠬᠠᠪᠰᠤᠷᠤᠯᠭ᠎ᠠ ᠳᠤ ᠲᠠᠯᠠᠷᠬᠠᠵᠤ ᠪᠠᠶᠢᠬᠤ ᠪᠠᠨ ᠢᠯᠡᠳᠭᠡᠪᠡ᠃ ᠲᠡᠷᠨ᠂ ᠪᠡᠭᠡᠵᠢᠩ ᠦᠪᠦᠷ ᠮᠤᠩᠭᠤᠯ ᠤᠨ ᠶᠠᠳᠠᠭᠤ ᠶᠢ ᠲᠡᠳᠬᠦᠬᠦ ᠬᠠᠮᠵᠢᠯᠴᠠᠭ᠎ᠠ ᠪᠤᠯ ᠦᠪᠦᠷ ᠮᠤᠩᠭᠤᠯ ᠤᠨ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠢ ᠰᠠᠶᠢᠳᠤᠷ ᠬᠢᠬᠦ ᠴᠢᠬᠤᠯᠠ ᠬᠦᠴᠦᠨ ᠪᠤᠯᠤᠨ᠎ᠠ᠂ ᠡᠨᠡ ᠬᠦ ᠡᠷᠬᠢᠮ ᠨᠠᠨᠳᠢᠨ ᠡᠬᠢ ᠪᠠᠶᠠᠯᠢᠭ ᠢ ᠰᠠᠶᠢᠳᠤᠷ ᠠᠰᠢᠬᠯᠠᠵᠤ᠂ ᠪᠡᠭᠡᠵᠢᠩ ᠦᠪᠤᠷ ᠮᠤᠩᠭᠤᠯ ᠤᠨ ᠶᠠᠳᠠᠭᠤ ᠶᠢ ᠲᠡᠳᠬᠦᠬᠦ ᠬᠠᠮᠵᠢᠯᠴᠠᠭ᠎ᠠ ᠶᠢ ᠬᠦᠨᠵᠡᠭᠡᠶᠢᠷᠠᠬᠦᠯᠵᠤ᠂ ᠶᠠᠳᠠᠭᠤ ᠠᠴᠠ ᠠᠩᠭᠢᠵᠢᠷᠠᠬᠤ ᠠᠯᠬᠤᠮ ᠢᠶᠠᠨ ᠲᠦᠷᠭᠡᠳᠭᠡᠵᠤ᠂ ᠶᠠᠳᠠᠭᠤ ᠠᠴᠠ ᠠᠩᠭᠢᠵᠢᠷᠠᠭᠤᠯᠬᠤ ᠶᠠᠰᠤ ᠴᠢᠨᠠᠷ ᠢᠶᠠᠨ ᠲᠡᠭᠡᠭᠰᠢᠯᠡᠬᠦᠯᠬᠦ ᠭᠡᠷᠡᠭᠳᠠᠢ ᠭᠡᠵᠤ ᠵᠢᠭᠠᠵᠤ ᠭᠠᠷᠭᠠᠪᠠ᠃
   ᠲᠠᠩᠰᠡᠯᠠᠵᠤ ᠺᠠᠷᠳ᠋ᠯᠠᠬᠰᠡᠨ ᠶᠠᠳᠠᠭᠤ ᠬᠦᠴᠢᠷᠳᠠᠯᠳᠠᠢ ᠡᠷᠦᠭᠡ ᠯᠢᠶᠠᠩ ᠰᠢᠶᠠᠨ ᠫᠢᠩ ᠰᠢᠭᠡᠰᠤᠨ ᠬᠤᠤᠷᠳᠠᠯ ᠤᠨ ᠡᠪᠡᠳᠴᠢᠨ ᠳᠤ ᠨᠡᠷᠪᠡᠭᠳᠡᠨ᠂ ᠲᠦᠷᠪᠡᠳᠦᠭᠡᠷ ᠲᠡᠰ ᠤᠨ ᠵᠡᠮᠳᠡᠭ ᠬᠦᠮᠦᠨ ᠪᠤᠯᠵᠤ᠂ ᠡᠭᠡᠨᠡᠷ ᠨᠢ ᠤᠷᠴᠢᠨ ᠲᠤᠭᠤᠷᠢᠨ ᠢ ᠬᠠᠮᠠᠭᠠᠯᠠᠬᠤ ᠠᠵᠢᠯ ᠬᠢᠵᠤ ᠪᠤᠢ᠂ ᠡᠯ᠎ᠡ ᠲᠠᠯ᠎ᠡ ᠶᠢᠨ ᠬᠢᠨ ᠤ ᠬᠠᠪᠰᠤᠷᠤᠯᠭ᠎ᠠ ᠲᠡᠮᠵᠢᠯᠭᠡ ᠪᠠᠷ ᠨᠢᠭᠡᠨᠳᠠ ᠶᠠᠳᠠᠭᠤ ᠠᠴᠠ ᠠᠩᠭᠢᠵᠢᠷᠠᠬᠰᠡᠨ ᠪᠠᠶᠢᠨ᠎ᠡ᠃ ᠯᠢᠶᠠᠩ ᠰᠢᠶᠠᠨ ᠫᠢᠡᠭ ᠤᠨ ᠭᠡᠷ ᠲᠤ᠂ ᠪᠦ᠋ ᠰᠢᠶᠤᠤ ᠯᠢᠨ ᠲᠡᠳᠠᠨ ᠤ ᠪᠠᠶ᠎ᠠ ᠮᠠᠬᠠᠪᠤᠳ ᠤᠨ ᠪᠠᠶᠢᠳᠠᠯ᠂ ᠭᠡᠷ ᠪᠦᠯᠢ ᠶᠢᠨ ᠤᠷᠤᠯᠭ᠎ᠠ᠂ ᠡᠮᠨᠡᠯᠭᠡ ᠶᠢᠨ ᠰᠦᠢᠳᠭᠡᠯ ᠢ ᠳᠠᠩᠰᠠᠠ ᠠᠴᠠ ᠲᠠᠶᠢᠯᠬᠤ ᠵᠡᠷᠭᠡ ᠪᠠᠶᠢᠳᠠᠯ ᠢ ᠯᠠᠪᠯᠠᠨ ᠠᠰᠠᠭᠤᠵᠤ᠂ ᠦᠨᠳᠤᠰᠤᠨ ᠱᠠᠳᠤᠨ ᠤ ᠺᠠᠳ᠋ᠷᠴᠤᠳ ᠦᠷᠭᠦᠯᠵᠢᠯᠠᠨ ᠲᠡᠳᠠᠨ ᠢ ᠬᠠᠪᠰᠤᠷᠤᠨ ᠬᠠᠯᠠᠮᠵᠢᠯᠠᠬᠤ ᠪᠤᠯᠳᠤᠭᠠᠢ ᠬᠡᠮᠡᠨ ᠵᠠᠬᠢᠵᠤ᠂ ᠡᠯ᠎ᠠ ᠲᠠᠯ᠎ᠠ ᠶᠢᠨ ᠬᠠᠪᠰᠤᠷᠤᠯᠭ᠎ᠠ ᠲᠡᠮᠵᠢᠯᠭᠡ ᠪᠠᠷ ᠬᠦᠴᠢᠷ ᠪᠡᠷᠬᠡᠰᠢᠶᠡᠯ ᠢ ᠢᠯᠠᠨ ᠲᠠᠪᠠᠭ᠋ᠤ ᠢᠳᠡᠭᠡᠯ ᠵᠤᠷᠢᠭ ᠢᠶᠠᠨ ᠪᠠᠳᠤᠳᠬᠠᠪᠠᠯ᠂ ᠠᠮᠢᠳᠤᠷᠠᠯ ᠤᠯᠠᠮ ᠠᠴᠠ ᠤᠯᠠᠮ ᠰᠠᠶᠢᠵᠢᠷᠠᠬᠤ ᠶᠤᠮ ᠭᠡᠵᠤ ᠲᠠᠳᠠᠨ ᠢ ᠵᠤᠷᠢᠭᠵᠢᠭᠤᠯᠪᠠ᠃     ᠪᠦ᠋ ᠰᠢᠶᠤᠤ ᠯᠢᠨ᠂ ᠡᠨᠡ ᠵᠢᠯ ᠪᠤᠯ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠬᠠᠷᠠᠯᠳᠠ ᠶᠢ ᠪᠡᠶᠡᠯᠡᠭᠦᠯᠭᠦ ᠵᠠᠩᠬᠢᠯᠠᠭ᠎ᠠ ᠶᠢᠨ ᠵᠢᠯ ᠮᠦᠨ᠂ ᠤᠯᠤᠰ ᠲᠦᠷᠤ ᠶᠢᠨ ᠵᠤᠭᠰᠤᠴᠠ ᠪᠠᠨ ᠦᠨᠡᠨ ᠭᠦ ᠲᠡᠭᠡᠭᠰᠢᠯᠡᠭᠦᠯᠵᠤ᠂ ᠨᠠᠮ ᠤᠨ ᠲᠦᠪ ᠬᠤᠷᠢᠶᠠᠨ ᠤ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠲᠤᠰᠬᠠᠢ ᠵᠦᠢᠯ ᠤᠨ ᠲᠤᠭᠤᠷᠢᠨ ᠪᠠᠶᠢᠴᠠᠭᠠᠯᠳᠠ ᠶᠢᠨ ᠬᠠᠷᠢᠭᠤ ᠳᠤᠰᠬᠠᠬᠰᠠᠨ ᠰᠠᠨᠠᠯ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠤᠷᠤᠰᠢᠵᠤ ᠪᠠᠶᠢᠭ᠎ᠠ ᠠᠰᠠᠭᠤᠳᠠᠯ ᠢ ᠯᠠᠪᠳᠠᠭᠤᠨ ᠪᠠᠳᠤᠳᠠᠢ ᠴᠡᠭᠴᠡᠯᠡᠨ ᠰᠠᠶᠢᠵᠢᠷᠠᠭᠤᠯᠵᠤ᠂ ᠦᠨᠡᠨ ᠭᠦ ᠬᠠᠶᠢᠷ᠎ᠠ ᠰᠡᠳᠬᠢᠯᠭᠡ ᠲᠠᠢ ᠪᠠᠷ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠡᠯ᠎ᠠ ᠲᠦᠷᠦᠯ ᠤᠨ ᠠᠵᠢᠯ ᠢ ᠤᠨᠢᠨ ᠲᠡᠭᠡᠷ᠎ᠠ ᠨᠢ ᠬᠢᠵᠤ ᠪᠤᠳᠠᠳᠠᠢ ᠨᠠᠶᠢᠳᠠᠪᠤᠷᠢᠵᠢᠭᠤᠯᠤᠨ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠡᠭᠦᠷᠭᠡ ᠶᠢ ᠬᠤᠭᠤᠴᠠᠭ᠎ᠠ ᠶᠤᠰᠤᠭᠠᠷ ᠴᠢᠨᠠᠷ ᠰᠠᠶᠢᠳᠠᠢ ᠪᠡᠶᠡᠯᠡᠭᠦᠯᠭᠦ ᠭᠡᠷᠡᠭᠳᠠᠢ᠃ ᠠᠵᠤ ᠦᠢᠯᠡᠰ᠂ ᠰᠤᠷᠭᠠᠨ ᠭᠦᠮᠤᠵᠢᠯ᠂ ᠡᠷᠡᠭᠦᠯ ᠮᠠᠨᠳᠤ᠂ ᠨᠡᠶᠢᠭᠡᠮ ᠤᠨ ᠪᠠᠳᠤᠯᠠᠭ᠎ᠠ ᠵᠡᠷᠭᠡ ᠲᠠᠯ᠎ᠠ ᠶᠢᠨ ᠶᠠᠳᠠᠭᠤ ᠶᠢ ᠲᠡᠳᠭᠦᠭᠦ ᠠᠵᠢᠯ ᠢ ᠭᠦᠨᠵᠡᠭᠡᠢ ᠭᠡᠷᠡᠭᠵᠢᠭᠦᠯᠵᠤ᠂ ᠶᠠᠳᠠᠭᠤ ᠭᠦᠴᠢᠷᠳᠠᠯᠳᠠᠢ ᠭᠠᠵᠠᠷ ᠤᠷᠤᠨ᠂ ᠶᠠᠳᠠᠭᠤ ᠭᠦᠴᠢᠷᠳᠠᠯᠳᠠᠢ ᠤᠯᠠᠨ ᠲᠦᠮᠡᠨ ᠤ ᠲᠤᠳᠤᠭᠠᠳᠤ ᠬᠦᠳᠡᠯᠭᠡᠬᠦ ᠬᠦᠴᠦᠨ ᠪᠤᠯᠤᠨ ᠦᠪᠡᠷ ᠢ ᠪᠠᠨ ᠭᠦᠭᠵᠢᠭᠦᠯᠭᠦ ᠴᠢᠳᠠᠪᠤᠷᠢ ᠶᠢ ᠴᠢᠩᠭᠠᠳᠬᠠᠵᠤ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ ᠪᠤᠳᠠᠳᠤ ᠶᠠᠪᠤᠳᠠᠯ ᠪᠤᠯᠭᠠᠨ ᠬᠤᠪᠢᠷᠠᠭᠤᠯᠬᠤ ᠭᠡᠷᠡᠭᠳᠠᠢ ᠭᠡᠵᠤ ᠴᠢᠬᠤᠯᠠᠴᠢᠯᠠᠪᠠ᠃     ᠪᠦ᠋ ᠰᠢᠶᠤᠤ ᠯᠢᠨ ᠪᠠᠰᠠ ᠷᠠᠰᠢᠶᠠᠨ ᠬᠤᠳᠠ ᠶᠢᠨ ᠰᠢᠨ᠎ᠡ ᠬᠤᠳᠠ ᠵᠡᠭᠡᠯᠢ ᠶᠢᠨ ᠰᠧᠨ᠋ᠸᠠᠩ ᠨᠡᠶᠢᠭᠡᠮ ᠲᠤᠭᠤᠷᠢᠭ ᠢᠶᠠᠷ ᠭᠦᠷᠴᠤ᠂ ᠲᠦᠭᠦᠮ ᠪᠦᠳᠤᠴᠡᠳᠤ ᠤᠷᠤᠨ ᠰᠠᠭᠤᠴᠠ ᠶᠢᠨ ᠳᠤᠭᠤᠷᠢᠬ ᠢ ᠦᠭᠡᠷᠡᠴᠢᠯᠡᠨ ᠰᠢᠨᠡᠳᠭᠡᠵᠤ ᠨᠡᠭᠦᠯᠭᠡᠵᠤ ᠲᠦᠪᠬᠢᠨᠡᠭᠦᠯᠵᠤ ᠪᠠᠶᠢᠬᠤ ᠪᠠ ᠨᠡᠶᠢᠭᠡᠮ ᠲᠤᠭᠤᠷᠢᠭ ᠤᠨ ᠶᠡᠷᠤᠩᠬᠡᠶᠢᠯᠡᠭᠰᠠᠨ ᠦᠢᠯᠡᠴᠢᠯᠡᠭᠡ ᠵᠡᠷᠭᠡ ᠲᠠᠯ᠎ᠠ ᠶᠢᠨ ᠪᠠᠶᠢᠳᠠᠯ ᠢ ᠦᠢᠯᠡᠭᠠᠵᠤ᠂ ᠲᠦᠭᠦᠮ ᠪᠦᠳᠤᠴᠡᠳᠤ ᠤᠷᠤᠨ ᠰᠠᠭᠤᠴᠠ ᠶᠢᠨ ᠳᠤᠭᠤᠷᠢᠬ ᠢ ᠦᠭᠡᠷᠡᠴᠢᠯᠡᠨ ᠰᠢᠨᠡᠳᠭᠡᠭᠦ ᠡᠨᠡ ᠭᠦ ᠴᠢᠬᠤᠯᠠ ᠶᠡᠭᠡ ᠠᠷᠠᠳ ᠤᠨ ᠠᠮᠢᠳᠤᠷᠠᠯ ᠤᠨ ᠢᠨᠵᠧᠨᠧᠷᠢᠩ ᠢ ᠠᠷᠠᠳ ᠤᠨ ᠰᠡᠳᠬᠢᠯ ᠤᠨ ᠢᠨᠵᠧᠨᠧᠷᠢᠩ ᠪᠤᠯᠭᠠᠨ ᠪᠠᠶᠢᠭᠤᠯᠵᠤ᠂ ᠲᠦᠭᠦᠮ ᠪᠦᠳᠤᠴᠠᠳᠤ ᠤᠷᠤᠨ ᠰᠠᠭᠤᠴᠠ ᠶᠢᠨ ᠳᠤᠭᠤᠷᠢᠬ ᠤᠨ ᠰᠠᠭᠤᠭᠠᠯᠢ ᠠᠷᠠᠳ ᠲᠤ ᠠᠰᠢᠭ ᠭᠦᠷᠳᠡᠭᠡᠵᠤ᠂ ᠰᠠᠶᠢᠨ ᠶᠠᠪᠤᠳᠠᠯ ᠢ ᠪᠤᠳᠠᠳᠠᠢ ᠬᠢᠵᠤ ᠰᠠᠶᠢᠳᠤᠷ ᠬᠢᠭᠦ ᠭᠡᠷᠡᠭᠳᠠᠢ ᠭᠡᠵᠤ ᠴᠢᠬᠤᠯᠠᠴᠢᠯᠠᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号