ᠮᠠ ᠵᠢᠢ ᠴᠧᠩ
ᠨᠡᠶᠢᠲᠡᠯᠡᠭᠰᠡᠨ ᠴᠠᠭ᠄
2019-04-18
ᠮᠠ ᠵᠢᠢ ᠴᠧᠩ      ᠲᠤᠮᠳᠠᠳᠤ ᠤᠯᠤᠰ ᠤᠨ ᠡᠪ ᠬᠠᠮᠳᠤ ᠨᠠᠮ ᠤᠨ ᠷᠠᠰᠢᠶᠠᠨ ᠬᠤᠳᠠ ᠶᠢᠨ ᠨᠠᠮ ᠤᠨ ᠬᠤᠷᠢᠶ᠎ᠠ ᠶᠢᠨ ᠲᠡᠳ᠋ ᠱᠦᠵᠢ᠃ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠶᠢ ᠬᠠᠮᠵᠢᠨ ᠬᠤᠳᠠ ᠶᠢᠨ ᠨᠠᠮ ᠤᠨ ᠬᠤᠷᠢᠶ᠎ᠠ ᠶᠢᠨ ᠡᠳᠦᠷ ᠲᠤᠳᠤᠮ  ᠤᠨ ᠠᠵᠢᠯ ᠢ ᠬᠠᠷᠢᠭᠤᠴᠠᠵᠦ᠂ ᠨᠠᠮ ᠤᠨ ᠪᠠᠶᠢᠭᠤᠯᠤᠯᠳᠠ᠂ ᠨᠡᠶᠢᠭᠡᠮ ᠤᠨ ᠲᠤᠭᠳᠠᠭᠤᠨ ᠢ ᠬᠠᠮᠠᠭᠠᠯᠠᠬᠤ᠂ ᠦᠭᠡᠷᠡᠴᠢᠯᠡᠯᠳᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ᠂ ᠤᠯᠤᠰ ᠤᠨ ᠠᠮᠤᠷ ᠲᠦᠪᠰᠢᠨ᠂ ᠤᠯᠠᠨ ᠲᠦᠮᠡᠨ ᠤ ᠨᠡᠶᠢᠭᠡᠮᠯᠢᠭ  ᠪᠤᠯᠤᠨ ᠳᠠᠩᠰᠠ ᠡᠪᠬᠡᠮᠡᠯ ᠤᠨ ᠠᠵᠢᠯ ᠢ ᠬᠠᠷᠢᠭᠤᠴᠠᠵᠦ ᠪᠠᠶᠢᠨ᠎ᠠ᠃ ᠬᠤᠳᠠ ᠶᠢᠨ ᠨᠠᠮ ᠤᠨ ᠬᠤᠷᠢᠶ᠎ᠠ ᠶᠢᠨ ᠠᠯᠪᠠᠨ ᠭᠡᠷ᠂ ᠬᠤᠳᠠ ᠶᠢᠨ ᠨᠠᠮ ᠤᠨ ᠬᠤᠷᠢᠶ᠎ᠠ ᠶᠢᠨ  ᠨᠢᠭᠤᠴᠠ ᠶᠢ ᠬᠠᠮᠠᠭᠠᠯᠠᠬᠤ ᠴᠢᠬᠤᠯᠠ ᠨᠢᠬᠤᠴᠠ ᠶᠢᠨ ᠲᠤᠪᠴᠢᠶ᠎ᠠ᠂ ᠬᠦᠯᠢᠶᠡᠨ ᠠᠪᠬᠤ ᠲᠤᠪᠴᠢᠶ᠎ᠠ᠂ ᠦᠭᠡᠷᠡᠴᠢᠯᠡᠯᠳᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠦᠪᠯᠡᠯ ᠤᠨ ᠠᠯᠪᠠᠨ ᠭᠡᠷ᠂ ᠤᠯᠤᠰ ᠤᠨ ᠠᠮᠤᠷ ᠲᠦᠪᠰᠢᠨ ᠤ ᠵᠦᠪᠯᠡᠯ ᠤᠨ ᠠᠯᠪᠠᠨ ᠭᠡᠷ᠂ ᠨᠢᠭᠤᠴᠠ ᠶᠢ ᠬᠠᠮᠠᠭᠠᠯᠠᠬᠤ ᠬᠤᠷᠢᠶ᠎ᠠ ᠶᠢᠨ ᠠᠯᠪᠠᠨ ᠭᠡᠷ ᠤᠨ ᠠᠵᠢᠯ᠂ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠠᠵᠢᠯ ᠤᠨ ᠤᠳᠤᠷᠢᠳᠬᠤ ᠳᠣᠭᠤᠶᠢᠯᠠᠩ ᠤᠨ ᠠᠯᠪᠠᠨ ᠭᠡᠷ  ᠂ ᠬᠤᠳᠠ ᠶᠢᠨ ᠶᠡᠷᠦᠩᠬᠡᠢ ᠠᠵᠢᠯᠴᠢᠨ ᠤ ᠡᠪᠯᠡᠯ᠂  ᠡᠪ ᠬᠠᠮᠳᠤ ᠵᠠᠯᠠᠭᠤᠴᠤᠳ ᠤᠨ ᠡᠪᠯᠡᠯ ᠤᠨ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠡᠮᠡᠭᠳᠡᠶᠢᠴᠤᠳ ᠤᠨ ᠬᠤᠯᠪᠤᠭ᠎ᠠ᠂ ᠬᠤᠳᠠ ᠶᠢᠨ ᠵᠡᠮᠳᠡᠭᠴᠤᠳ ᠤᠨ ᠬᠤᠯᠪᠤᠭ᠎ᠠ᠂ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ᠂  ᠰᠢᠨᠵᠢᠯᠡᠬᠦ ᠤᠬᠠᠭᠠᠨ ᠲᠧᠭᠨᠢᠭ ᠮᠡᠷᠭᠡᠵᠢᠯ   ᠤᠨ ᠨᠡᠶᠢᠭᠡᠮᠯᠢᠭ᠂ ᠡᠷᠳᠡ ᠴᠢᠯᠦᠭᠡᠯᠡᠭᠳᠡᠭᠰᠡᠨ ᠤᠷᠤᠨ ᠤ ᠪᠦᠳᠦᠭᠡᠨ ᠪᠠᠶᠢᠭᠤᠯᠤᠯᠳᠠ ᠶᠢ ᠠᠬᠢᠭᠤᠯᠬᠤ ᠬᠤᠷᠠᠯ᠂ ᠨᠠᠰᠤᠳᠠᠶᠢᠴᠤᠳ ᠤᠨ ᠪᠡᠶ᠎ᠡ ᠲᠠᠮᠢᠷ ᠤᠨ ᠨᠡᠶᠢᠭᠡᠮᠯᠢᠭ   ᠢ  ᠬᠤᠪᠢᠶᠠᠷᠯᠠᠨ  ᠬᠠᠮᠢᠶᠠᠷᠴᠤ ᠪᠠᠶᠢᠨ᠎ᠠ᠃ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠶᠢ ᠬᠠᠮᠵᠢᠨ ᠠᠷᠠᠳ ᠤᠨ ᠵᠡᠪᠰᠡᠭᠳᠦ ᠬᠦᠴᠦᠨ ᠤ ᠬᠡᠯᠳᠡᠰ ᠤᠨ ᠠᠵᠢᠯ ᠢ ᠬᠠᠷᠢᠭᠤᠴᠠᠵᠦ ᠪᠠᠶᠢᠨ᠎ᠠ᠃                 ᠬᠠᠷᠢᠯᠴᠠᠬᠤ᠄ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠤᠯᠤᠰ ᠲᠦᠷᠦ  ᠶᠢᠨ ᠵᠦᠪᠯᠡᠯᠭᠡᠨ᠂ ᠷᠠᠰᠢᠶᠠᠨ ᠳᠤ ᠰᠠᠭᠤᠭ᠎ᠠ ᠴᠡᠷᠢᠭ ᠴᠠᠭᠳᠠᠭ᠎ᠠ ᠶᠢᠨ ᠠᠩᠭᠢ᠂ ᠦ᠋ ᠴᠠ ᠭᠧᠦ ᠪᠠᠯᠭᠠᠰᠤ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号