ᠵᠢᠯ ᠪᠦᠷᠢ ᠶᠢᠨ 2 ᠳ᠋ᠤᠭᠠᠷ ᠰᠠᠷ᠎ᠠ ᠶᠢᠨ 21 ᠤ ᠡᠳᠤᠷ ᠪᠤᠯ ︽ᠲᠡᠯᠡᠬᠡᠢ ᠶᠢᠨ ᠡᠬᠡ ᠬᠡᠯᠡᠨ ᠤ ᠡᠳᠤᠷ︾ | ᠪᠤᠯᠤᠨ᠎ᠠ᠃ ᠲᠡᠭᠡᠪᠡᠯ ᠡ᠊ᠨᠠ ᠡᠳᠤᠷ ᠤᠨ ᠢᠷᠠᠯᠳᠠ ᠶᠠᠮᠠᠷ ᠤᠴᠢᠷ ᠤᠳᠬ᠎ᠠ ᠲᠠᠢ ᠪᠤᠢ᠃ 1999 ᠤᠨ ᠤ 11 | ᠳ᠋ᠤᠭᠡᠷ ᠰᠠᠷ᠎ᠠ ᠳᠤ ᠤᠯᠠᠨ ᠤᠯᠤᠰ ᠤᠨ ᠬᠤᠯᠪᠤᠭᠠᠳᠤ ᠪᠠᠶᠢᠭᠤᠯᠤᠯᠭ᠎ᠠ ᠶᠢᠨ ᠰᠤᠶᠤᠯ ᠰᠤᠷᠭᠠᠨ ᠬᠦᠮᠦᠵᠢᠯ ᠤᠨ | ᠵᠤᠬᠢᠶᠠᠨ ᠪᠠᠶᠢᠭᠤᠯᠤᠯᠳᠠ ᠶᠢᠨ ᠡᠩ ᠤᠨ ᠶᠡᠭᠡ ᠬᠤᠷᠠᠯ ᠠᠴᠠ 2000 ᠤᠨ ᠠᠴᠠ ᠡᠬᠢᠯᠡᠨ ᠵᠢᠯ ᠪᠤᠯᠭᠠᠨ ᠤ 2 | ᠳ᠋ᠤᠭᠠᠷ ᠰᠠᠷ᠎ᠠ ᠶᠢᠨ 21 ᠤ ᠡᠳᠤᠷ ᠢ ︽ᠲᠡᠯᠡᠬᠡᠢ ᠶᠢᠨ ᠡᠬᠡ ᠬᠡᠯᠡᠨ ᠤ ᠡᠳᠤᠷ︾ ᠪᠤᠯᠭᠠᠨ ᠲᠡᠮᠳᠡᠭᠯᠡᠬᠦ ᠶᠢ | ᠲᠤᠩᠬᠠᠭᠯᠠᠵᠤ᠂ ᠡᠬᠡ ᠬᠡᠯᠡ ᠪᠠᠨ ᠲᠦᠭᠡᠮᠡᠯᠵᠢᠬᠦᠯᠬᠦ ᠬᠦᠳᠡᠯᠭᠡᠭᠡᠨ ᠢ ᠠᠬᠢᠭᠤᠯᠵᠤ᠂ ᠪᠦᠬᠦ ᠪᠦᠮᠪᠤᠷᠴᠡᠭ ᠲᠡᠭᠡᠷᠡᠬᠢ | ᠤᠯᠠᠩᠬᠢ ᠬᠡᠯᠡᠨ ᠤ ᠤᠰᠠᠳᠬᠤ ᠶᠢ ᠵᠤᠭᠰᠤᠭᠠᠬᠤ ᠶᠢ ᠵᠤᠷᠢᠵᠠᠢ᠃ 2 ᠳ᠋ᠤᠭᠠᠷ ᠰᠠᠷ᠎ᠠ ᠶᠢᠨ 21 ᠤ ᠡᠳᠤᠷ ᠢ ᠡᠬᠡ | ᠬᠡᠯᠡᠨ ᠤ ᠡᠳᠤᠷ ᠢᠶᠠᠷ ᠲᠤᠭᠳᠠᠭᠠᠭᠰᠠᠨ ᠤᠴᠢᠷ ᠨᠢ ᠲᠤᠬᠠᠢ ᠶᠢᠨ ᠦᠶ᠎ᠠ ᠶᠢ ᠪᠧᠩᠭᠠᠯ ᠤᠯᠤᠰ ᠤᠨ ᠲᠤᠰᠠᠭᠠᠷ | ᠲᠤᠭᠳᠠᠨᠢᠯ ᠲᠠᠢ ᠬᠤᠯᠪᠤᠭ᠎ᠠ ᠲᠠᠢ᠃ 1952 ᠤᠨ ᠳᠤ ᠫᠠᠺᠢᠰᠲ᠋ᠠᠨ ᠤ ᠬᠠᠷᠢᠶᠠᠨ ᠳᠤ ᠪᠠᠶᠢᠭᠰᠠᠨ ᠪᠧᠩᠭᠠᠯᠴᠤᠳ | ᠦᠪᠠᠷ ᠤᠨ ᠡᠬᠡ ᠬᠡᠯᠡ ᠪᠠᠨ ᠠᠯᠪᠠᠨ ᠤ ᠬᠡᠯᠡ ᠪᠤᠯᠭᠠᠬᠤ ᠪᠠᠷ ᠵᠠᠰᠠᠭ ᠤᠨ ᠤᠷᠳᠤᠨ ᠳᠤ ᠪᠠᠨ ᠱᠠᠭᠠᠷᠳᠠᠵᠤ᠂ ᠰᠦᠷᠳᠤ | ᠵᠢᠭᠰᠠᠭᠠᠯ ᠶᠠᠪᠤᠭᠤᠯᠤᠭᠰᠠᠨ ᠪᠠᠶᠢᠨ᠎ᠠ᠃ 2 ᠳ᠋ᠤᠭᠠᠷ ᠰᠠᠷ᠎ᠠ ᠶᠢᠨ 21 ᠤ ᠡᠳᠤᠷ᠂ ᠴᠠᠭᠳᠠᠭᠠᠨ ᠤ ᠲᠠᠯ ᠠ ᠶᠢᠨ ᠬᠢᠨ | ᠡᠬᠡ ᠬᠡᠯᠡᠨ ᠤ ᠪᠠᠨ ᠲᠦᠯᠤᠭᠡ ᠵᠢᠭᠰᠠᠭᠠᠯ ᠶᠠᠪᠤᠭᠤᠯᠤᠭᠰᠠᠨ ᠬᠤᠥᠷ ᠭᠡᠮ ᠦᠭᠡᠢ ᠤᠯᠠᠨ ᠲᠦᠮᠡᠨ ᠤ ᠦᠭᠡᠳᠠ ᠠᠴᠠ | ᠵᠡᠪᠰᠡᠭ ᠬᠦᠳᠡᠯᠭᠡᠨ᠂ ᠵᠢᠭᠰᠠᠭᠠᠯ ᠶᠠᠪᠤᠭᠤᠯᠤᠭᠰᠠᠨ ᠲᠠᠪᠤᠨ ᠬᠦᠮᠤᠨ ᠤ ᠠᠮᠢ ᠶᠢ ᠬᠤᠷᠤᠭᠠᠵᠠᠢ᠃ ᠬᠤᠵᠢᠮ ᠨᠢ | ᠪᠧᠩᠭᠠᠯ ᠤᠯᠤᠰ ᠲᠤᠰᠠᠭᠠᠷ ᠲᠤᠭᠳᠠᠨᠢᠭᠰᠠᠨ ᠤ ᠲᠠᠷᠠᠭ᠎ᠠ᠂ ᠲᠡᠳᠡᠭᠡᠷ ᠠᠮᠢ ᠦᠷᠡᠭᠳᠡᠭᠰᠡᠳ ᠢᠶᠠᠨ ︽ᠡᠬᠡ ᠬᠡᠯᠡᠨ ᠤ | ᠪᠠᠭᠠᠳᠤᠷ︾ ᠢᠶᠠᠷ ᠡᠷᠬᠦᠮᠵᠢᠯᠡᠭᠰᠡᠨ ᠪᠦᠭᠡᠳ ᠲᠤᠷᠠᠰᠬᠠᠯ ᠤᠨ ᠬᠦᠰᠢᠶ᠎ᠠ ᠪᠤᠰᠬᠠᠵᠤ ᠦᠭᠬᠦᠭᠰᠡᠨ ᠪᠠᠶᠢᠳᠠᠭ᠃ 1953 | ᠤᠨ ᠠᠴᠠ ᠡᠬᠢᠯᠡᠨ ᠡᠳᠤᠭᠡ ᠪᠤᠯᠳᠠᠯ᠎ᠠ ᠡ᠊ᠨᠠ ᠡᠳᠤᠷ ᠢ ᠪᠧᠩᠭᠠᠯ ᠤᠨ ᠤᠯᠤᠰ ᠤᠨ ᠪᠠᠭᠠᠳᠤᠷᠴᠤᠳ ᠤᠨ | ᠲᠤᠷᠠᠰᠬᠠᠯ ᠤᠨ ᠡᠳᠤᠷ ᠪᠤᠯᠭᠠᠵᠤ᠂ ᠡᠬᠡ ᠬᠡᠯᠡᠨ ᠤ ᠪᠠᠭᠠᠳᠤᠷᠴᠤᠳ ᠲᠠᠭᠠᠨ ᠡᠷᠬᠦᠬᠦ ᠬᠠᠶᠢᠷ᠎ᠠ | ᠬᠦᠨᠳᠤᠳᠭᠡᠯ ᠢᠶᠠᠷ ᠢᠶᠠᠨ ᠲᠡᠮᠵᠢᠭᠤᠯᠤᠨ᠂ ᠪᠧᠩᠭᠠᠯᠴᠤᠳ ᠤᠨ ᠢᠶᠠᠨ ᠡᠬᠡ ᠬᠡᠯᠡ᠂ ᠦᠪ ᠰᠤᠶᠤᠯ ᠤᠨ ᠲᠠᠨᠢᠯᠳᠠ | ᠤᠬᠠᠮᠰᠠᠷ ᠢ ᠨᠢ ᠰᠡᠷᠬᠦᠭᠡᠨ ᠲᠠᠭᠤᠳᠠᠭᠰᠠᠭᠠᠷ ᠢᠷᠡᠭᠰᠡᠨ ᠶᠤᠮ᠃ ︵︽ᠲᠤᠮᠳᠠᠳᠤ ᠤᠯᠤᠰ ᠤᠨ ᠮᠤᠩᠭᠤᠯ ᠬᠡᠯᠡᠨ ᠤ | ᠰᠤᠨᠢᠨ ᠮᠡᠳᠡᠭᠡ ᠶᠢᠨ ᠰᠦᠯᠵᠢᠶ᠎ᠠ︾ ᠠᠴᠠ ᠰᠢᠯᠵᠢᠭᠦᠯᠪᠡ︶ |