ᠪᠦᠬᠦ ᠠᠶᠢᠮᠠᠭ ᠤᠨ ᠮᠤᠩᠭᠤᠯ ᠦᠨᠳᠤᠰᠤᠳᠡᠨ ᠤ ᠡᠮᠡᠭᠳᠡᠢ ᠵᠤᠬᠢᠶᠠᠯᠴᠢᠳ ᠤᠨ ᠵᠤᠬᠢᠶᠠᠨ ᠪᠦᠳᠤᠭᠡᠯᠭᠡ ᠶᠢᠨ ᠪᠤᠯᠪᠠᠰᠤᠷᠠᠯ ᠤᠨ ᠠᠩᠬᠢ ᠠᠮᠵᠢᠯᠳᠠᠳᠠᠢ ᠰᠠᠶᠢᠬᠠᠨ ᠶᠠᠪᠤᠭᠳᠠᠵᠠᠢ
ᠨᠡᠶᠢᠲᠡᠯᠡᠭᠰᠡᠨ ᠴᠠᠭ᠄
2019/4/26
     ᠦᠢᠷ᠎ᠠ ᠳᠤ᠂ ᠰᠢ ᠶᠢᠨ ᠫᠢᠩ ᠶᠡᠷᠤᠩᠬᠡᠢ ᠱᠦᠵᠢ ᠶᠢᠨ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠤᠯᠤᠰ ᠲᠦᠷᠥ ᠶᠢᠨ ᠵᠦᠪᠯᠡᠯᠭᠡᠨ ᠤ ᠬᠤᠶᠠᠳᠤᠭᠠᠷ ᠪᠦᠬᠦᠳᠠ ᠬᠤᠷᠠᠯᠳᠤᠭᠠᠨ ᠳᠤ ᠤᠳᠬ᠎ᠠ ᠤᠷᠠᠯᠢᠬ ᠤᠨ ᠬᠢᠨ ᠤ ᠡᠳᠡᠭᠡᠳ᠂ ᠨᠡᠶᠢᠭᠡᠮ ᠤᠨ ᠰᠢᠨᠵᠢᠯᠡᠬᠦ ᠤᠬᠠᠭᠠᠨ ᠤ ᠡᠳᠡᠭᠡᠳ ᠤᠨ ᠭᠡᠰᠢᠬᠦᠳ ᠢ ᠡᠷᠬᠢᠨ ᠦᠵᠡᠭᠰᠡᠨ ᠬᠤᠷᠠᠯ ᠲᠡᠭᠡᠷᠡᠬᠢ ᠴᠢᠬᠤᠯᠠ ᠶᠠᠷᠢᠶ᠎ᠠ ᠶᠢ ᠲᠤᠥᠱᠯᠠᠭᠤᠯᠵᠤ᠂ ᠦᠪᠡᠷᠳᠡᠭᠡᠨ ᠵᠠᠰᠠᠬᠤ ᠤᠷᠤᠨ ᠪᠠ ᠠᠶᠢᠮᠠᠭ ᠤᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠳᠡᠰ ᠤᠨ ᠲᠠᠷᠤᠭ᠎ᠠ ᠨᠠᠷ ᠤᠨ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠨ᠂ ᠪᠦᠬᠦ ᠠᠶᠢᠮᠠᠭ ᠤᠨ ᠤᠳᠬ᠎ᠠ ᠤᠷᠠᠯᠢᠭ ᠤᠨ ᠬᠢᠨ ᠤ ᠬᠤᠯᠪᠤᠭ᠎ᠠ ᠵᠤᠬᠢᠶᠠᠯᠴᠢᠳ ᠤᠨ ᠨᠡᠶᠢᠭᠡᠮᠯᠢᠭ ᠤᠨ ᠠᠵᠢᠯᠯᠠᠭ᠎ᠠ ᠶᠢᠨ ᠲᠦᠯᠤᠪᠯᠡᠭᠡ ᠶᠤᠰᠤᠭᠠᠷ᠂ ᠪᠦᠬᠦ ᠠᠶᠢᠮᠠᠭ ᠤᠨ ᠤᠷᠠᠨ ᠵᠤᠬᠢᠶᠠᠯ ᠤᠨ ᠵᠤᠬᠢᠶᠠᠨ ᠪᠦᠳᠤᠭᠡᠬᠦ ᠠᠵᠢᠯ ᠢ ᠦᠨᠡᠡᠬᠦ ᠴᠢᠬᠤᠯᠠᠴᠢᠯᠠᠨ ᠦᠵᠡᠵᠤ᠂ ᠤᠷᠠᠨ ᠵᠤᠬᠢᠶᠠᠯ ᠤᠨ ᠵᠤᠬᠢᠶᠠᠨ ᠪᠦᠳᠤᠭᠡᠯᠭᠡ ᠶᠢᠨ ᠶᠠᠰᠤ ᠴᠢᠨᠠᠷ ᠲᠤ ᠰᠢᠨ᠎ᠠ ᠲᠠᠪᠠᠯᠳᠠ ᠭᠠᠷᠭᠠᠵᠤ᠂ ᠪᠦᠬᠦ ᠤᠷᠤᠨ ᠳᠤ ᠨᠦᠯᠤᠭᠡ ᠶᠠᠬᠡᠳᠠᠢ ᠵᠤᠬᠢᠶᠠᠯᠴᠢᠳ ᠢ ᠬᠦᠮᠤᠵᠢᠬᠦᠯᠤᠨ ᠪᠤᠯᠪᠠᠰᠤᠷᠠᠭᠤᠯᠵᠤ᠂ ᠬᠢᠩᠭᠠᠨ ᠤ ᠤᠷᠠᠨ ᠵᠤᠬᠢᠶᠠᠯ ᠤᠨ ᠰᠢᠨ᠎ᠠ ᠦᠵᠡᠭᠳᠡᠯ ᠰᠢᠨ᠎ᠠ ᠲᠡᠭᠡᠭᠰᠢᠯᠡᠯᠳᠠ ᠶᠢ ᠠᠪᠴᠢᠷᠠᠨ᠂ ᠤᠨᠴᠠᠭᠠᠢᠢᠯᠠᠨ ᠡᠮᠡᠭᠳᠠᠢ ᠵᠤᠬᠢᠶᠠᠯᠴᠢᠳ ᠤᠨ ᠵᠤᠬᠢᠶᠠᠨ ᠪᠦᠳᠤᠭᠡᠯᠭᠡ ᠳᠤ ᠰᠢᠨ᠎ᠠ ᠰᠢᠪᠳᠤᠯᠤᠯᠳᠠ ᠭᠠᠷᠭᠠᠨ᠂ ᠵᠤᠬᠢᠶᠠᠯᠴᠢᠳ ᠤᠨ ᠵᠤᠬᠢᠶᠠᠨ ᠪᠦᠳᠤᠭᠡᠯᠭᠡ ᠳᠤ ᠤᠯᠵᠤ ᠠᠯᠳᠠᠵᠤ ᠪᠠᠶᠢᠭ᠎ᠠ ᠵᠦᠢᠯᠡᠰ ᠢ ᠴᠠᠭ ᠲᠤᠬᠠᠢ ᠳᠤᠨᠢ ᠵᠢᠭᠠᠵᠤ᠂ ᠤᠷᠮᠠᠰᠢᠭᠤᠯᠤᠨ ᠬᠦᠭᠵᠢᠭᠡᠬᠦ ᠪᠠᠷ ᠵᠤᠷᠢᠯᠭ᠎ᠠ ᠪᠤᠯᠭᠠᠭᠰᠠᠨ᠂ ᠪᠦᠬᠦ ᠠᠶᠢᠮᠠᠭ ᠤᠨ ᠮᠤᠩᠭᠤᠯ ᠦᠨᠳᠤᠰᠤᠳᠡᠨ ᠤ ᠡᠮᠡᠭᠳᠠᠢ ᠵᠤᠬᠢᠶᠠᠯᠴᠢᠳ ᠤᠨ ᠵᠤᠬᠢᠶᠠᠨ ᠪᠦᠳᠤᠭᠡᠯᠭᠡ ᠶᠢᠨ ᠪᠤᠯᠪᠠᠰᠤᠷᠠᠯ ᠤᠨ ᠠᠩᠬᠢ ᠠᠮᠵᠢᠯᠳᠠᠳᠠᠢ ᠰᠠᠶᠢᠬᠠᠨ ᠶᠠᠪᠤᠭᠳᠠᠭᠰᠠᠨ ᠪᠠᠶᠢᠨ᠎ᠠ᠃ ᠪᠤᠯᠪᠠᠰᠤᠷᠠᠯ ᠳᠤ ᠠᠶᠢᠮᠠᠭ ᠤᠨ ᠵᠤᠬᠢᠶᠠᠯᠴᠢᠳ ᠤᠨ ᠨᠡᠶᠢᠭᠡᠮᠯᠢᠭ ᠤᠨ ᠬᠠᠮᠢᠶ᠎ᠠ ᠪᠦᠬᠦᠢ ᠤᠳᠤᠷᠢᠳᠤᠯᠭ᠎ᠠ ᠵᠢᠴᠢ ᠡᠯ᠎ᠠ ᠬᠤᠰᠢᠭᠤ ᠬᠤᠳᠠ ᠶᠢᠨ ᠵᠤᠬᠢᠶᠠᠨ ᠪᠦᠳᠤᠭᠡᠯᠭᠡ ᠳᠤ ᠳᠤᠷ᠎ᠠ ᠪᠠᠭ᠋ᠠᠳᠠᠢ ᠡᠮᠡᠭᠳᠠᠢ ᠵᠤᠬᠢᠶᠠᠯᠴᠢᠳ ᠤᠷᠤᠯᠴᠠᠭᠰᠠᠨ ᠪᠠᠶᠢᠨ᠎ᠠ᠃ ᠪᠤᠯᠪᠠᠰᠤᠷᠠᠯ ᠳᠤ᠂ ᠠᠯᠳᠠᠨ ᠬᠢᠩᠭᠠᠨ ᠰᠡᠳᠬᠦᠯ ᠤᠨ ᠶᠡᠷᠤᠩᠬᠡᠢ ᠨᠠᠶᠢᠷᠠᠭᠤᠯᠤᠭᠴᠢ ᠲᠦᠪᠵᠠᠶᠠᠭ᠎ᠠ ᠠᠴᠠ ᠰᠢᠨ᠎ᠠ ᠪᠠᠷ ᠨᠠᠶᠢᠷᠠᠭᠤᠯᠤᠭᠰᠠᠨ ︽ᠠᠯᠳᠠᠨ ᠬᠢᠩᠭᠠᠨ ᠤ ᠠᠩᠬᠢᠯᠤᠮ᠎ᠠ ᠴᠡᠴᠡᠭᠡᠰ︾ ᠭᠡᠬᠦ ᠪᠦᠬᠦ ᠠᠶᠢᠮᠠᠭ ᠤᠨ ᠡᠮᠡᠭᠳᠠᠢ ᠵᠤᠬᠢᠶᠠᠯᠴᠢᠳ ᠤᠨ ᠤᠷᠠᠨ ᠵᠤᠬᠢᠶᠠᠯ ᠤᠨ ᠰᠤᠩᠭᠤᠮᠠᠯ ᠢ ᠡᠯ᠎ᠠ ᠬᠤᠰᠢᠭᠤ ᠬᠤᠳᠠ ᠶᠢᠨ ᠡᠮᠡᠭᠳᠠᠢ ᠵᠤᠬᠢᠶᠠᠯᠴᠢᠳ ᠲᠤ ᠪᠡᠯᠡᠭᠯᠡᠭᠰᠡᠨ ᠪᠠᠶᠢᠨ᠎ᠠ᠃ ᠲᠠᠷᠠᠭ᠎ᠠ ᠳᠤᠨᠢ ᠮᠠᠨ ᠤ ᠠᠶᠢᠮᠠᠭ ᠤᠨ ᠤᠷᠠᠨ ᠵᠤᠬᠢᠶᠠᠯ ᠤᠨ ᠰᠢᠬᠦᠮᠵᠢᠯᠡᠭᠴᠢ᠂ ᠵᠤᠬᠢᠶᠠᠯᠴᠢ ᠰᠠᠶᠢᠨᠬᠡᠰᠢᠭ ᠠᠴᠠ ᠮᠠᠨ ᠤ ᠠᠶᠢᠮᠠᠭ ᠤᠨ ᠢᠷᠠᠭᠤ ᠨᠠᠶᠢᠷᠠᠭ᠂ ᠨᠤᠮ ᠬᠡᠪᠯᠡᠯ᠂ ᠵᠤᠬᠢᠶᠠᠯ ᠨᠡᠶᠢᠳᠡᠯᠡᠭᠰᠡᠨ ᠡᠮᠡᠭᠳᠡᠢ ᠵᠤᠬᠢᠶᠠᠯᠴᠢ ᠶᠢᠨ ᠪᠠᠶᠢᠳᠠᠯ ᠢ ᠲᠠᠨᠢᠯᠴᠠᠭᠤᠯᠤᠭᠰᠠᠨ ᠤ ᠬᠠᠮᠳᠤ ᠤᠷ᠎ᠠ ᠮᠡᠷᠭᠡᠰᠢᠯ ᠢᠶᠠᠨ ᠬᠡᠷᠬᠢᠨ ᠲᠡᠭᠡᠭᠰᠢᠯᠡᠬᠦᠯᠬᠦ ᠲᠤᠬᠠᠢ ᠵᠢᠯᠤᠭᠤᠳᠤᠯᠭ᠎ᠠ ᠬᠢᠭᠰᠡᠨ ᠪᠠ ᠠᠶᠢᠮᠠᠭ ᠤᠨ ᠵᠤᠬᠢᠶᠠᠯᠴᠢᠳ ᠤᠨ ᠨᠡᠶᠢᠭᠡᠮᠯᠢᠭ ᠤᠨ ᠲᠡᠳ᠋ ᠲᠡᠷᠢᠬᠦᠯᠡᠭᠴᠢ ᠸ᠊ · ᠬᠠᠰ ᠠᠴᠠ ᠤᠷᠠᠨ ᠵᠤᠬᠢᠶᠠᠯ᠂ ᠨᠠᠶᠢᠷᠠᠭᠤᠯᠤᠯ ᠤᠨ ᠪᠦᠳᠤᠭᠡᠯ᠂ ᠮᠡᠳᠡᠭᠡᠯᠡᠯ ᠤᠨ ᠤᠷᠠᠨ ᠵᠤᠬᠢᠶᠠᠯ ᠵᠡᠷᠭᠡ ᠠᠭᠤᠯᠭ᠎ᠠ ᠪᠠᠷ ᠲᠤᠰᠬᠠᠢ ᠲᠠᠶᠢᠯᠪᠤᠷᠢᠯᠠᠯᠳᠠ ᠬᠢᠵᠠᠢ᠃ ᠬᠤᠶᠠᠷ ᠪᠠᠭᠰᠢ ᠶᠢᠨ ᠶᠠᠷᠢᠭᠰᠠᠨ ᠢ ᠰᠤᠨᠤᠰᠤᠭᠰᠠᠨ ᠤ ᠲᠠᠷᠠᠭ᠎ᠠ ᠡᠮᠡᠭᠳᠠᠢ ᠵᠤᠬᠢᠶᠠᠯᠴᠢᠳ ᠠᠴᠠ ᠪᠤᠯᠪᠠᠰᠤᠷᠠᠯ ᠳᠤ ᠤᠷᠤᠯᠴᠠᠭᠰᠠᠨ ᠤᠯᠤᠯᠳᠠ ᠲᠦᠷᠥᠭᠳᠡᠯ᠂ ᠬᠤᠵᠢᠮ ᠤᠨ ᠵᠤᠬᠢᠶᠠᠨ ᠪᠦᠳᠤᠭᠡᠯ ᠤᠨ ᠲᠤᠬᠠᠢ ᠲᠦᠯᠤᠪᠯᠡᠭᠡ ᠪᠠᠨ ᠴᠢᠯᠤᠭᠡᠳᠠᠢ ᠶᠠᠷᠢᠯᠴᠠᠭᠰᠠᠨ ᠪᠦᠭᠡᠳ ᠵᠤᠬᠢᠶᠠᠨ ᠪᠢᠴᠢᠯᠭᠡ ᠶᠢᠨ ᠲᠤᠮᠳᠠ ᠲᠤᠯᠭᠠᠷᠠᠵᠤ ᠪᠠᠶᠢᠭ᠎ᠠ ᠠᠰᠠᠭᠤᠳᠠᠯ ᠢᠶᠠᠨ ᠲᠤᠷᠠᠳᠴᠤ᠂ ᠪᠦᠬᠦᠳᠡᠭᠡᠷ ᠢᠶᠠᠨ ᠬᠠᠮᠳᠤᠪᠠᠷ ᠶᠠᠷᠢᠯᠴᠠᠭᠰᠠᠨ ᠪᠠᠶᠢᠨ᠎ᠠ ᠃ ︽ᠲᠤᠰ ᠤᠳᠠᠭᠠᠨ ᠤ ᠡᠮᠡᠭᠳᠠᠢ ᠵᠤᠬᠢᠶᠠᠯᠴᠢᠳ ᠤᠨ ᠪᠤᠯᠪᠠᠰᠤᠷᠠᠯ ᠤᠨ ᠠᠩᠬᠢ ᠳᠤ ᠤᠷᠤᠯᠴᠠᠭᠠᠳ ᠤᠯᠤᠯᠳᠠ ᠲᠦᠷᠥᠭᠳᠡᠯ ᠤᠯᠠᠨ ᠪᠠᠶᠢᠨ᠎ᠠ᠃ ᠮᠠᠨ ᠤ ᠡᠮᠡᠭᠳᠠᠢ ᠵᠤᠬᠢᠶᠠᠯᠴᠢᠳ ᠢ ᠠᠶᠢᠮᠠᠭ ᠬᠤᠰᠢᠭᠤ ᠠᠴᠠ ᠲᠡᠳᠬᠦᠨ ᠬᠠᠯᠠᠮᠵᠢᠯᠠᠵᠤ ᠵᠤᠷᠢᠭᠵᠢᠭᠤᠯᠵᠤ ᠪᠠᠶᠢᠭ᠎ᠠ ᠳᠤ ᠲᠤᠩ ᠪᠠᠶᠠᠷᠯᠠᠵᠤ ᠪᠤᠢ᠃ ᠪᠠᠭᠰᠢ ᠪᠠ ᠡᠮᠡᠭᠳᠠᠢ ᠵᠤᠬᠢᠶᠠᠯᠴᠢ ᠪᠤᠯᠤᠭᠰᠠᠨ ᠤ ᠬᠤᠪᠢ ᠠᠴᠠ ᠬᠤᠵᠢᠮ ᠪᠢ ᠨᠡᠩ ᠤᠯᠠᠨ ᠰᠢᠯᠢᠳᠡᠭ ᠪᠦᠳᠤᠭᠡᠯ ᠵᠤᠬᠢᠶᠠᠨ ᠪᠦᠳᠤᠭᠡᠵᠤ ᠤᠷᠤᠨ ᠨᠤᠳᠤᠭ ᠤᠨ ᠨᠡᠷ᠎ᠠ ᠠᠯᠳᠠᠷ ᠢᠶᠠᠨ ᠭᠠᠶᠢᠬᠠᠭᠤᠯᠬᠤ ᠪᠠᠷ ᠴᠢᠷᠮᠠᠶᠢᠨ᠎ᠠ︾ ᠭᠡᠵᠤ ᠲᠤᠰ ᠤᠳᠠᠭᠠᠨ ᠤ ᠪᠤᠯᠪᠰᠤᠷᠠᠯ ᠳᠤ ᠤᠷᠤᠯᠴᠠᠭᠰᠠᠨ ᠢᠨᠳᠡᠷ ᠲᠠᠬᠢ ᠬᠤᠶᠠᠳᠤᠭᠠᠷ ᠪᠠᠭ᠎ᠠ ᠰᠤᠷᠭᠠᠭᠤᠯᠢ ᠶᠢᠨ ᠪᠤᠷᠵᠢᠬᠢᠨ ᠤᠯᠠᠭᠠᠨᠳᠤᠶᠠᠭ᠎ᠠ ᠤᠷᠮᠠᠳᠠᠢ ᠶᠠᠷᠢᠵᠤ ᠪᠠᠶᠢᠯ᠎ᠠ᠃ ᠵᠢᠷᠤᠬ ᠲᠤ ︽ᠠᠯᠳᠠᠨ ᠬᠢᠩᠭᠠᠨ ᠤ ᠠᠩᠬᠢᠯᠤᠮ᠎ᠠ ᠴᠡᠴᠡᠭᠡᠰ︾ ᠤᠷᠠᠨ ᠵᠤᠬᠢᠶᠠᠯ ᠤᠨ ᠰᠤᠩᠭᠤᠮᠡᠯ ᠢ ᠡᠮᠡᠭᠳᠠᠢ ᠵᠤᠬᠢᠶᠠᠯᠴᠢᠤᠨ ᠲᠤ ᠪᠡᠯᠡᠭᠯᠡᠵᠤ ᠪᠤᠢ᠃
 
ᠢᠷᠡᠯᠲᠡ᠄ ᠬᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号