ᠰᠢ ᠶᠢᠨ ᠫᠢᠩ ᠶᠡᠷᠤᠩᠬᠡᠢ ᠱᠦᠵᠢ ᠶᠢᠨ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠦᠷᠥ ᠶᠢᠨ ᠤᠨᠤᠯ ᠤᠨ ᠬᠢᠴᠢᠶᠡᠯ ᠤᠨ ᠪᠠᠭᠰᠢ ᠨᠠᠷ ᠤᠨ ᠶᠠᠷᠢᠯᠴᠠᠬᠤ ᠬᠤᠷᠠᠯ ᠲᠡᠭᠡᠷᠡᠬᠢ ᠴᠢᠬᠤᠯᠠ ᠶᠠᠷᠢᠶ᠎ᠠ ᠮᠠᠨ ᠤ ᠠᠶᠢᠮᠠᠭ ᠤᠨ ᠲᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠨᠠᠷ ᠤᠨ ᠲᠤᠮᠳᠠ ᠴᠢᠩᠭ᠎ᠠ ᠲᠤᠰᠬᠠᠯ ᠭᠠᠷᠴᠤ ᠪᠤᠢ
ᠨᠡᠶᠢᠲᠡᠯᠡᠭᠰᠡᠨ ᠴᠠᠭ᠄
2019-04-26
     ᠨᠠᠮ ᠤᠨ ᠲᠦᠪ ᠬᠤᠷᠢᠶᠠᠨ ᠤ ᠶᠡᠷᠤᠩᠬᠡᠢ ᠱᠦᠵᠢ᠂ ᠤᠯᠤᠰ ᠤᠨ ᠲᠡᠷᠢᠬᠦᠯᠡᠭᠴᠢ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠬᠦᠯᠡᠭᠴᠢ ᠰᠢ ᠶᠢᠨ ᠫᠢᠩ 3 ᠰᠠᠷ᠎ᠠ ᠶᠢᠨ 18 ᠤ ᠦᠳᠠ ᠶᠢᠨ ᠡᠮᠤᠨ᠎ᠠ ᠪᠡᠭᠡᠵᠢᠭ ᠳᠤ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠦᠷᠥ ᠶᠢᠨ ᠤᠨᠤᠯ ᠤᠨ ᠬᠢᠴᠢᠶᠡᠯ ᠤᠨ ᠪᠠᠭᠰᠢ ᠨᠠᠷ ᠤᠨ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠤᠭᠰᠠᠨ ᠪᠦᠭᠡᠳ ᠴᠢᠬᠤᠯᠠ ᠶᠠᠷᠢᠶ᠎ᠠ ᠲᠠᠯᠪᠢᠵᠠᠢ᠃ ᠡᠬᠦᠨ ᠳᠤ᠂ ᠮᠠᠨ ᠤ ᠠᠶᠢᠮᠠᠭ ᠤᠨ ᠲᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠨᠠᠷ ᠲᠠᠷᠤᠢ ᠳᠦᠷᠭᠡᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠵᠤ᠂ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠦᠷᠦ ᠶᠢᠨ ᠤᠨᠤᠯ ᠤᠨ ᠪᠤᠳᠠᠳᠤ ᠠᠵᠢᠯᠯᠠᠭ᠎ᠠ ᠲᠡᠭᠡᠷ᠎ᠠ ᠪᠠᠨ ᠲᠤᠭᠤᠰᠢᠯᠠᠭᠤᠯᠵᠤ ᠪᠠᠶᠢᠨ᠎ᠠ᠃ ᠤᠯᠠᠭᠠᠨᠬᠤᠳᠠ ᠮᠤᠩᠭᠤᠯ ᠠᠩᠬ᠎ᠠ ᠵᠡᠷᠭᠡ ᠶᠢᠨ ᠲᠤᠮᠳᠠᠳᠤ ᠰᠤᠷᠭᠠᠭᠤᠯᠢ ᠶᠢᠨ ᠪᠠᠭᠰᠢ ᠪᠠᠢ ᠰᠢᠥ ᠶᠢᠩ᠄ ︽ᠪᠢ ᠰᠢ ᠶᠢᠨ ᠫᠢᠩ ᠶᠡᠷᠤᠩᠬᠡᠢ ᠱᠦᠵᠢ ᠶᠢᠨ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠦᠷᠥ ᠶᠢᠨ ᠤᠨᠤᠯ ᠤᠨ ᠬᠢᠴᠢᠶᠡᠯ ᠤᠨ ᠪᠠᠭᠰᠢ ᠨᠠᠷ ᠤᠨ ᠶᠠᠷᠢᠯᠴᠠᠬᠤ ᠬᠤᠷᠠᠯ ᠲᠡᠭᠡᠷᠡᠬᠢ ᠴᠢᠬᠤᠯᠠ ᠶᠠᠷᠢᠶ᠎ᠠ ᠶᠢ ᠰᠤᠷᠤᠯᠴᠠᠭᠠᠳ ᠤᠯᠤᠯᠳᠠ ᠲᠦᠷᠥᠭᠳᠡᠯ ᠤᠯᠠᠨ ᠪᠤᠢ᠃ ᠰᠢ ᠶᠢᠨ ᠫᠢᠩ ᠶᠡᠷᠤᠩᠬᠡᠢ ᠱᠦᠵᠢ ᠶᠠᠷᠢᠶᠠᠨ ᠳᠤ ᠪᠠᠨ ︿ᠲᠤᠮᠳᠠᠳᠤ ᠤᠯᠤᠰ ᠤᠨ ᠶᠠᠪᠤᠳᠠᠯ ᠢ ᠰᠠᠶᠢᠳᠤᠷ ᠬᠢᠬᠦ ᠶᠢᠨ ᠵᠠᠩᠬᠢᠯᠠᠭ᠎ᠠ ᠨᠢ ᠨᠠᠮ ᠳᠤ ᠪᠤᠢ᠃ ᠰᠤᠷᠭᠠᠭᠤᠯᠢ ᠶᠢᠨ ᠨᠠᠮ ᠤᠨ ᠬᠤᠷᠢᠶ᠎ᠠ ᠶᠢ ᠴᠢᠩᠭ᠎ᠠ ᠬᠠᠮᠢᠶᠠᠷᠬᠤ ᠪᠠ ᠰᠢᠨᠵᠢᠯᠡᠬᠦ ᠤᠬᠠᠭᠠᠨᠴᠢ ᠪᠠᠷ ᠵᠠᠰᠠᠬᠤ ᠶᠢ ᠤᠶᠠᠯᠳᠤᠭᠤᠬᠤ ᠶᠢ ᠪᠠᠷᠢᠮᠳᠠᠯᠠᠬᠤ ᠬᠡᠷᠡᠭᠳᠠᠢ﹀ ᠭᠡᠵᠤ ᠱᠠᠭᠠᠷᠳᠠᠭᠰᠠᠨ ᠪᠠᠶᠢᠨ᠎ᠠ᠃ ᠡ᠊ᠨᠠ ᠨᠢ ᠰᠤᠷᠭᠠᠭᠤᠯᠢ ᠶᠢᠨ ᠨᠠᠮ ᠤᠨ ᠡᠬᠦᠷ ᠤᠨ ᠲᠡᠳ᠋ ᠱᠦᠵᠢ ᠪᠤᠯᠤᠭᠰᠠᠨᠨ ᠨᠠᠳᠠ ᠳᠤ ᠠᠪᠴᠤ ᠬᠡᠯᠡᠪᠡᠯ᠂ ᠬᠤᠵᠢᠮ ᠤᠨ ᠰᠤᠷᠭᠠᠭᠤᠯᠢ ᠶᠢᠨ ᠨᠠᠮ ᠤᠨ ᠡᠬᠦᠷ ᠤᠨ ᠠᠵᠢᠯ ᠢ ᠰᠠᠶᠢᠳᠤᠷ ᠬᠢᠬᠦ ᠳᠤ ᠪᠤᠳᠠᠳᠠᠢ ᠵᠢᠯᠤᠭᠤᠳᠤᠯᠭ᠎ᠠ ᠪᠤᠯᠵᠤ᠂ ᠨᠠᠮ ᠤᠨ ᠡᠬᠦᠷ ᠤᠨ ᠠᠵᠢᠯ ᠢ ᠪᠤᠳᠠᠳᠠᠢ ᠵᠢᠭᠠᠨ ᠰᠤᠷᠭᠠᠯᠳᠠ ᠳᠤ ᠬᠦᠨᠵᠡᠭᠡᠢ ᠲᠤᠭᠤᠰᠢᠯᠠᠭᠤᠯᠬᠤ ᠴᠢᠬᠤᠯᠠ ᠴᠢᠨᠠᠷ ᠢ ᠬᠦᠨ ᠤᠢᠢᠯᠠᠭᠠᠪᠡ᠃ ᠲᠠᠷᠠᠭᠠᠴᠢ ᠶᠢᠨ ᠠᠵᠢᠯ ᠳᠤ ᠪᠠᠨ ᠪᠢ ᠰᠤᠷᠭᠠᠭᠤᠯᠢ ᠶᠢᠨ ᠤᠳᠤᠷᠢᠳᠬᠤ ᠪᠠᠭ᠂ ᠪᠠᠭᠰᠢ ᠠᠵᠢᠯᠳᠠᠨ᠂ ᠤᠨᠴᠠᠭᠠᠢᠢᠯᠠᠨ ᠤᠯᠤᠰ ᠲᠦᠷᠥ ᠰᠤᠷᠭᠠᠨ ᠬᠦᠮᠤᠵᠢᠯ ᠤᠨ ᠪᠠᠭᠰᠢ ᠨᠠᠷ ᠲᠠᠢ ᠢᠯᠡᠬᠦᠬᠡᠨ ᠬᠠᠷᠢᠯᠴᠠᠵᠤ᠂ ᠬᠠᠮᠢᠶᠠᠷᠤᠯᠳᠠ ᠪᠠ ᠵᠢᠭᠠᠨ ᠰᠤᠷᠭᠠᠯᠳᠠ ᠶᠢᠨ ᠬᠠᠷᠠᠯᠳᠠ ᠪᠠᠨ ᠤᠯᠠᠮ ᠨᠢᠭᠡ ᠠᠯᠬᠤᠮ ᠰᠢᠨᠡᠳᠭᠡᠨ᠂ ᠰᠢᠨ᠎ᠠ ᠴᠠᠭ ᠦᠶ᠎ᠠ ᠶᠢᠨ ᠰᠢᠨ᠎ᠠ ᠰᠡᠳᠬᠢᠴᠠ ᠪᠠᠷ ᠨᠡᠶᠢᠭᠡᠮ ᠵᠢᠷᠤᠮ ᠤᠨ ᠭᠤᠥᠯᠯᠠᠭᠴᠢ ᠦᠷᠳᠡᠭ ᠤᠨ ᠦᠵᠡᠯᠳᠠ ᠶᠢ ᠰᠤᠷᠭᠠᠨ ᠬᠦᠮᠤᠵᠢᠯ ᠤᠨ ᠵᠢᠭᠠᠨ ᠰᠤᠷᠭᠠᠯᠳᠠ ᠶᠢᠨ ᠪᠦᠬᠦ ᠶᠠᠪᠤᠴᠠ ᠳᠤ ᠲᠤᠭᠤᠰᠢᠯᠠᠭᠤᠯᠬᠤ ᠪᠠᠷ ᠴᠢᠷᠮᠠᠶᠢᠨ᠎ᠠ︾ ᠭᠡᠵᠤ ᠶᠠᠷᠢᠨ᠎ᠠ᠃ ᠤᠯᠠᠭᠠᠨᠬᠤᠳᠠ ᠮᠤᠩᠭᠤᠯ ᠦᠨᠳᠤᠰᠤᠳᠡᠨ ᠤ ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ ᠶᠤᠰᠤ ᠰᠤᠷᠳᠠᠬᠤᠨ ᠤ ᠠᠵᠢᠯ ᠢ ᠬᠠᠷᠢᠭᠤᠴᠠᠵᠤ ᠪᠠᠶᠢᠭ᠎ᠠ ᠵᠠᠩ ᠬᠦᠸᠧ ᠴᠢᠩ ᠪᠠᠭᠰᠢ᠄ ︽ᠰᠢ ᠶᠢᠨ ᠫᠢᠩ ᠶᠡᠷᠤᠩᠬᠡᠢ ᠱᠦᠵᠢ ᠶᠢᠨ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠳᠦᠷᠦ ᠶᠢᠨ ᠤᠨᠤᠯ ᠤᠨ ᠬᠢᠴᠢᠶᠡᠯ ᠤᠨ ᠪᠠᠭᠰᠢ ᠨᠠᠷ ᠤᠨ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶ᠎ᠠ ᠶᠢ ᠸᠢᠴᠠᠲ ᠳᠡᠭᠡᠷ᠎ᠡ ᠠᠴᠠ ᠰᠤᠷᠤᠯᠴᠠᠬᠤ ᠪᠠᠷ ᠳᠠᠮᠵᠢᠨ᠂ ᠨᠠᠮ ᠤᠨ ᠰᠤᠷᠭᠠᠨ ᠬᠦᠮᠦᠵᠢᠯ ᠤᠨ ᠴᠢᠭᠯᠡᠯᠳᠡ ᠶᠢ ᠳᠤᠭᠤᠰᠢᠯᠠᠭᠤᠯᠵᠤ᠂ ᠶᠤᠰᠤ ᠰᠤᠷᠳᠠᠬᠤᠨ ᠢᠶᠠᠷ ᠬᠦᠮᠦᠨ ᠢ ᠬᠦᠮᠦᠵᠢᠭᠦᠯᠬᠦ ᠦᠨᠳᠦᠰᠦᠨ ᠡᠭᠦᠷᠭᠡ ᠪᠠᠨ ᠤᠯᠠᠮ ᠳᠤᠳᠤᠷᠬᠠᠢ ᠪᠤᠯᠭᠠᠨ᠂ ᠨᠢᠭᠡᠨ ᠪᠠᠭ᠎ᠠ ᠰᠤᠷᠭᠠᠭᠤᠯᠢ ᠶᠢᠨ ᠶᠤᠰᠤ ᠰᠤᠷᠳᠠᠬᠤᠨ ᠬᠢᠭᠡᠳ ᠬᠠᠤᠯᠢ ᠪᠠᠷ ᠵᠠᠰᠠᠬᠤᠢ ᠬᠢᠴᠢᠶᠡᠯ ᠤᠨ ᠵᠢᠭᠠᠨ ᠵᠢᠯᠤᠭᠤᠳᠬᠤ ᠠᠵᠢᠯ ᠢ ᠳᠠᠭᠠᠭᠠᠴᠢᠯᠠᠨ ᠬᠢᠵᠦ ᠪᠠᠶᠢᠭ᠎ᠠ ᠳᠤ ᠪᠠᠨ ᠦᠪᠡᠷ ᠤᠨ ᠮᠦᠷᠦᠨ ᠳᠡᠭᠡᠷᠡᠬᠢ ᠡᠭᠦᠷᠭᠡ ᠬᠠᠷᠢᠭᠤᠴᠠᠯᠭ᠎ᠠ ᠶᠢᠨ ᠬᠦᠨᠳᠦ ᠴᠢᠬᠤᠯᠠ ᠭᠡᠳᠡᠭ ᠢᠶᠠᠨ ᠨᠡᠩ ᠭᠦᠨ ᠳᠠᠨᠢᠯᠲᠠ ᠲᠠᠢ ᠪᠤᠯᠵᠠᠢ᠃ ᠪᠠᠭ᠎ᠠ ᠰᠤᠷᠭᠠᠭᠤᠯᠢ ᠶᠢᠨ ᠰᠤᠷᠭᠠᠨ ᠬᠦᠮᠦᠵᠢᠯ ᠪᠤᠯ ᠬᠡᠤᠬᠡᠳ ᠤᠨ ᠨᠠᠰᠤᠨ ᠳᠤᠷᠰᠢᠳᠠ ᠶᠢᠨ ᠦᠰᠦᠨ ᠪᠤᠶᠢᠵᠢᠯᠳᠠ ᠶᠢᠨ ᠰᠠᠭᠤᠷᠢ ᠪᠤᠯᠤᠨ᠎ᠠ᠃ ᠡᠶᠢᠮᠦ ᠠᠴᠠ ᠪᠠᠭᠰᠢ ᠪᠤᠯᠤᠭᠰᠳ ᠶᠠᠮᠠᠷ ᠬᠦᠮᠦᠨ ᠢ ᠬᠦᠮᠦᠵᠢᠭᠦᠯᠬᠦ᠂ ᠬᠦᠮᠦᠨ ᠢ ᠶᠠᠭᠠᠬᠢᠵᠤ ᠬᠦᠮᠦᠵᠢᠭᠦᠯᠬᠦ᠂ ᠬᠡᠨ ᠤ ᠳᠦᠯᠦᠭᠡ ᠬᠦᠮᠦᠨ ᠢ ᠬᠦᠮᠦᠵᠢᠭᠦᠯᠵᠦ ᠪᠠᠶᠢᠭ᠎ᠠ ᠪᠠᠨ ᠤᠯᠠᠮ ᠳᠤᠳᠤᠷᠬᠠᠢ ᠪᠤᠯᠭᠠᠵᠤ᠂ ᠦᠪᠡᠷ ᠤᠨ ᠦᠵᠡᠯ ᠰᠠᠨᠠᠭ᠎ᠠ ᠤᠯᠤᠰ ᠳᠦᠷᠦ ᠶᠢᠨ ᠬᠢᠴᠢᠶᠡᠯ ᠢᠶᠠᠨ ᠤᠯᠠᠮ ᠰᠢᠨᠵᠢᠯᠡᠬᠦ ᠤᠠᠬᠭᠠᠨᠴᠢ ᠪᠠᠷ᠂ ᠰᠤᠳᠤᠯᠤᠯᠳᠠ ᠲᠠᠢ᠂ ᠪᠦᠳᠦᠭᠡᠯᠴᠢ ᠪᠠᠷ ᠳᠤᠬᠢᠷᠠᠭᠤᠯᠬᠤ ᠶᠢᠨ ᠬᠠᠮᠳᠤ ᠲᠤᠰᠬᠠᠢ ᠰᠡᠳᠤᠪᠳᠤ ᠠᠩᠬᠢ ᠶᠢᠨ ᠬᠦᠳᠡᠯᠭᠡᠭᠡᠨ᠂ ᠠᠩᠬᠢ ᠶᠢᠨ ᠬᠤᠷᠠᠯ ᠵᠡᠷᠭᠡ ᠶᠢ ᠢᠯᠡᠭᠦᠬᠡᠨ ᠵᠤᠬᠢᠶᠠᠨ ᠪᠠᠶᠢᠭᠤᠯᠵᠤ᠂᠂ ᠰᠤᠷᠤᠭᠴᠢᠳ ᠤᠨ ᠢᠳᠡᠪᠬᠢᠵᠢᠯ᠂ ᠤᠷᠮᠠᠰᠢᠯ ᠢ ᠨᠡᠩ ᠳᠠᠶᠢᠴᠢᠯᠠᠨ᠎ᠠ᠃ ᠬᠤᠵᠢᠮ ᠤᠨ ᠠᠵᠢᠯ ᠠᠮᠢᠳᠤᠷᠠᠯ ᠤᠨ ᠳᠤᠮᠳᠠ ᠪᠠᠨ ᠬᠤᠪᠢ ᠬᠦᠮᠦᠨ ᠤ ᠤᠯᠤᠰ ᠳᠦᠷᠦ ᠶᠢᠨ ᠰᠤᠷᠤᠯᠴᠠᠯᠭ᠎ᠠ ᠪᠠᠨ ᠴᠢᠩᠭᠠᠳᠬᠠᠨ᠂ ᠪᠡᠶ᠎ᠡ ᠪᠠᠨ ᠴᠢᠩᠭ᠎ᠠ ᠱᠠᠭᠠᠷᠳᠠᠨ᠂ ᠪᠤᠳᠠᠳᠤ ᠠᠵᠢᠯᠯᠠᠭᠠᠨ ᠳᠤ ᠢᠯᠡᠭᠦᠬᠡᠨ ᠤᠷᠤᠯᠴᠠᠵᠤ᠂ ᠨᠡᠶᠢᠭᠡᠮ ᠵᠢᠷᠤᠮ ᠤᠨ ᠭᠤᠤᠯᠯᠠᠭᠴᠢ ᠦᠷᠳᠡᠭ ᠤᠨ ᠦᠵᠡᠯᠳᠡ ᠶᠢ ᠬᠢᠴᠢᠶᠡᠯᠯᠡᠭᠡ ᠶᠢᠨ ᠳᠤᠮᠳᠠ ᠪᠠᠨ ᠰᠢᠮᠡᠳᠭᠡᠨ ᠵᠢᠭᠠᠵᠤ᠂ ᠢᠳᠡᠭᠡᠮᠵᠢᠳᠡᠢ᠂ ᠪᠢᠰᠢᠷᠡᠯᠳᠡᠢ᠂ ᠤᠷᠤᠯᠳᠤᠯᠭ᠎ᠠ ᠲᠠᠢ᠂ ᠵᠤᠷᠢᠭ ᠲᠠᠢ ᠦᠵᠡᠯ ᠰᠠᠨᠠᠭ᠎ᠠ ᠤᠯᠤᠰ ᠳᠦᠷᠦ ᠶᠢᠨ ᠤᠨᠤᠯ ᠤᠨ ᠬᠢᠴᠢᠶᠡᠯ ᠤᠨ ᠪᠠᠭᠰᠢ ᠪᠤᠯᠬᠤ ᠪᠠᠷ ᠴᠢᠷᠮᠠᠶᠢᠨ ᠠᠵᠢᠯᠯᠠᠨ᠎ᠠ︾ ᠭᠡᠪᠡ᠃ ᠬᠤᠷᠴᠢᠨ ᠪᠠᠷᠠᠭᠤᠨ ᠭᠠᠷᠤᠨ ᠡᠮᠤᠨᠡᠳᠤ ᠬᠤᠰᠢᠭᠤᠨ ᠤ ᠨᠢᠭᠡᠳᠤᠭᠡᠷ ᠪᠠᠭ᠎ᠠ ᠰᠤᠷᠭᠠᠭᠤᠯᠢ ᠶᠢᠨ ᠪᠠᠢ ᠬᠦᠸᠧ ᠴᠢᠨ ᠪᠠᠭᠰᠢ᠄ ︽ᠰᠢᠨ᠎ᠡ ᠴᠠᠭ ᠦᠶ᠎ᠡ ᠶᠢᠨ ᠰᠢᠯᠢᠳᠡᠭ ᠰᠤᠷᠤᠭᠴᠢ ᠶᠢ ᠪᠤᠶᠢᠵᠢᠭᠤᠯᠵᠤ᠂ ᠨᠡᠶᠢᠭᠡᠮ ᠵᠢᠷᠤᠮ ᠤᠨ ᠰᠣᠳᠣᠨ ᠵᠠᠯᠭᠠᠮᠵᠢᠯᠠᠭᠴᠢ ᠶᠢ ᠬᠦᠮᠦᠵᠢᠭᠦᠯᠵᠦ᠂ ᠰᠤᠷᠭᠠᠨ ᠬᠦᠮᠦᠵᠢᠯ ᠢ ᠪᠦᠬᠦ ᠲᠠᠯ᠎ᠠ ᠪᠠᠷ ᠤᠳᠤᠬᠢᠴᠢᠯᠠᠭᠤᠯᠵᠤ᠂ ᠰᠤᠷᠭᠠᠨ ᠬᠦᠮᠦᠵᠢᠯ ᠤᠨ ᠬᠦᠴᠦᠷᠬᠡᠭ ᠤᠯᠤᠰ ᠢ ᠡᠭᠦᠳᠦᠨ ᠪᠠᠶᠢᠭᠤᠯᠬᠤ ᠨᠢ ᠳᠤᠮᠳᠠᠲᠤ ᠤᠯᠤᠰ ᠤᠨ ᠤᠨᠴᠠᠯᠢᠭ ᠪᠦᠬᠦᠢ ᠨᠡᠶᠢᠭᠡᠮ ᠵᠢᠷᠦᠮᠲᠦ ᠰᠢᠨ᠎ᠡ ᠴᠠᠭ ᠦᠶ᠎ᠡ ᠶᠢᠨ ᠰᠤᠷᠭᠠᠨ ᠬᠦᠮᠦᠵᠢᠯ ᠤᠨ ᠬᠦᠭᠵᠢᠯᠲᠡ ᠶᠢᠨ ᠪᠤᠲᠠᠲᠤ ᠱᠠᠭᠠᠷᠳᠠᠯᠭ᠎ᠠ᠂ ᠮᠦᠨᠴᠦ ︿ᠶᠤᠰᠤ ᠰᠤᠷᠲᠠᠬᠤᠨ ᠢᠶᠠᠷ ᠬᠦᠮᠦᠨ ᠢ ᠱᠤᠭᠤᠬᠤ﹀ ᠶᠤᠰᠤ ᠰᠤᠷᠳᠠᠬᠤᠨ ᠤ ᠠᠵᠢᠯᠯᠠᠭᠠᠨ ᠤ ᠦᠨᠳᠦᠰᠦᠨ ᠬᠦᠲᠦᠯᠪᠦᠷᠢ ᠮᠦᠨ᠃ ᠰᠢ ᠶᠢᠨ ᠫᠢᠩ ᠶᠡᠷᠤᠩᠬᠡᠢ ᠱᠦᠵᠢ ᠲᠤᠰ ᠬᠤᠷᠠᠯ ᠤᠨ ᠠᠬᠤᠢ ᠲᠠᠯᠠᠪᠤᠷ ᠲᠤ ᠮᠤᠷᠢᠯᠠᠨ ᠰᠠᠭᠠᠲᠠᠵᠤ᠂ ᠬᠦᠮᠦᠰ ᠤᠨ ᠰᠡᠳᠬᠢᠯ ᠢ ᠳᠤᠭᠲᠤᠯᠤᠭᠤᠯᠤᠮ᠎ᠠ ᠴᠢᠬᠤᠯᠠ ᠶᠠᠷᠢᠶ᠎ᠠ ᠲᠠᠯᠪᠢᠭᠰᠠᠨ ᠨᠢ ᠪᠦᠬᠦ ᠤᠯᠤᠰ ᠤᠨ ᠦᠷᠭᠡᠨ ᠤᠯᠠᠨ ᠪᠠᠭᠰᠢ ᠨᠠᠷ ᠤᠨ ᠰᠡᠳᠬᠢᠯ ᠤᠨ ᠬᠦᠪᠴᠢ ᠶᠢ ᠳᠤᠷᠬᠢᠭᠤᠯᠵᠤ᠂ ᠢᠲᠡᠭᠡᠯ ᠤᠨ ᠬᠦᠴᠦᠨ ᠢ ᠨᠡᠮᠡᠭᠳᠡᠭᠦᠯᠦᠭᠰᠡᠨ ᠪᠢᠯᠡ᠃ ᠪᠢ ᠨᠢᠭᠡᠨ ︿ᠶᠤᠰᠤ ᠰᠤᠷᠳᠠᠬᠤᠨ ᠬᠢᠭᠡᠳ ᠬᠠᠤᠯᠢ ᠪᠠᠷ ᠵᠠᠰᠠᠬᠤᠢ﹀ ᠬᠢᠴᠢᠶᠡᠯ ᠲᠦᠷᠦᠯ ᠤᠨ ᠪᠠᠭᠰᠢ ᠪᠤᠯᠤᠭᠰᠠᠨ ᠤ ᠬᠤᠪᠢ ᠠᠴᠠ ᠲᠤᠰ ᠬᠢᠴᠢᠶᠡᠯ ᠤᠨ ᠬᠡᠤᠬᠡᠳ ᠤᠨ ᠦᠰᠦᠯᠲᠡ ᠪᠤᠶᠢᠵᠢᠯᠲᠠ ᠶᠢᠨ ᠳᠤᠮᠳᠠ ᠦᠵᠡᠭᠦᠯᠬᠦ ᠨᠦᠯᠦᠭᠡᠯᠡᠭᠦ ᠦᠢᠯᠡᠳᠦᠯ ᠢ ᠭᠦᠢᠴᠡᠳ ᠲᠠᠨᠢᠵᠤ᠂ ᠦᠪᠡᠷ ᠤᠨ ᠡᠭᠦᠷᠭᠡ ᠬᠠᠷᠢᠭᠤᠴᠠᠯᠭ᠎ᠠ ᠪᠠᠨ ᠴᠢᠩᠭᠠᠳᠬᠠᠨ᠂ ᠦᠵᠡᠯ ᠤᠬᠠᠮᠰᠠᠷ ᠢᠶᠠᠨ ᠳᠡᠭᠡᠭᠰᠢᠯᠡᠭᠦᠯᠵᠦ᠂ ᠨᠢᠭᠡ ᠪᠦᠯᠦᠭ ᠬᠦᠰᠡᠯ ᠡᠷᠡᠮᠡᠯᠵᠡᠯ ᠲᠠᠢ᠂ ᠡᠭᠦᠷᠭᠡ ᠬᠠᠷᠢᠭᠤᠴᠠᠯᠭ᠎ᠠ ᠲᠠᠢ᠂ ᠡᠷᠬᠢᠮ ᠳᠡᠭᠡᠳᠦ ᠶᠤᠰᠤ ᠰᠤᠷᠲᠠᠬᠤᠨ ᠲᠠᠢ᠂ ᠦᠷᠭᠡᠨ ᠳᠡᠯᠭᠡᠷ ᠰᠤᠶᠤᠯ ᠪᠤᠯᠪᠠᠰᠤᠷᠠᠯ ᠲᠠᠢ ᠰᠤᠳᠤᠨ ᠰᠤᠷᠤᠭᠴᠢ ᠶᠢ ᠬᠦᠮᠦᠵᠢᠭᠦᠯᠬᠦ ᠪᠠᠷ ᠭᠤᠤᠯ ᠬᠠᠷᠠᠯᠲᠠ ᠪᠠᠨ ᠪᠤᠯᠠᠭᠠᠨ᠂ ᠬᠢᠴᠢᠶᠡᠯ ᠤᠨ ᠡᠰᠭᠡᠯᠲᠡ᠂ ᠲᠤᠬᠢᠷᠠᠭᠤᠯᠤᠯᠲᠠ ᠬᠢᠭᠡᠳ ᠵᠢᠭᠠᠨ ᠰᠤᠷᠭᠠᠯᠲᠠ ᠳᠤᠮᠳᠠ ᠪᠠᠨ ᠤᠯᠤᠰ ᠤᠨ ᠰᠤᠷᠭᠠᠨ ᠬᠦᠮᠦᠵᠢᠯ ᠤᠨ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠤᠬᠠᠭᠤᠯᠵᠤ᠂ ᠮᠠᠷᠺᠰ ᠤᠨ ᠦᠵᠡᠯ ᠤᠨ ᠤᠨᠤᠯ ᠢᠶᠠᠷ ᠵᠢᠯᠤᠭᠤᠳᠤᠯᠭ᠎ᠠ ᠪᠤᠯᠭᠠᠨ᠂ ᠬᠡᠤᠬᠡᠳ ᠤᠨ ᠡᠪ ᠬᠠᠮᠲᠤ ᠨᠠᠮ᠂ ᠡᠬᠡ ᠤᠯᠤᠰ᠂ ᠠᠷᠠᠳ ᠲᠦᠮᠡᠨ ᠢᠶᠠᠨ ᠬᠠᠶᠢᠷᠠᠯᠠᠬᠤ ᠦᠵᠡᠯ ᠰᠠᠨᠠᠭᠠᠨ ᠤ ᠬᠦᠮᠦᠵᠢᠯ ᠢ ᠪᠦᠬᠦ ᠲᠠᠯ᠎ᠠ ᠳᠤ ᠰᠢᠮᠡᠳᠬᠡᠨ᠂ ᠠᠮᠢᠳᠤᠯᠢᠭ ᠪᠤᠲᠠᠲᠠᠢ ᠬᠡᠪ ᠵᠢᠱᠢᠶ᠎ᠡ᠂ ᠠᠮᠢᠳᠤᠷᠠᠯ ᠤᠨ ᠳᠤᠮᠳᠠᠬᠢ ᠪᠤᠲᠠᠲᠤ ᠤᠴᠢᠷ ᠤᠳ ᠠᠴᠠ ᠡᠰᠢᠯᠡᠵᠦ᠂ ᠤᠯᠤᠰ ᠲᠦᠷᠦ ᠦᠵᠡᠯ ᠰᠠᠨᠠᠭᠠᠨ ᠤ ᠬᠢᠴᠢᠶᠡᠯ ᠤᠨ ᠠᠭᠤᠯᠭ᠎ᠠ ᠪᠠᠨ ᠤᠯᠠᠮ ᠢᠶᠠᠷ ᠪᠠᠶᠠᠯᠢᠭᠵᠢᠭᠤᠯᠵᠤ᠂ ᠬᠡᠤᠬᠡᠳ ᠢ ᠬᠠᠷᠠᠬᠠᠨ ᠪᠠᠭ᠎ᠠ ᠠᠴᠠ ᠨᠢ ᠵᠦᠪ ᠶᠢᠷᠲᠢᠨᠴᠦ ᠶᠢᠨ ᠦᠵᠡᠯᠲᠡ ᠲᠠᠢ ᠪᠤᠯᠭᠠᠨ ᠬᠦᠮᠦᠵᠢᠭᠦᠯᠵᠦ᠂ ᠶᠤᠰᠤ ᠰᠤᠷᠲᠠᠬᠤᠨ᠂ ᠤᠶᠤᠨ ᠤᠬᠠᠭᠠᠨ᠂ ᠪᠡᠶ᠎ᠡ ᠮᠠᠬᠠᠪᠤᠳ᠂ ᠬᠦᠳᠡᠯᠮᠦᠷᠢ᠂ ᠭᠤᠸ᠎ᠠ ᠰᠠᠶᠢᠬᠠᠨ ᠵᠡᠷᠭᠡ ᠪᠦᠬᠦ ᠲᠠᠯ᠎ᠠ ᠪᠠᠷ ᠬᠦᠭᠵᠢᠭᠰᠡᠨ ᠨᠡᠶᠢᠭᠡᠮ ᠵᠢᠷᠤᠮ ᠤᠨ ᠵᠠᠯᠭᠠᠮᠵᠢᠯᠠᠭᠴᠢ ᠶᠢ ᠬᠦᠮᠦᠵᠢᠭᠦᠯᠬᠦ ᠪᠠᠷ ᠴᠠᠭ ᠢᠮᠠᠭᠲᠠ ᠪᠡᠯᠡᠬᠡᠨ ᠪᠠᠶᠢᠨ᠎ᠠ︾ ᠭᠡᠵᠤ ᠶᠠᠷᠢᠶᠠᠨ ᠤ ᠵᠤᠷᠢᠭ ᠰᠠᠨᠠᠭ᠎ᠠ ᠶᠢ ᠰᠤᠷᠤᠯᠴᠠᠭᠰᠠᠨ ᠤ ᠲᠠᠷᠠᠭᠠᠬᠢ ᠲᠦᠷᠥᠭᠳᠡᠯ ᠢᠶᠠᠨ ᠶᠠᠷᠢᠨ᠎ᠠ᠃ ᠣᠯᠠᠭᠠᠨᠮᠣᠳᠣ ᠲᠣᠮᠳᠠᠳᠣ ᠰᠣᠷᠭᠠᠭᠤᠯᠢ ᠶᠢᠨ ᠴᠢᠥ ᠰᠢᠶᠠᠩ ᠪᠠᠭᠰᠢ᠄ ︽ᠰᠣᠷᠭᠠᠭᠤᠯᠢ ᠶᠢᠨ ᠵᠢᠭᠠᠨ ᠰᠣᠷᠭᠠᠯᠳᠠ ᠶᠢᠨ ᠠᠵᠢᠯ ᠤᠨ ᠠᠮᠢᠨ ᠰᠦᠨᠡᠰᠦ ᠪᠣᠯ ᠲᠠᠷᠦᠢ ᠮᠡᠳᠡᠯᠬᠡ ᠰᠣᠷᠭᠠᠵᠦ ᠶᠣᠰᠦ ᠶᠢ ᠣᠯᠠᠮᠵᠢᠯᠠᠬᠤ ᠳᠤ ᠪᠣᠢ᠃ ᠬᠡᠳᠦ᠋ᠢᠪᠡᠷ ᠴᠠᠭ ᠦᠶ᠎ᠡ ᠬᠦᠭᠵᠢᠬᠦ ᠶᠢ ᠲᠠᠭᠠᠯᠳᠣᠨ ᠰᠣᠷᠭᠠᠭᠤᠯᠢ ᠶᠢᠨ ᠵᠢᠭᠠᠨ ᠰᠣᠷᠭᠠᠯᠳᠠ ᠶᠢᠨ ᠣᠨᠣᠯᠵᠢᠬᠤᠨ ᠳᠤ ᠰᠢᠨ᠎ᠡ ᠬᠤᠪᠢᠷᠠᠯᠳᠠ ᠲᠠᠢ ᠪᠣᠯᠣᠭᠰᠠᠨ ᠴᠦ᠂ ᠪᠠᠭᠰᠢ ᠠᠴᠠ ᠰᠣᠷᠣᠭᠴᠢᠳ ᠲᠤ ᠮᠡᠳᠡᠯᠬᠡ ᠵᠢᠭᠠᠬᠤ ᠶᠢᠨ ᠲᠠᠭᠠᠦ ᠬᠦᠮᠦᠨ ᠪᠣᠯᠬᠤ ᠶᠣᠰᠣ ᠶᠢ ᠣᠯᠠᠮᠵᠢᠯᠠᠬᠤ ᠨᠢ ᠮᠦᠨ ᠴᠦ ᠦᠨᠦᠳᠦᠷ ᠤᠨ ᠰᠣᠷᠭᠠᠭᠤᠯᠢ ᠶᠢᠨ ᠰᠣᠷᠭᠠᠡ ᠬᠦᠮᠤᠵᠢᠯ ᠤᠨ ᠭᠤᠣᠯ ᠰᠣᠳᠠᠰᠦ ᠪᠣᠯᠬᠤ ᠨᠢ ᠯᠠᠪᠳᠠᠢ᠃ ᠡᠶᠢᠮᠦ ᠠᠴᠠ ᠰᠢ ᠶᠢᠨ ᠫᠢᠩ ᠶᠡᠷᠦᠩᠬᠡᠢ ᠱᠦᠵᠢ ᠶᠢᠨ ᠬᠤᠷᠠᠯ ᠲᠡᠬᠡᠷ᠎ᠡ ᠴᠢᠬᠤᠯᠠᠴᠢᠯᠠᠨ ᠲᠣᠷᠠᠳᠣᠭᠰᠠᠨ ︿ᠶᠣᠰᠦ ᠰᠣᠷᠳᠠᠬᠤᠨ ᠢᠶᠠᠷ ᠬᠦᠮᠦᠨ ᠢ ᠬᠦᠮᠦᠵᠢᠬᠦᠯᠬᠦ ᠦᠨᠳᠦᠰᠦᠨ ᠡᠬᠦᠷᠬᠡ ᠶᠢ ᠨᠠᠶᠢᠳᠠᠪᠣᠷᠢᠵᠢᠭᠤᠯᠬᠤ﹀ ᠪᠣᠯ ᠰᠣᠷᠭᠠᠭᠤᠯᠢ ᠶᠢᠨ ᠵᠢᠭᠠᠨ ᠰᠣᠷᠭᠠᠯᠳᠠ ᠶᠢᠨ ᠠᠵᠢᠯ ᠤᠨ ᠬᠡᠯᠬᠢᠶᠡᠨ ᠳᠤ ᠰᠢᠭᠤᠳ ᠬᠤᠯᠪᠣᠭᠳᠠᠬᠤ ᠴᠢᠬᠤᠯᠠ ᠠᠰᠠᠭᠤᠳᠠᠯ ᠬᠡᠵᠦ ᠦᠵᠡᠯᠳᠡᠢ᠃ ᠨᠢᠬᠡ ᠬᠦᠮᠦᠨ ᠤ ᠦᠰᠦᠨ ᠪᠤᠶᠢᠵᠢᠯᠳᠠ ᠳᠤ ᠠᠪᠴᠦ ᠬᠡᠯᠡᠪᠡᠯ ᠶᠠᠭᠤᠨ ᠤ ᠣᠷᠢᠳ ᠵᠦᠪ ᠰᠠᠶᠢᠬᠠᠨ ᠬᠦᠮᠦᠨ ᠮᠦᠰᠦ ᠲᠠᠢ ᠪᠣᠯᠵᠦ ᠬᠦᠮᠦᠵᠢᠮᠡᠨᠵᠢᠨ ᠰᠠᠶ᠋ᠢ ᠵᠦᠪ ᠰᠠᠶᠢᠬᠠᠨ ᠶᠢᠷᠳᠢᠨᠴᠦ ᠶᠢᠨ ᠦᠵᠡᠯᠳᠡ᠂ ᠦᠷᠳᠡᠭ ᠤᠨ ᠦᠵᠡᠯᠳᠡ ᠪᠠ ᠠᠮᠢᠳᠣᠷᠠᠬᠤᠢ ᠶᠢᠨ ᠦᠵᠡᠯᠳᠡ ᠲᠠᠢ ᠪᠣᠯᠵᠦ᠂ ᠢᠷᠡᠬᠡᠳᠦᠢ ᠶᠢᠨ ᠠᠮᠢᠳᠣᠷᠠᠯ ᠤᠨ ᠵᠠᠮ ᠨᠢ ᠨᠡᠩ ᠰᠠᠷᠠᠭᠤᠯᠬᠠᠨ ᠪᠠᠶᠢᠵᠦ ᠴᠢᠳᠠᠳᠠᠭ ᠶᠣᠮ᠃ ᠰᠣᠷᠭᠠᠭᠤᠯᠢ ᠶᠢᠨ ᠵᠢᠭᠠᠨ ᠰᠣᠷᠭᠠᠯᠳᠠ ᠶᠢᠨ ᠶᠠᠪᠣᠴᠠ ᠳᠤ ᠪᠠᠭᠰᠢ ᠨᠠᠷ ᠬᠡᠦᠬᠡᠳ ᠲᠤ ᠮᠡᠳᠡᠯᠬᠡ ᠰᠣᠷᠭᠠᠬᠤ ᠶᠢᠨ ᠲᠠᠭᠠᠦ ᠪᠠᠰᠠ ᠰᠠᠶᠢᠨ ᠰᠠᠶᠢᠬᠠᠨ ᠬᠦᠮᠦᠨ ᠮᠦᠰᠦ ᠪᠡ ᠡᠷᠡᠬᠦᠯ ᠰᠠᠷᠠᠭᠤᠯ ᠰᠡᠳᠬᠢᠬᠦᠢ᠂ ᠵᠦᠪ ᠲᠣᠳᠣ ᠠᠮᠢᠳᠣᠷᠠᠬᠤᠢ ᠶᠢᠨ ᠦᠵᠡᠯᠳᠡ ᠶᠢ ᠬᠦᠮᠦᠵᠢᠬᠦᠯᠦᠨ ᠱᠣᠭᠤᠬᠤ ᠨᠢ ᠨᠡᠩ ᠴᠢᠬᠤᠯᠡ ᠪᠣᠯᠬᠤ ᠶᠢ ᠪᠢᠳᠡ ᠡᠷᠬᠡᠪᠰᠢ ᠠᠩᠬᠠᠷᠣᠯ ᠳᠤ ᠪᠠᠨ ᠠᠪᠬᠤ ᠴᠢᠬᠤᠯᠠ ᠲᠠᠢ ᠪᠠᠶᠢᠨ᠎ᠠ᠃ ᠡᠶᠢᠮᠤ ᠠᠴᠠ ᠪᠠᠭᠰᠢ ᠪᠣᠯᠣᠭᠰᠠᠳ᠂ ᠣᠨᠴᠠᠭᠠᠶᠢᠯᠠᠨ ᠰᠣᠷᠭᠠᠭᠤᠯᠢ ᠶᠢᠨ ᠦᠵᠡᠯ ᠰᠠᠨᠠᠭ᠎ᠠ ᠣᠯᠣᠰ ᠲᠦᠷᠦ ᠶᠢᠨ ᠣᠨᠣᠯ ᠤᠨ ᠬᠢᠴᠢᠶᠡᠯ ᠢ ᠣᠷᠣᠵᠦ ᠪᠠᠶᠢᠭ᠎ᠠ ᠬᠢᠴᠢᠶᠡᠯ ᠤᠨ ᠪᠠᠭᠰᠢ ᠨᠠᠷ ᠲᠡᠷᠡᠴᠢᠯᠠᠨ ᠪᠣᠰᠣᠳ ᠬᠢᠴᠢᠶᠡᠯ ᠲᠦᠷᠦᠯ ᠤᠨ ᠪᠠᠭᠰᠢ ᠨᠡᠷ ᠴᠦ ᠬᠡᠰᠡᠨ ᠡᠳᠦᠷ ᠲᠣᠳᠣᠮ ᠤᠨ ᠵᠢᠭᠠᠨ ᠰᠣᠷᠭᠠᠯᠳᠠ ᠶᠢᠨ ᠠᠵᠢᠯ ᠤᠨ ᠬᠡᠯᠬᠢᠶᠡᠨ ᠳᠤ ᠪᠠᠨ ᠨᠠᠮ ᠤᠨ ᠰᠣᠷᠭᠠᠨ ᠬᠦᠮᠦᠵᠢᠯ ᠤᠨ ᠴᠢᠭᠯᠡᠯᠳᠡ ᠶᠢ ᠪᠦᠬᠦ ᠲᠠᠯ᠎ᠠ ᠪᠠᠷ ᠲᠣᠤᠱᠯᠠᠭᠤᠯᠬᠤ ᠳᠠᠭᠠᠨ ᠮᠠᠷᠺᠰ ᠤᠨ ᠦᠵᠡᠯ ᠤᠨ ᠵᠢᠯᠣᠭᠤᠳᠬᠤ ᠪᠠᠶᠢᠷᠢ ᠰᠠᠭᠤᠷᠢ ᠶᠢ ᠪᠠᠷᠢᠮᠳᠠᠯᠠᠬᠤ᠂ ᠰᠢᠨ᠎ᠡ ᠴᠠᠭ ᠦᠶ᠎ᠡ ᠶᠢᠨ ᠲᠣᠮᠳᠠᠳᠣ ᠣᠯᠣᠰ ᠤᠨ ᠣᠨᠴᠠᠯᠢᠭ ᠪᠦᠬᠦᠢ ᠨᠡᠶᠢᠬᠡᠮ ᠵᠢᠷᠣᠮ ᠤᠨ ᠦᠵᠡᠯ ᠰᠠᠨᠠᠭ᠎ᠠ ᠶᠢ ᠲᠣᠤᠱᠯᠠᠭᠤᠯᠬᠤ᠂ ᠶᠣᠰᠣ ᠰᠣᠷᠳᠠᠬᠤᠨ ᠢᠶᠠᠷ ᠬᠦᠮᠦᠨ ᠢ ᠬᠦᠮᠦᠵᠢᠬᠦᠯᠬᠦ ᠦᠨᠳᠦᠰᠦᠨ ᠡᠬᠦᠷᠬᠡ ᠶᠢ ᠴᠢᠩᠭ᠎ᠠ ᠨᠠᠶᠢᠳᠠᠪᠣᠷᠢᠵᠢᠭᠤᠯᠬᠤ ᠬᠡᠷᠡᠭᠳᠡᠢ ᠪᠦᠬᠡᠳ ᠪᠠᠰᠠ ᠰᠣᠷᠣᠭᠴᠢᠳ ᠤᠨ ᠡᠳᠦᠷ ᠲᠣᠳᠣᠮ ᠤᠨ ᠦᠢᠯᠡ ᠠᠵᠢᠯᠯᠠᠭᠠᠨ ᠤ ᠲᠦᠷᠢᠮᠵᠢᠯ ᠢᠶᠠᠷ ᠲᠡᠳᠡᠨᠦᠰ ᠢ ᠴᠠᠭ ᠢᠮᠠᠭᠳᠠ ᠴᠢᠩᠭ᠎ᠠ ᠱᠠᠭᠠᠷᠳᠠᠨ᠂ ᠰᠣᠷᠣᠭᠴᠢ ᠶᠢᠨ ᠰᠠᠬᠢᠬᠤ ᠲᠦᠷᠢᠮ᠂ ︽ᠭᠤᠷᠪᠠ ᠶᠢ ᠬᠠᠶᠢᠷᠠᠯᠠᠵᠦ᠂ ᠭᠤᠷᠪᠠ ᠶᠢ ᠠᠷᠪᠢᠯᠠᠬᠤ︾ ᠮᠡᠳᠦ ᠶᠢᠨ ᠦᠢᠯᠡ ᠠᠵᠢᠯᠯᠠᠭᠠᠨ ᠤ ᠲᠦᠷᠢᠮᠵᠢᠯ ᠢᠶᠠᠷ ᠪᠠᠶ᠎ᠠ ᠪᠠᠨ ᠴᠢᠩᠭ᠎ᠠ ᠱᠠᠭᠠᠷᠳᠠᠬᠤ ᠶᠢ ᠬᠦᠮᠦᠵᠢᠬᠦᠯᠦᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号