ᠮᠠᠨ ᠤ ᠠᠶᠢᠮᠠᠭ ᠤᠨ ︽ᠰᠤᠯᠤᠩᠭ᠎ᠠ︾ ︽ᠰᠠᠷᠠᠨ᠎ᠠ︾ ︽ᠲᠠᠪᠦ‍ ᠨᠢᠭᠡ ᠶᠢᠨ ᠢᠨᠵᠧᠨᠧᠷᠢᠩ︾ ᠱᠠᠩᠨᠠᠯᠳᠤ ᠵᠤᠬᠢᠶᠠᠯ ᠪᠦᠳᠤᠭᠡᠯ ᠢ ᠲᠡᠳᠬᠦᠨ ᠲᠡᠮᠵᠢᠬᠦ ᠵᠢᠴᠢ 2019 ᠤᠨ ᠤ ᠭᠤᠤᠯ ᠰᠡᠳᠤᠪᠳᠤ ᠵᠤᠬᠢᠶᠠᠨ ᠪᠦᠳᠤᠭᠡᠯᠭᠡ ᠶᠢᠨ ᠰᠠᠭᠤᠳᠠᠯ ᠤᠨ ᠬᠤᠷᠠᠯ ᠠᠰᠢᠳᠠᠢ ᠰᠠᠶᠢᠬᠠᠨ ᠶᠠᠪᠤᠭᠳᠠᠵᠠᠢ
ᠨᠡᠶᠢᠲᠡᠯᠡᠭᠰᠡᠨ ᠴᠠᠭ᠄
2019-04-26
      3 ᠰᠠᠷ᠎ᠠ ᠶᠢᠨ 13 ᠤ ᠦᠳᠠ ᠶᠢᠨ ᠬᠤᠶᠢᠨ᠎ᠠ᠂ ᠮᠠᠨ ᠤ ᠠᠶᠢᠮᠠᠭ ᠤᠨ ︽ᠰᠤᠯᠤᠩᠭ᠎ᠠ︾᠂ ︽ᠰᠠᠷᠠᠨ᠎ᠠ︾᠂ ︽ᠲᠠᠪᠦ‍ ᠨᠢᠭᠡ ᠶᠢᠨ ᠢᠨᠵᠧᠨᠧᠷᠢᠩ︾ ᠤᠨ ᠱᠠᠩᠨᠠᠯᠳᠤ ᠵᠤᠬᠢᠶᠠᠯᠴᠢᠳ ᠤᠨ ᠤᠳᠬ᠎ᠠ ᠤᠷᠠᠯᠢᠭ ᠤᠨ ᠵᠤᠬᠢᠶᠠᠯ ᠪᠦᠳᠤᠭᠡᠯ ᠢ ᠲᠡᠳᠬᠦᠨ ᠲᠡᠮᠵᠢᠬᠦ ᠵᠢᠴᠢ 2019 ᠤᠨ ᠤ ᠶᠠᠳᠠᠭᠤ ᠠᠴᠠ ᠠᠩᠬᠢᠵᠢᠷᠠᠭᠤᠯᠵᠤ ᠪᠤᠭᠤᠮᠳᠠ ᠰᠢᠪᠳᠤᠯᠬᠤ ᠰᠡᠳᠤᠪᠳᠤ ᠵᠤᠬᠢᠶᠠᠨ ᠪᠦᠳᠤᠭᠡᠯᠭᠡ ᠶᠢᠨ ᠰᠠᠭᠤᠳᠠᠯ ᠤᠨ ᠬᠤᠷᠠᠯ ᠠᠶᠢᠮᠠᠭ ᠤᠨ ᠨᠠᠮ ᠵᠠᠰᠠᠭ ᠤᠨ ᠠᠯᠪᠠᠨ ᠠᠰᠠᠷ ᠤᠨ ᠬᠤᠷᠠᠯ ᠤᠨ ᠭᠡᠷ ᠲᠤ ᠠᠰᠢᠳᠠᠢ ᠰᠠᠶᠢᠬᠠᠨ ᠶᠠᠪᠤᠭᠳᠠᠵᠠᠢ᠃ ᠬᠤᠷᠠᠯ ᠳᠤ ᠠᠶᠢᠮᠠᠭ ᠤᠨ ᠤᠳᠬ᠎ᠠ ᠤᠷᠠᠯᠢᠭ ᠤᠨ ᠬᠢᠨ ᠤ ᠬᠤᠯᠪᠤᠭ᠎ᠠ᠂ ᠵᠤᠬᠢᠶᠠᠯᠴᠢᠳ ᠤᠨ ᠨᠡᠶᠢᠭᠡᠮᠯᠢᠭ ᠤᠨ ᠬᠠᠮᠢᠶ᠎ᠠ ᠪᠦᠬᠦᠢ ᠤᠳᠤᠷᠢᠳᠤᠯᠭ᠎ᠠ ᠵᠢᠴᠢ ᠬᠡᠰᠡᠭ ᠵᠤᠬᠢᠶᠠᠯᠴᠢᠳ ᠤᠷᠤᠯᠴᠠᠪᠡ᠃ ᠰᠢ ᠶᠢᠨ ᠫᠢᠩ ᠶᠡᠷᠤᠩᠬᠡᠢ ᠱᠦᠵᠢ ᠶᠢᠨ ᠰᠤᠶᠤᠯ ᠤᠷᠠᠯᠢᠭ ᠤᠨ ᠠᠵᠢᠯ ᠤᠨ ᠰᠠᠭᠤᠳᠠᠯ ᠤᠨ ᠬᠤᠷᠠᠯ ᠪᠠ ᠪᠦᠬᠦ ᠤᠯᠤᠰ ᠤᠨ ᠠᠷᠪᠠᠳᠤᠭᠠᠷ ᠤᠳᠠᠭᠠᠨ ᠤ ᠤᠳᠬ᠎ᠠ ᠤᠷᠠᠯᠢᠭ ᠤᠨ ᠬᠢᠨ ᠤ ᠲᠦᠯᠤᠭᠡᠯᠡᠭᠴᠢᠳ ᠤᠨ ᠬᠤᠷᠠᠯ᠂ ᠶᠢᠰᠤᠳᠤᠭᠡᠷ ᠤᠳᠠᠭᠠᠨ ᠤ ᠵᠤᠬᠢᠶᠠᠯᠴᠢᠳ ᠤᠨ ᠲᠦᠯᠤᠭᠡᠯᠡᠭᠴᠢᠳ ᠤᠨ ᠬᠤᠷᠠᠯ ᠲᠡᠭᠡᠷᠡᠬᠢ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠬᠦᠨᠵᠡᠭᠡᠢ ᠲᠤᠥᠱᠯᠠᠭᠤᠯᠵᠤ᠂ ᠮᠠᠨ ᠤ ᠠᠶᠢᠮᠠᠭ ᠤᠨ ᠤᠳᠬ᠎ᠠ ᠵᠤᠬᠢᠶᠠᠯ ᠰᠤᠶᠤᠯ ᠤᠷᠠᠯᠢᠭ ᠤᠨ ᠦᠢᠯᠡᠰ ᠤᠨ ᠬᠦᠭᠵᠢᠯᠳᠠ ᠶᠢ ᠲᠦᠯᠬᠢᠨ ᠠᠬᠢᠭᠤᠯᠬᠤ ᠪᠠᠷ᠂ ᠦᠪᠠᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ︽ᠨᠡᠶᠢᠭᠡᠮ ᠵᠢᠷᠤᠮ ᠤᠨ ᠰᠤᠶᠤᠯ ᠤᠷᠠᠯᠢᠭ ᠢ ᠴᠡᠴᠡᠭᠯᠡᠨ ᠬᠦᠭᠵᠢᠬᠦᠯᠬᠦ ᠲᠤᠬᠠᠢ ᠬᠡᠷᠡᠭᠵᠢᠬᠦᠯᠬᠦ ᠰᠠᠨᠠᠯ︾ ᠪᠠ ᠦᠪᠠᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠠᠯᠪᠠᠨ ᠳᠢᠩᠬᠢᠮ᠂ ᠦᠪᠠᠷᠳᠡᠭᠡᠨ ᠵᠠᠰᠬᠠᠤ ᠤᠷᠤᠨ ᠤ ᠵᠠᠰᠠᠭ ᠤᠨ ᠤᠷᠳᠤᠨ ᠤ ᠠᠯᠪᠠᠨ ᠳᠢᠩᠬᠢᠮ ᠠᠴᠠ ᠬᠠᠮᠳᠤᠷᠠᠨ ᠲᠠᠷᠬᠠᠭᠠᠭᠰᠠᠨ ︽ᠪᠦᠬᠦ ᠤᠷᠤᠨ ᠤ ᠰᠤᠶᠤᠯ ᠤᠷᠠᠯᠢᠭ ᠤᠨ ᠰᠢᠯᠭᠠᠷᠠᠭᠤᠯᠤᠨ ᠱᠠᠩᠨᠠᠬᠤ ᠲᠦᠷᠢᠮ ᠤᠨ ᠦᠭᠡᠷᠡᠴᠢᠯᠡᠯᠳᠠ ᠶᠢᠨ ᠲᠤᠬᠠᠢ ᠰᠠᠨᠠᠯ︾ ᠤᠨ ᠪᠢᠴᠢᠭ ᠮᠠᠲᠧᠷᠢᠶᠠᠯ ᠤᠨ ᠵᠤᠷᠢᠭ ᠰᠠᠨᠠᠭ᠎ᠠ ᠪᠠᠷ᠂ ᠠᠶᠢᠮᠠᠭ ᠤᠨ ᠭᠤᠥᠯᠳᠠᠯᠭ᠎ᠠ ᠲᠠᠢ ᠰᠤᠶᠤᠯ ᠤᠷᠠᠯᠢᠭ ᠤᠨ ᠪᠦᠳᠤᠭᠡᠯ ᠤᠨ ᠵᠤᠬᠢᠶᠠᠨ ᠪᠦᠳᠤᠭᠡᠬᠦ ᠶᠢ ᠬᠠᠪᠰᠤᠷᠤᠨ ᠲᠡᠳᠬᠦᠬᠦ ᠤᠳᠤᠷᠢᠳᠬᠤ ᠪᠠᠭ᠎ᠠ ᠲᠤᠭᠤᠢᠢᠯᠠᠩ ᠠᠴᠠ ᠶᠠᠷᠢᠯᠴᠠᠨ ᠰᠤᠳᠤᠯᠵᠤ ᠲᠤᠭᠳᠠᠭᠠᠭᠰᠠᠨ ᠢᠶᠠᠷ᠂ ᠬᠤᠷᠠᠯ ᠤᠨ ᠡᠩ ᠲᠡᠷᠢᠬᠦᠨ ᠳᠤ ᠰᠦᠨ ᠴᠢᠥᠸᠠᠨ ᠰᠢ᠂ ᠬᠦᠨᠡᠰᠤᠳᠤ᠂ ᠲ᠊ · ᠪᠦᠭᠡᠪᠢᠯᠢᠭ᠂ ᠴᠠᠭᠠᠨᠯᠤᠤᠰ᠂ ᠬᠤᠤᠰᠪᠤᠯᠠᠭ ᠵᠡᠷᠭᠡ ᠶᠢᠨ ᠵᠤᠬᠢᠶᠠᠨ ᠪᠦᠳᠤᠭᠡᠭᠰᠡᠨ 2015 ᠤᠨ ᠠᠴᠠ 2018 ᠤᠨ ᠬᠦᠷᠳᠡᠯᠡᠬᠢ᠂ ᠦᠪᠠᠷᠳᠡᠭᠡᠨ ᠵᠠᠰᠠᠬᠤ ᠤᠷᠤᠨ ᠤ ︽ᠰᠤᠯᠤᠩᠭ᠎ᠠ︾᠂ ︽ᠰᠠᠷᠠᠨ᠎ᠠ︾᠂ ︽ᠲᠠᠪᠦ‍ ᠨᠢᠭᠡ ᠶᠢᠨ ᠢᠨᠵᠧᠨᠧᠷᠢᠩ︾ ᠤᠨ ᠱᠠᠩᠨᠠᠯ ᠤᠯᠤᠬᠰᠠᠨ ᠰᠤᠶᠤᠯ ᠤᠷᠠᠯᠢᠭ ᠤᠨ ᠪᠦᠳᠤᠭᠡᠯ ᠪᠦᠷᠢ ᠳᠤ ᠦᠨᠡᠮᠯᠡᠯ ᠭᠠᠷᠳᠠᠭᠤᠯᠤᠭᠰᠠᠨ ᠪᠠ 1 ᠲᠦᠮᠡᠨ ᠲᠦᠬᠦᠷᠢᠭ ᠤᠨ ᠬᠠᠪᠰᠤᠷᠤᠨ ᠲᠡᠳᠬᠦᠬᠦ ᠪᠡᠯᠡ ᠮᠦᠩᠬᠦ ᠶᠢᠨ ᠱᠠᠩᠨᠠᠯ ᠭᠠᠷᠳᠠᠭᠤᠯᠤᠭᠰᠠᠨ ᠪᠠᠶᠢᠨ᠎ᠠ᠃ ᠨᠢᠳᠤᠨᠤᠨ ᠵᠢᠯ ᠤᠨ 7 — 11 ᠰᠠᠷ᠎ᠠ ᠬᠦᠷᠳᠡᠯ᠎ᠠ᠂ ᠦᠪᠠᠷᠳᠡᠭᠡᠨ ᠵᠠᠰᠠᠬᠤ ᠤᠷᠤᠨ ᠤ ᠬᠡᠪᠯᠡᠨ ᠲᠠᠷᠬᠠᠭᠠᠭᠰᠠᠨ ︽ᠤᠬᠠᠭᠤᠯᠭ᠎ᠠ ᠰᠤᠶᠤᠯ ᠤᠨ ᠰᠢᠰᠲᠧᠮ ᠤᠨ ᠶᠠᠳᠠᠭᠤ ᠠᠴᠠ ᠠᠩᠬᠢᠵᠢᠷᠠᠭᠤᠯᠵᠤᠤ ᠪᠤᠭᠤᠮᠳᠠ ᠰᠢᠪᠳᠤᠯᠬᠤ ︿ᠬᠦᠳᠡᠭᠡ ᠲᠤᠰᠬᠤᠨ ᠳᠤ ᠬᠦᠨᠵᠡᠭᠡᠶᠢᠷᠡᠬᠦ﹀ ᠠᠵᠢᠯᠯᠠᠭ᠎ᠠ︾ ᠶᠢᠨ ᠱᠠᠭᠠᠷᠳᠠᠯᠭ᠎ᠠ ᠶᠤᠰᠤᠭᠠᠷ᠂ ᠮᠠᠨ ᠤ ᠠᠶᠢᠮᠠᠭ ᠰᠢᠯᠢᠳᠡᠭ ᠰᠤᠶᠤᠯ ᠤᠷᠠᠯᠢᠭ ᠤᠨ ᠠᠵᠢᠯᠳᠠᠨ ᠤ ᠲᠤᠮᠳᠠ ᠠᠴᠠ 18 ᠤᠷᠠᠯᠢᠬᠴᠢᠡ ᠢ ᠰᠤᠩᠭᠤᠨ᠂ ᠬᠦᠳᠡᠭᠡ ᠲᠤᠰᠬᠤᠨ ᠳᠤ ᠬᠦᠨᠵᠡᠭᠡᠶᠢᠷᠡᠬᠦ ᠵᠤᠬᠢᠶᠠᠨ ᠪᠦᠳᠤᠭᠡᠬᠦ ᠲᠤᠭᠤᠢᠢᠯᠠᠩ ᠪᠠᠶᠢᠭᠤᠯᠵᠠᠢ᠃ ᠲᠡᠳᠠᠨᠠᠷ ᠶᠠᠳᠠᠭᠤ ᠬᠦᠴᠢᠷᠳᠠᠯᠳᠠᠢ ᠭᠠᠵᠠᠷ ᠤᠷᠤᠨ ᠤ ᠡᠮᠤᠨ᠎ᠠ ᠹᠷᠤᠨᠲ ᠲᠤ ᠬᠦᠨᠵᠡᠭᠡᠶᠢᠷᠡᠨ᠂ ᠠᠮᠢᠳᠤᠷᠠᠯ ᠳᠤ ᠬᠦᠨᠵᠡᠭᠡᠶᠢᠷᠡᠵᠤ᠂ ᠠᠷᠠᠳ ᠲᠦᠡᠮᠨ ᠳᠤ ᠦᠨᠳᠤᠰᠤᠯᠠᠵᠤ᠂ ᠶᠠᠳᠠᠭᠤ ᠠᠴᠠ ᠠᠩᠬᠢᠵᠢᠷᠠᠭᠤᠯᠤᠨ ᠪᠤᠭᠤᠮᠳᠠ ᠰᠢᠪᠳᠤᠯᠬᠤ ᠶᠢ ᠳᠤᠰᠬᠠᠬᠰᠠᠨ ᠤᠳᠬ᠎ᠠ ᠤᠷᠠᠯᠢᠭ ᠤᠨ ᠪᠦᠳᠤᠭᠡᠯ ᠢ ᠵᠤᠬᠢᠶᠠᠨ ᠪᠦᠳᠤᠭᠡᠭᠰᠡᠨ ᠪᠠᠶᠢᠨ᠎ᠠ᠃ ᠮᠦᠨ ᠴᠤ ᠲᠤᠰ ᠤᠳᠠᠭᠠᠨ ᠤ ᠬᠤᠷᠠᠯ ᠳᠤ ᠯᠠᠨ ᠶᠠᠨ ᠴᠦᠨ᠂ ᠮᠢᠶᠤᠥ ᠱᠠᠨ ᠬᠤᠸᠠ᠂ ᠳ᠋ᠦᠩ ᠢ ᠮᠢᠩ᠂ ᠱᠢᠷᠦᠨᠴᠢᠮᠡᠭ ᠵᠡᠷᠭᠡ 11 ᠬᠦᠮᠤᠰ ᠢ ᠡᠮᠤᠨ᠎ᠠ ᠭᠤᠷᠪᠠᠨ ᠨᠡᠷᠡᠰ ᠪᠠ ᠰᠢᠯᠢᠳᠡᠭ ᠱᠠᠩᠨᠠᠯ ᠢᠶᠠᠷ ᠰᠢᠯᠭᠠᠷᠠᠭᠤᠯᠵᠤ᠂ ᠦᠨᠡᠮᠯᠠᠯ ᠭᠠᠷᠳᠠᠭᠤᠯᠤᠭᠰᠠᠨ ᠪᠠ ᠱᠠᠩᠨᠠᠯ ᠤᠨ ᠮᠦᠩᠬᠦ ᠤᠯᠭᠤᠵᠠᠢ᠃ ᠦᠩᠭᠡᠷᠡᠭᠰᠡᠨ ᠵᠢᠯ ᠤᠨ 11 ᠰᠠᠷ᠎ᠠ ᠳᠤ᠂ ᠰᠢ ᠶᠢᠨ ᠫᠢᠩ ᠶᠡᠷᠤᠩᠬᠡᠢ ᠱᠦᠵᠢ ᠦᠪᠤᠷ ᠮᠤᠩᠭᠤᠯ ᠤᠨ ᠰᠦᠨᠢᠳ ᠪᠠᠷᠠᠭᠤᠨ ᠬᠤᠰᠢᠭᠤᠨ ᠤ ᠤᠯᠠᠭᠠᠨᠮᠦ᠋ᠴᠢᠷ ᠤᠨ ᠬᠡᠰᠢᠬᠦᠳ ᠲᠤ ᠬᠠᠷᠢᠭᠤ ᠵᠠᠬᠢᠳᠠᠯ ᠢᠯᠡᠭᠡᠭᠰᠡᠨ ᠨᠢᠭᠡ ᠵᠢᠯ ᠪᠤᠯᠤᠭᠰᠠᠨ ᠲᠠᠰᠢᠷᠠᠮ ᠢᠶᠠᠷ᠂ ᠠᠶᠢᠮᠠᠭ ᠤᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠳᠠᠰ᠂ ᠠᠶᠢᠮᠠᠭ ᠤᠨ ᠤᠳᠬ᠎ᠠ ᠤᠷᠠᠯᠢᠭ ᠤᠨ ᠬᠢᠨ ᠤ ᠬᠤᠯᠪᠤᠭ᠎ᠠ ᠠᠴᠠ ᠡᠷᠬᠢᠯᠡᠭᠰᠡᠨ ︽ᠤᠯᠠᠭᠠᠨᠮᠦ᠋ᠴᠢᠷ ᠲᠤ ᠮᠡᠨᠳᠦᠴᠢᠯᠡᠯ ᠬᠦᠷᠭᠡᠬᠦ︾ ᠪᠦᠳᠤᠭᠡᠯ ᠡᠯᠰᠡᠬᠦ ᠠᠵᠢᠯᠯᠠᠭ᠎ᠠ ᠦᠷᠨᠢᠬᠦᠯᠵᠤ᠂ ᠬᠤᠷᠠᠯ ᠳᠤ᠂ ᠮᠠᠨ ᠤ ᠠᠶᠢᠮᠠᠭ ᠤᠨ ᠵᠤᠬᠢᠶᠠᠯᠴᠢᠳ ᠢᠳᠡᠪᠬᠢᠳᠠᠢ ᠤᠷᠤᠯᠴᠠᠵᠤ᠂ 22 ᠵᠤᠬᠢᠶᠠᠯᠴᠢ ᠠᠴᠠ 26 ᠪᠦᠳᠤᠭᠡᠯ ᠢᠶᠠᠨ ᠬᠢᠩᠭᠠᠨ ᠤ ᠡᠳᠤᠷ ᠤᠨ ᠰᠤᠨᠢᠨ ᠤ ᠤᠳᠬ᠎ᠠ ᠵᠤᠬᠢᠶᠠᠯ ᠤᠨ ᠨᠢᠭᠤᠷ ᠲᠤ ᠨᠡᠶᠢᠳᠡᠯᠡᠭᠰᠡᠨ ᠢᠶᠠᠷ ᠪᠠᠷᠠᠬᠤ ᠦᠭᠡᠢ᠂ ᠦᠪᠠᠷᠳᠡᠭᠡᠨ ᠵᠠᠰᠠᠬᠤ ᠤᠷᠤᠨ ᠤ ᠵᠤᠬᠢᠶᠠᠯ ᠡᠯᠰᠡᠬᠦ ᠲᠤᠮᠳᠠ ᠱᠠᠩᠨᠠᠯ ᠤᠯᠤᠭᠰᠠᠨ ᠪᠠᠶᠢᠳᠠᠯ ᠢᠶᠠᠨ ᠲᠠᠨᠢᠯᠴᠠᠭᠤᠯᠤᠭᠰᠠᠨ ᠪᠠᠶᠢᠨ᠎ᠠ᠃ ᠡᠬᠦᠨ ᠤ ᠲᠠᠷᠠᠭ᠎ᠠ᠂ 2019 ᠤᠨ ᠤ ᠶᠠᠳᠠᠭᠤ ᠠᠴᠠ ᠠᠩᠬᠢᠵᠢᠷᠠᠭᠤᠯᠵᠤ ᠪᠤᠭᠤᠮᠳᠠ ᠰᠢᠪᠳᠤᠯᠬᠤ ᠰᠡᠳᠤᠪᠳᠤ ᠵᠤᠬᠢᠶᠠᠨ ᠪᠦᠳᠤᠭᠡᠯᠭᠡ ᠶᠢᠨ ᠰᠠᠭᠤᠳᠠᠯ ᠤᠨ ᠬᠤᠷᠠᠯ ᠬᠢᠪᠡ᠃ ᠨᠢᠳᠤᠨᠤᠨ ᠵᠢᠯ ᠤᠨ 9 ᠰᠠᠷ᠎ᠠ ᠳᠤ᠂ ᠮᠠᠨ ᠤ ᠠᠶᠢᠮᠠᠭ ᠤᠨ ᠦᠷᠭᠡᠨ ᠤᠯᠠᠨ ᠵᠤᠬᠢᠶᠠᠯᠴᠢᠳ ᠢ ᠦᠪᠠᠷᠳᠡᠭᠡᠨ ᠵᠠᠰᠠᠬᠤ ᠤᠷᠤᠨ ᠤ ᠲᠢᠩᠬᠢᠮ ᠲᠤᠪᠴᠢᠶ᠎ᠠ ᠠᠴᠠ ᠴᠡᠭ ᠲᠤᠭᠳᠠᠭᠠᠨ ᠮᠠᠨ ᠤ ᠠᠶᠢᠮᠠᠭ ᠤᠨ ᠶᠠᠳᠠᠭᠤ ᠬᠦᠴᠢᠷᠳᠠᠯᠳᠠᠢ ᠭᠠᠴᠠᠭ᠎ᠠ ᠲᠤᠰᠬᠤᠨ ᠢ ᠬᠠᠪᠰᠤᠷᠤᠨ ᠲᠡᠳᠬᠦᠬᠦ ᠲᠤᠮᠳᠠ ᠴᠤᠯᠭᠤᠷᠠᠭᠰᠠᠨ ᠵᠢᠱᠢᠶᠡᠴᠢ᠂ ᠬᠡᠷᠡᠭ ᠶᠠᠪᠤᠳᠠᠯ᠂ ᠰᠢᠨ᠎ᠠ ᠶᠢ ᠡᠬᠦᠳᠥᠭᠰᠡᠨ ᠠᠵᠢᠯ ᠤᠨ ᠠᠷᠭ᠎ᠠ ᠠᠪᠴᠠᠯ ᠵᠡᠷᠭᠡ ᠠᠭᠤᠯᠭ᠎ᠠ ᠶᠢ ᠪᠠᠭᠳᠠᠭᠠᠭᠰᠠᠨ ᠮᠡᠳᠡᠭᠡᠯᠡᠯ ᠤᠨ ᠤᠷᠠᠨ ᠵᠤᠬᠢᠶᠠᠯ ᠢ ᠳᠤᠭᠤᠷᠪᠢᠨ ᠪᠢᠴᠢᠬᠦ ᠶᠢ ᠤᠷᠢᠶᠠᠯᠠᠵᠤ᠂ ᠰᠠᠶᠢᠨ ᠲᠤᠷ᠎ᠠ ᠠᠴᠠ ᠪᠠᠨ ᠡᠨᠡᠬᠦ ᠡᠬᠦᠷᠭᠡ ᠶᠢ ᠲᠠᠭᠠᠭᠠᠴᠢᠯᠠᠨ ᠠᠪᠤᠭᠰᠠᠨ ᠵᠤᠬᠢᠶᠠᠯᠴᠢᠳ ᠲᠤᠰ ᠤᠳᠠᠭᠠᠨ ᠤ ᠰᠠᠭᠤᠳᠠᠯ ᠤᠨ ᠬᠤᠷᠠᠯ ᠲᠡᠭᠡᠷ᠎ᠠ ᠰᠤᠷᠪᠤᠯᠵᠢᠯᠠᠭ᠎ᠠ ᠶᠢᠨ ᠲᠤᠮᠳᠠ ᠤᠷᠤᠰᠢᠵᠤ ᠪᠠᠶᠢᠭ᠎ᠠ ᠬᠦᠴᠢᠷᠳᠠᠯ᠂ ᠰᠤᠷᠪᠤᠯᠵᠢᠯᠠᠵᠤ ᠪᠢᠴᠢᠭᠰᠡᠨ ᠪᠠᠶᠢᠳᠠᠯ ᠵᠡᠷᠭᠡ ᠲᠠᠯ᠎ᠠ ᠪᠠᠷ ᠶᠠᠷᠢᠯᠴᠠᠭᠰᠠᠨ ᠪᠠᠶᠢᠨ᠎ᠠ᠃ ᠬᠤᠷᠠᠯ ᠤᠨ ᠡᠴᠤᠰ ᠲᠤ ᠠᠶᠢᠮᠠᠭ ᠤᠨ ᠵᠤᠬᠢᠶᠠᠯᠴᠢᠳ ᠤᠨ ᠨᠡᠶᠢᠭᠡᠮᠯᠢᠭ ᠤᠨ ᠲᠡᠷᠢᠬᠦᠯᠡᠭᠴᠢ ᠰᠠᠶᠢᠨᠴᠤᠭᠳᠤ ᠠᠴᠠ ᠳᠤᠰ ᠠᠵᠢᠯ ᠤᠨ ᠡᠭᠦᠷᠭᠡ ᠶᠢ ᠰᠠᠶᠢᠳᠤᠷ ᠪᠡᠶᠡᠯᠡᠬᠦᠯᠬᠦ ᠳᠤᠬᠠᠢ ᠲᠠᠬᠢᠨᠳᠠ ᠨᠠᠷᠢᠨ ᠨᠢᠭᠳᠠ ᠪᠠᠶᠢᠷᠢᠯᠠᠭᠤᠯᠤᠯᠳᠠ ᠬᠢᠵᠤ᠂ ᠪᠤᠳᠠᠳᠠᠢ ᠱᠠᠭᠠᠷᠳᠠᠯᠭ᠎ᠠ ᠳᠤᠷᠠᠳᠴᠠᠢ
 
ᠢᠷᠡᠯᠲᠡ᠄ ᠬᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号