ᠪᠦᠬᠦ ᠠᠶᠢᠮᠠᠭ ᠤᠨ ᠲᠤᠭᠤᠷᠢᠨ ᠲᠤᠬᠯᠠᠬᠤ ᠬᠤᠭᠤᠷᠴᠢᠳ ᠤᠨ ᠪᠤᠯᠪᠠᠰᠦᠷᠠᠯ ᠤᠨ ᠠᠩᠬᠢ ᠶᠢ ᠳᠤᠮᠳᠠᠲᠦ ᠬᠤᠰᠢᠭᠤᠨ ᠳᠤ ᠡᠷᠬᠢᠯᠡᠪᠠ
ᠨᠡᠶᠢᠲᠡᠯᠡᠭᠰᠡᠨ ᠴᠠᠭ᠄
2019-04-26
    ᠠᠶᠢᠮᠠᠭ ᠤᠨ ︽ᠦᠨᠳᠦᠰᠦᠲᠡᠨ ᠤ ᠪᠦᠯᠬᠦᠮᠳᠡᠯ ᠲᠠᠪᠰᠢᠯᠲᠠ ᠶᠢᠨ ᠵᠢᠱᠢᠶᠡᠴᠢ ᠤᠷᠤᠨ︾ ᠤ ᠪᠠᠶᠢᠭᠤᠯᠤᠯᠲᠠ ᠶᠢ ᠠᠬᠢᠭᠤᠯᠤᠨ᠂ ᠬᠤᠷᠴᠢᠨ ᠤ ᠲᠦᠷᠪᠡᠨ ᠤᠳᠠᠰᠲᠦ ᠬᠤᠭᠤᠷ ᠤᠷᠠᠯᠢᠭ ᠢ ᠦᠨᠳᠦᠰᠦᠲᠡᠨ ᠤ ᠰᠤᠶᠤᠯ ᠤᠨ ᠨᠡᠷᠡᠲᠦ ᠲᠡᠮᠳᠡᠭ ᠪᠤᠯᠭᠠᠬᠤ ᠶᠢᠨ ᠲᠦᠯᠦᠭᠡ ᠤᠢᠢᠷ᠎ᠠ ᠶᠢᠨ ᠡᠳᠦᠷ᠂ ᠠᠶᠢᠮᠠᠭ ᠤᠨ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ ᠠᠴᠠ ᠭᠤᠤᠯᠯᠡᠨ ᠡᠷᠬᠢᠯᠡᠭᠰᠡᠨ ᠠᠶᠢᠮᠠᠭ ᠤᠨ ᠲᠤᠭᠤᠷᠢᠨ ᠲᠤᠬᠯᠠᠬᠤ ᠬᠤᠭᠤᠷᠴᠢᠳ ᠤᠨ ᠪᠤᠯᠪᠠᠰᠦᠷᠠᠯ ᠤᠨ ᠠᠩᠬᠢ ᠶᠢ ᠬᠤᠷᠴᠢᠨ ᠪᠠᠷᠠᠭᠤᠨ ᠭᠠᠷᠦᠨ ᠳᠤᠮᠳᠠᠲᠦ ᠬᠤᠰᠢᠭᠤᠨ ᠳᠤ ᠡᠷᠬᠢᠯᠡᠨ ᠶᠠᠪᠤᠬᠳᠠᠭᠤᠯᠪᠠ᠃ ᠲᠤᠰ ᠤᠳᠠᠭᠠᠨ ᠤ ᠪᠤᠯᠪᠠᠰᠦᠷᠠᠯ ᠤᠨ ᠠᠩᠬᠢ ᠨᠢ ᠪᠦᠬᠦ ᠠᠶᠢᠮᠠᠭ ᠤᠨ 34 ᠨᠡᠷᠡᠰ ᠲᠤᠭᠤᠷᠢᠨ ᠲᠤᠬᠯᠠᠬᠤ ᠬᠤᠭᠤᠷᠴᠢ ᠶᠢ ᠪᠤᠯᠪᠠᠰᠦᠷᠠᠭᠤᠯᠵᠦ᠂ ᠪᠤᠯᠪᠠᠰᠦᠷᠠᠯ ᠨᠢ ᠭᠤᠤᠯᠳᠠᠭᠤ ᠬᠤᠭᠤᠷᠴᠢᠳ ᠤᠨ ᠲᠤᠭᠤᠷᠢᠨ ᠲᠤᠬᠯᠠᠬᠤ ᠲᠤᠬᠯᠠᠯᠲᠠ ᠶᠢ ᠨᠠᠶᠢᠷᠠᠭᠤᠯᠬᠤ᠂ ᠲᠤᠭᠤᠷᠢᠨ ᠲᠤᠬᠯᠠᠬᠤ ᠲᠦᠰᠦᠯ ᠢ ᠲᠠᠶᠢᠯᠪᠦᠷᠢᠯᠠᠬᠤ᠂ ᠲᠤᠭᠤᠷᠢᠨ ᠲᠤᠬᠯᠠᠬᠤ ᠵᠤᠬᠢᠶᠠᠨ ᠪᠠᠶᠢᠭᠤᠯᠤᠯᠲᠠ ᠶᠢᠨ ᠰᠠᠬᠢᠯᠭ᠎ᠠ ᠪᠠᠲᠦ ᠶᠢ ᠲᠠᠶᠢᠯᠪᠦᠷᠢᠯᠠᠬᠤ ᠵᠡᠷᠭᠡ ᠠᠭᠤᠯᠭ᠎ᠠ ᠶᠢ ᠪᠠᠭᠳᠠᠭᠠᠬᠰᠠᠨ ᠪᠠᠶᠢᠨ᠎ᠠ᠃ ᠪᠤᠯᠪᠠᠰᠦᠷᠠᠯ ᠨᠢ ᠡᠮᠬᠢ ᠳᠠᠷᠠᠭᠠᠯᠠᠯ ᠲᠠᠢ᠂ ᠲᠦᠷᠢᠮ ᠭᠤᠷᠢᠮ ᠲᠠᠢ ᠰᠠᠶᠢᠬᠠᠨ ᠶᠠᠪᠤᠬᠳᠠᠵᠦ᠂ ᠬᠢᠨᠠᠬᠴᠢ ᠪᠠᠭᠰᠢ ᠨᠠᠷ ᠠᠴᠠ ᠬᠤᠭᠤᠷᠴᠢᠳ ᠤᠨ ᠲᠤᠬᠯᠠᠯᠲᠠ ᠳᠤ ᠪᠦᠬᠦ ᠲᠠᠯ᠎ᠠ ᠪᠠᠷ ᠵᠦᠪ ᠤᠨᠤᠪᠴᠢᠲᠠᠢ ᠦᠨᠡᠯᠡᠯᠲᠡ ᠦᠭᠴᠦ᠂ ᠪᠤᠯᠪᠠᠰᠦᠷᠠᠯ ᠤᠨ ᠵᠤᠷᠢᠯᠭ᠎ᠠ ᠳᠠᠭᠠᠨ ᠬᠦᠷᠴᠦ ᠴᠢᠳᠠᠬᠰᠠᠨ ᠪᠠᠶᠢᠨ᠎ᠠ᠃ ᠲᠤᠰ ᠤᠳᠠᠭᠠᠨ ᠤ ᠪᠤᠯᠪᠠᠰᠦᠷᠠᠯ ᠢᠶᠠᠷ ᠳᠠᠮᠵᠢᠨ ᠂ ᠲᠤᠭᠤᠷᠢᠨ ᠲᠤᠬᠯᠠᠬᠤ ᠬᠤᠭᠤᠷᠴᠢᠳ ᠲᠤᠬᠯᠠᠯᠲᠠ ᠶᠢᠨ ᠴᠢᠬᠤᠯᠠ ᠴᠢᠨᠠᠷ ᠢ ᠤᠢᠢᠯᠠᠭᠠᠵᠦ᠂ ᠲᠤᠭᠤᠷᠢᠨ ᠲᠤᠬᠯᠠᠬᠤ ᠠᠯᠬᠤᠮ ᠳᠠᠷᠠᠭ᠎ᠠ᠂ ᠵᠤᠬᠢᠶᠠᠨ ᠪᠠᠶᠢᠭᠤᠯᠤᠯᠲᠠ ᠶᠢᠨ ᠰᠠᠬᠢᠯᠭ᠎ᠠ ᠪᠠᠲᠦ᠂ ᠠᠩᠬᠠᠷᠬᠤ ᠵᠦᠢᠯᠡᠰ ᠤᠨ ᠲᠤᠬᠠᠢ ᠭᠦᠨᠵᠡᠭᠡᠢ ᠲᠠᠨᠢᠯᠲᠠ ᠲᠠᠢ ᠪᠤᠯᠤᠬᠰᠠᠨ ᠪᠦᠭᠡᠳ ᠬᠤᠭᠤᠷᠴᠢᠳ ᠤᠨ ᠦᠵᠡᠯ ᠤᠬᠠᠮᠰᠠᠷ ᠢ ᠨᠢᠭᠡᠳᠭᠡᠵᠦ᠂ ᠪᠦᠬᠦ ᠠᠶᠢᠮᠠᠭ ᠤᠨ ᠲᠤᠭᠤᠷᠢᠨ ᠲᠤᠬᠯᠠᠯᠲᠠ ᠶᠢᠨ ᠠᠵᠢᠯᠯᠠᠭ᠎ᠠ ᠦᠷᠨᠢᠭᠦᠯᠬᠦ ᠳᠤ ᠪᠠᠲᠦ ᠪᠠᠬᠢ ᠰᠠᠭᠤᠷᠢ ᠶᠢ ᠳᠠᠯᠪᠢᠬᠰᠠᠨ ᠪᠠᠶᠢᠨ᠎ᠠ᠃
 
ᠢᠷᠡᠯᠲᠡ᠄ ᠬᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号