ᠷᠠᠰᠢᠶᠠᠨ ᠬᠤᠳᠠ ᠶᠢᠨ ᠬᠠᠪᠤᠷ ᠤᠨ ᠲᠠᠷᠢᠶᠠᠯᠠᠭ᠎ᠠ ᠶᠢᠨ ᠠᠵᠢᠯ ᠣᠷᠤᠬᠰᠢᠳᠡᠢ ᠶᠠᠪᠤᠭᠳᠠᠵᠦ ᠪᠠᠶᠢᠨ᠎ᠠ
ᠨᠡᠶᠢᠲᠡᠯᠡᠭᠰᠡᠨ ᠴᠠᠭ᠄
2019-05-24
     ᠴᠠᠭ ᠠᠭᠤᠷ ᠲᠤᠯᠠᠭᠠᠷᠠᠬᠤ ᠶᠢ ᠲᠠᠭᠠᠯᠳᠤᠨ᠂ ᠷᠠᠰᠢᠶᠠᠨ ᠬᠤᠳᠠ ᠶᠢᠨ ᠲᠠᠷᠢᠶᠠᠴᠢᠳ ᠴᠠᠭ ᠲᠤᠬᠢᠶᠠᠯ ᠢ ᠰᠠᠶᠢᠳᠤᠷ ᠠᠳᠬᠤᠵᠦ᠂ ᠬᠠᠪᠤᠷ ᠤᠨ ᠲᠠᠷᠢᠶᠠᠯᠠᠭ᠎ᠠ ᠶᠢᠨ ᠠᠵᠢᠯ ᠢᠶᠠᠨ ᠣᠷᠤᠬᠰᠢᠳᠡᠢ ᠶᠠᠪᠤᠭᠳᠠᠭᠤᠯᠵᠦ ᠪᠠᠶᠢᠨ᠎ᠠ᠃     ᠷᠠᠰᠢᠶᠠᠨ ᠬᠤᠳᠠ ᠮᠠᠨ ᠤ ᠠᠶᠢᠮᠠᠭ ᠤᠨ ᠬᠠᠮᠤᠭ ᠬᠤᠶᠢᠳᠦ ᠵᠠᠬ᠎ᠠ ᠳᠤ ᠪᠠᠶᠢᠷᠢᠯᠠᠵᠦ ᠪᠠᠶᠢᠬᠤ ᠪᠤᠯᠬᠤᠷ ᠲᠤᠰ ᠬᠤᠳᠠ ᠶᠢᠨ ᠬᠠᠪᠤᠷ ᠤᠨ ᠲᠠᠷᠢᠶᠠᠯᠠᠭ᠎ᠠ ᠶᠢᠨ ᠠᠵᠢᠯ ᠪᠤᠰᠤᠳ ᠡᠯ᠎ᠠ ᠬᠤᠰᠢᠭᠤ ᠰᠢᠶᠠᠨ ᠬᠤᠳᠠ ᠠᠴᠠ ᠪᠠᠷᠤᠭ 20 ᠡᠳᠦᠷ ᠤᠷᠤᠢ ᠪᠤᠯᠬᠤᠷ ᠤᠳᠤᠬᠠᠨ ᠳᠤ ᠬᠦᠷᠦᠰᠦ ᠤᠷᠪᠠᠭᠤᠯᠬᠤ᠂ ᠪᠤᠷᠳᠤᠭᠤᠷ ᠤᠷᠤᠭᠤᠯᠬᠤ ᠁ ᠵᠡᠷᠭᠡ ᠠᠵᠢᠯ ᠢᠶᠠᠨ ᠶᠠᠪᠤᠭᠳᠠᠭᠤᠯᠵᠦ ᠪᠠᠶᠢᠭ᠎ᠠ ᠲᠠᠷᠢᠶᠠᠴᠢᠳ ᠤᠯᠠᠨ ᠪᠤᠢ᠃ ᠲᠤᠰᠤᠯᠢᠭ ᠨᠤᠭᠤᠭ᠎ᠠ ᠶᠢᠨ ᠲᠠᠷᠢᠶ᠎ᠡ ᠶᠢᠨ ᠬᠦᠷᠦᠰᠦ ᠪᠠᠨ ᠤᠷᠪᠠᠭᠤᠯᠵᠦ ᠪᠠᠶᠢᠭᠰᠠᠨ ᠲᠠᠷᠢᠶᠠᠴᠢᠨ ᠵᠢᠶᠠᠩ ᠯᠢᠶᠠᠩ᠄ ︽ᠡᠨᠡ ᠵᠢᠯ ᠳᠤ 7000 ᠢᠯᠡᠬᠦᠦ ᠮᠦ ᠲᠤᠰᠤᠯᠢᠭ ᠨᠤᠭᠤᠭ᠎ᠠ ᠲᠠᠷᠢᠬᠤ ᠰᠠᠨᠠᠭ᠎ᠠ ᠲᠠᠢ᠂ ᠮᠠᠰᠢᠨ ᠢᠶᠠᠷ ᠲᠠᠷᠢᠶᠠᠯᠠᠬᠤ ᠨᠢ ᠲᠦᠷᠭᠡᠨ ᠮᠦᠷᠳᠡᠭᠡᠨ ᠵᠤᠭᠤᠰ ᠮᠦᠩᠬᠦ ᠳᠡᠭᠡᠨ ᠠᠷᠪᠢᠳᠠᠢ᠃ ᠤᠳᠤ ᠪᠤᠭᠤᠳᠠᠢ ᠪᠠᠨ ᠲᠠᠷᠢᠭᠠᠳ ᠲᠠᠭᠤᠰᠬᠠᠴᠢᠬᠠᠯ᠎ᠠ᠂ ᠲᠤᠰᠤᠯᠢᠭ ᠨᠤᠭᠤᠭ᠎ᠠ ᠪᠠᠨ ᠪᠠᠰᠠ ᠲᠠᠷᠢᠵᠦ ᠲᠠᠭᠤᠰᠬᠠᠬᠤ ᠪᠠᠷ ᠪᠠᠶᠢᠨ᠎ᠠ︾ ᠭᠡᠵᠦ ᠪᠠᠶᠠᠷᠯᠠᠨ ᠬᠡᠯᠡᠵᠦ ᠪᠠᠶᠢᠯ᠎ᠠ᠃     ᠬᠠᠪᠤᠷ ᠤᠨ ᠲᠠᠷᠢᠶᠠᠯᠠᠭ᠎ᠠ ᠶᠢᠨ ᠠᠵᠢᠯ ᠢ ᠤᠷᠤᠭᠰᠢᠳᠠᠢ ᠶᠠᠪᠤᠭᠳᠠᠭᠤᠯᠬᠤ ᠪᠠᠷ᠂ ᠷᠠᠰᠢᠶᠠᠨ ᠬᠤᠳᠠ ᠶᠢᠨ ᠲᠠᠷᠢᠶᠠᠯᠠᠩ ᠮᠠᠯ ᠠᠵᠦ ᠠᠬᠤᠢ ᠤᠰᠤᠨ ᠠᠰᠢᠭᠯᠠᠯᠳᠠ ᠶᠢᠨ ᠲᠤᠪᠴᠢᠶ᠎ᠡ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠤᠪᠴᠢᠶ᠎ᠡ ᠠᠴᠠ ᠠᠵᠢᠯᠳᠠᠨ ᠢᠶᠠᠨ ᠵᠤᠬᠢᠶᠠᠨ ᠪᠠᠶᠢᠭᠤᠯᠵᠦ᠂ ᠡᠯ᠎ᠠ ᠪᠠᠯᠭᠠᠰᠤᠨ ᠳᠤ ᠭᠠᠩ ᠬᠠᠭᠰᠠᠷᠠᠭᠠᠨ ᠢ ᠡᠰᠡᠷᠬᠦᠴᠡᠬᠦ ᠲᠤᠨᠤᠭ ᠲᠦᠬᠦᠭᠡᠷᠦᠮᠵᠢ ᠲᠠᠷᠬᠠᠭᠠᠬᠤ ᠶᠢᠨ ᠬᠠᠮᠳᠦ ᠬᠤᠳᠳᠤᠭ ᠮᠠᠯᠳᠠᠬᠤ ᠴᠢᠬᠤᠯᠠᠳᠠᠢ ᠪᠠᠯᠭᠠᠰᠦ ᠲᠤᠰᠬᠤᠨ ᠢ ᠨᠠᠷᠢᠨ ᠬᠢᠨᠠᠮᠠᠭᠠᠢ ᠲᠡᠮᠳᠡᠭᠯᠡᠵᠦ᠂ ᠲᠠᠷᠢᠶᠠᠯᠠᠩ ᠤᠨ ᠲᠤᠰᠬᠠᠢ ᠮᠡᠷᠭᠡᠵᠢᠯᠳᠡᠨ ᠢ ᠤᠷᠢᠵᠦ᠂ ᠲᠠᠷᠢᠶᠠᠯᠠᠩ ᠦᠢᠯᠡᠳᠪᠦᠷᠢᠯᠡᠯ ᠤᠨ ᠲᠤᠬᠠᠢ ᠵᠢᠭᠠᠨ ᠵᠢᠯᠤᠭᠤᠳᠤᠯᠭ᠎ᠠ ᠬᠢᠵᠦ ᠦᠭᠬᠦ ᠶᠢᠨ ᠬᠠᠮᠳᠦ ᠲᠤᠰᠬᠠᠢ ᠪᠤᠯᠪᠠᠰᠤᠷᠠᠯ ᠬᠦᠷᠳᠡᠭᠡᠵᠦ᠂ ᠨᠡᠩ ᠰᠠᠶᠢᠨ ᠢᠶᠠᠷ ᠬᠠᠪᠤᠷ ᠤᠨ ᠲᠠᠷᠢᠶᠠᠯᠠᠭ᠎ᠠ ᠶᠢᠨ ᠠᠵᠢᠯ ᠳᠤ ᠦᠢᠯᠡᠴᠢᠯᠡᠵᠦ ᠪᠤᠢ᠃ ᠤᠳᠤᠬᠠᠨ ᠪᠤᠯᠳᠠᠯ᠎ᠠ᠂ ᠷᠠᠰᠢᠶᠠᠨ ᠬᠤᠳᠠ ᠲᠠᠷᠢᠶᠠᠨ ᠦᠷ᠎ᠠ᠂ ᠬᠢᠮᠢ ᠶᠢᠨ ᠪᠤᠷᠳᠤᠭᠤᠷ᠂ ᠲᠠᠷᠢᠶᠠᠨ ᠡᠮ᠂ ᠲᠠᠷᠢᠶᠠᠯᠠᠩ ᠤᠨ ᠮᠠᠰᠢᠨ ᠵᠡᠷᠭᠡ ᠲᠤᠨᠤᠭ ᠲᠦᠬᠦᠭᠡᠷᠦᠮᠵᠢ ᠡᠳ᠋ ᠪᠤᠳᠠᠰ ᠢ ᠬᠦᠢᠴᠡᠳ ᠪᠡᠯᠡᠳᠭᠡᠵᠦ᠂ ᠨᠢᠭᠡᠨᠳᠡ 13 ᠲᠦᠮᠡᠨ ᠮᠦ ᠪᠤᠭᠤᠳᠠᠢ᠂ 1000 ᠮᠦ ᠲᠦᠮᠦᠰᠦ᠂ 1.5 ᠲᠦᠮᠡᠨ ᠮᠦ ᠲᠤᠰᠤᠯᠢᠭ ᠨᠤᠭᠤᠭ᠎ᠠ ᠶᠢ ᠲᠠᠷᠢᠵᠦ ᠲᠠᠭᠤᠰᠬᠠᠨ᠂ ᠪᠤᠰᠤᠳ ᠦᠯᠡᠳᠡᠭᠰᠡᠨ ᠲᠠᠷᠢᠮᠠᠯ ᠢ 5 ᠰᠠᠷ᠎ᠠ ᠶᠢᠨ ᠰᠡᠬᠦᠯᠴᠢ ᠠᠴᠠ ᠡᠮᠦᠨ᠎ᠡ ᠪᠦᠬᠦᠨ ᠢ ᠲᠠᠷᠢᠵᠦ ᠲᠠᠭᠤᠰᠬᠠᠬᠤ ᠪᠠᠷ ᠪᠤᠢ᠃  
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号