ᠷᠠᠰᠢᠶᠠᠨ ᠬᠤᠳᠠ ᠲᠦᠷᠦᠯ ᠵᠦᠢᠯ ᠤᠨ ᠪᠠᠶᠢᠭᠤᠯᠤᠯᠳᠠ ᠶᠢ ᠴᠢᠩᠭᠠᠳᠬᠠᠵᠦ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠵᠦ ᠪᠠᠶᠢᠨ᠎ᠠ
ᠨᠡᠶᠢᠲᠡᠯᠡᠭᠰᠡᠨ ᠴᠠᠭ᠄
2019-05-31
     5 ᠰᠠᠷ᠎ᠠ ᠶᠢᠨ 14 — 15 ᠤ ᠡᠳᠦᠷ ᠪᠤᠯᠳᠠᠯ᠎ᠠ᠂ ᠷᠠᠰᠢᠶᠠᠨ ᠬᠤᠳᠠ ᠶᠢᠨ ᠨᠠᠮ ᠤᠨ ᠬᠤᠷᠢᠶ᠎ᠡ᠂ ᠵᠠᠰᠠᠭ ᠤᠨ ᠤᠷᠳᠤᠨ ᠤ ᠬᠠᠮᠢᠶ᠎ᠡ ᠪᠦᠬᠦᠢ ᠤᠳᠤᠷᠢᠳᠤᠯᠭ᠎ᠠ ᠡᠯ᠎ᠠ ᠬᠠᠮᠢᠶ᠎ᠡ ᠪᠦᠬᠦᠢ ᠰᠠᠯᠠᠭ᠎ᠠ ᠮᠦᠴᠢᠷ᠂ ᠮᠦᠩᠬᠦᠨ ᠬᠦᠢᠯᠭᠡᠭᠡᠨ ᠤ ᠪᠠᠶᠢᠭᠤᠯᠤᠮᠵᠢ ᠶᠢ ᠵᠤᠬᠢᠶᠠᠨ ᠪᠠᠶᠢᠭᠤᠯᠵᠦ᠂ ᠡᠯ᠎ᠠ ᠪᠠᠯᠭᠠᠰᠦᠨ ᠳᠤ ᠬᠦᠷᠴᠦ ︽ᠶᠡᠭᠡ ᠰᠤᠷᠤᠯᠴᠠᠯᠭ᠎ᠠ ᠶᠡᠭᠡ ᠶᠠᠷᠢᠯᠴᠠᠭ᠎ᠠ︾ ᠶᠢᠨ ᠰᠢᠨᠵᠢᠯᠡᠨ ᠪᠠᠶᠢᠴᠠᠭᠠᠯᠳᠠ ᠶᠢᠨ ᠠᠵᠢᠯᠯᠠᠭ᠎ᠠ ᠶᠠᠪᠤᠭᠳᠠᠭᠤᠯᠵᠦ᠂ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ᠂ ᠠᠵᠦ ᠦᠢᠯᠡᠰ ᠤᠨ ᠬᠦᠭᠵᠢᠯᠳᠡ ᠵᠡᠷᠭᠡ ᠠᠵᠢᠯ ᠤᠨ ᠲᠤᠬᠠᠢ ᠰᠢᠨᠵᠢᠯᠡᠨ ᠪᠠᠶᠢᠴᠠᠭᠠᠯᠳᠠ ᠬᠢᠵᠦ᠂ ᠶᠡᠭᠡ ᠰᠤᠷᠤᠯᠴᠠᠯᠭ᠎ᠠ ᠶᠡᠭᠡ ᠶᠠᠷᠢᠯᠴᠠᠭ᠎ᠠ ᠶᠢᠨ ᠦᠷ᠎ᠠ ᠪᠦᠳᠦᠭᠡᠯ ᠢ ᠪᠤᠳᠠᠳᠠᠢ ᠳᠤ ᠦᠢᠯᠡᠳᠦᠯᠭᠡᠵᠢᠬᠦᠯᠪᠡ᠃    ᠰᠢᠨᠵᠢᠯᠡᠨ ᠪᠠᠶᠢᠴᠠᠭᠠᠯᠳᠠ ᠶᠢᠨ ᠲᠤᠭᠤᠢᠢᠯᠠᠩ ᠲᠤᠰ ᠪᠦᠷᠢ ᠮᠢᠩ ᠱᠦᠢ ᠾᠧ ᠪᠠᠯᠭᠠᠰᠦ ᠶᠢᠨ ᠰᠢ ᠺᠸᠦ ᠲᠤᠰᠬᠤᠨ ᠤ ᠪᠡᠭᠡᠵᠢᠩ ᠠᠴᠠ ᠦᠪᠦᠷ ᠮᠤᠩᠭᠤᠯ ᠢ ᠬᠠᠪᠰᠤᠷᠤᠨ ᠲᠡᠳᠬᠦᠬᠦ ᠠᠮᠢ ᠠᠬᠤᠢ ᠶᠢᠨ ᠲᠠᠷᠢᠶᠠᠯᠠᠩ ᠮᠠᠯ ᠠᠵᠦ ᠠᠬᠤᠢ ᠶᠢᠨ ᠠᠵᠦ ᠦᠢᠯᠡᠰ ᠤᠨ ᠬᠦᠷᠢᠶᠡᠯᠡᠩ᠂ ᠦ᠋ ᠴᠠ ᠭᠸᠦ ᠪᠠᠯᠭᠠᠰᠦ ᠶᠢᠨ ᠠᠮᠢ ᠠᠬᠤᠢ ᠶᠢᠨ ᠲᠠᠷᠢᠶᠠᠯᠠᠩ ᠤᠨ ᠦᠢᠯᠡᠰ ᠪᠤᠰᠬᠠᠬᠤ ᠬᠦᠷᠢᠶᠡᠯᠡᠩ᠂ ᠪᠠᠢ ᠯᠠᠩ ᠪᠠᠯᠭᠠᠰᠦ ᠶᠢᠨ ᠤᠢ ᠶᠢᠨ ᠢᠷᠭᠡᠨᠰᠢᠯ ᠤᠨ ᠲᠤᠰᠬᠤᠨ ᠪᠠ ᠰᠡᠯᠡᠭᠦᠴᠡᠨ ᠲᠤᠭᠤᠷᠢᠬᠤ ᠲᠤᠰᠬᠤᠨ ᠵᠡᠷᠭᠡ ᠲᠦᠷᠦᠯ ᠵᠦᠢᠯ ᠤᠨ ᠪᠠᠶᠢᠭᠤᠯᠤᠯᠳᠠ ᠶᠢᠨ ᠲᠤᠬᠠᠢ ᠶᠢᠨ ᠭᠠᠵᠠᠷ ᠢᠶᠠᠷ ᠬᠦᠷᠴᠦ ᠰᠢᠨᠵᠢᠯᠡᠨ ᠪᠠᠶᠢᠴᠠᠭᠠᠬᠤ ᠶᠢᠨ ᠬᠠᠮᠳᠦ ᠰᠠᠭᠤᠳᠠᠯ ᠤᠨ ᠬᠤᠷᠠᠯ ᠬᠤᠷᠠᠯᠳᠤᠭᠤᠯᠵᠦ᠂ ᠡᠯ᠎ᠠ ᠪᠠᠯᠭᠠᠰᠦ ᠶᠢᠨ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ᠂ ᠠᠵᠦ ᠦᠢᠯᠡᠰ ᠤᠨ ᠬᠦᠭᠵᠢᠯᠳᠡ ᠵᠡᠷᠭᠡ ᠠᠵᠢᠯ ᠢ ᠶᠠᠪᠤᠭᠳᠠᠭᠤᠯᠤᠭᠰᠠᠨ ᠪᠠᠶᠢᠳᠠᠯ ᠵᠢᠴᠢ ᠲᠠᠷᠠᠭᠠᠴᠢ ᠶᠢᠨ ᠠᠵᠦ ᠦᠢᠯᠡᠰ ᠤᠨ ᠬᠦᠭᠵᠢᠯᠳᠡ ᠶᠢᠨ ᠰᠡᠳᠬᠢᠴᠡ ᠶᠢ ᠰᠤᠨᠤᠰᠤᠭᠰᠠᠨ ᠪᠠᠶᠢᠨ᠎ᠠ᠃     ᠰᠠᠭᠤᠳᠠᠯ ᠤᠨ ᠬᠤᠷᠠᠯ ᠲᠡᠭᠡᠷ᠎ᠠ᠂ ᠡᠯ᠎ᠠ ᠱᠠᠳᠤᠨ ᠤ ᠤᠳᠤᠷᠢᠳᠤᠯᠭ᠎ᠠ᠂ ᠬᠤᠳᠠ ᠶᠢᠨ ᠰᠢᠭᠤᠳ ᠬᠠᠷᠢᠶ᠎ᠡ ᠰᠠᠯᠠᠭ᠎ᠠ ᠮᠦᠴᠢᠷ ᠵᠢᠴᠢ ᠮᠦᠩᠬᠦᠨ ᠬᠦᠢᠯᠭᠡᠭᠡᠨ ᠤ ᠪᠠᠶᠢᠭᠤᠯᠤᠮᠵᠢ ᠠᠴᠠ ᠡᠯ᠎ᠠ ᠪᠠᠯᠭᠠᠰᠦ ᠶᠢᠨ ᠪᠤᠳᠠᠳᠠᠢ ᠲᠦᠷᠦᠯ ᠵᠦᠢᠯ ᠵᠢᠴᠢ ᠬᠦᠴᠢᠷᠳᠡᠯ ᠳᠤ ᠴᠢᠭᠯᠡᠬᠦᠯᠦᠨ ᠠᠯᠢ ᠤᠯᠠᠨ ᠵᠢᠯᠤᠭᠤᠳᠬᠤ ᠴᠢᠨᠠᠷᠳᠠᠢ ᠰᠠᠨᠠᠯ ᠲᠤᠷᠠᠳᠴᠦ᠂ ᠦᠵᠡᠯ ᠰᠠᠨᠠᠭ᠎ᠠ ᠪᠠᠨ ᠲᠠᠬᠢᠨᠳᠠ ᠴᠢᠯᠦᠭᠡᠯᠡᠨ᠂ ᠰᠢᠨ᠎ᠡ ᠬᠦᠭᠵᠢᠯᠲᠡ ᠶᠢᠨ ᠤᠢᠢᠯᠠᠭᠠᠭᠳᠠᠬᠤᠨ ᠢ ᠪᠠᠲᠤᠲᠠᠢ ᠦᠢᠯᠡᠳᠦᠯᠭᠡᠵᠢᠭᠦᠯᠵᠦ᠂ ᠴᠢᠨᠠᠷ ᠰᠠᠶᠢᠲᠠᠢ ᠬᠦᠭᠵᠢᠯᠲᠡ ᠶᠢ ᠠᠬᠢᠭᠤᠯᠬᠤ ᠦᠨᠳᠦᠷᠴᠡ ᠠᠴᠠ ᠨᠢᠭᠡᠳᠦᠯᠳᠡᠢ ᠪᠠᠶᠢᠷᠢᠯᠠᠭᠤᠯᠤᠨ ᠲᠦᠯᠦᠪᠵᠢᠬᠦᠯᠵᠦ᠂ ᠡᠷᠴᠢ ᠵᠤᠷᠢᠭ ᠢᠶᠠᠨ ᠬᠦᠪᠴᠢᠯᠡᠨ ᠲᠠᠶᠢᠴᠢᠯᠠᠨ ᠲᠠᠭᠠᠭᠤᠯᠬᠤ ᠬᠡᠷᠡᠭᠳᠡᠢ ᠭᠡᠰᠡᠨ ᠪᠠᠶᠢᠨ᠎ᠠ᠃     ᠬᠤᠷᠠᠯ ᠠᠴᠠ ᠴᠢᠩᠭᠠᠳᠬᠠᠭᠰᠠᠨ ᠨᠢ᠂ ᠡᠯ᠎ᠠ ᠪᠠᠯᠭᠠᠰᠦ ᠡᠯ᠎ᠠ ᠨᠢᠭᠡᠴᠡ ᠠᠴᠠ ᠦᠵᠡᠯ ᠰᠠᠨᠠᠭ᠎ᠠ ᠶᠢᠨ ᠲᠠᠯ᠎ᠠ ᠪᠠᠷ ᠠᠵᠦ ᠦᠢᠯᠡᠰ ᠢ ᠬᠦᠭᠵᠢᠬᠦᠯᠬᠦ ᠢᠳᠡᠭᠡᠯ ᠵᠤᠷᠢᠭ ᠢᠶᠠᠨ ᠤᠯᠠᠮ ᠢᠶᠠᠷ ᠪᠠᠳᠤᠳᠬᠠᠵᠦ᠂ ᠲᠤᠭᠳᠠᠭᠠᠭᠰᠠᠨ ᠲᠦᠷᠦᠯ ᠵᠦᠢᠯ ᠢ ᠰᠠᠶᠢᠳᠤᠷ ᠠᠳᠬᠤᠵᠦ᠂ ᠦᠨᠡᠨ ᠪᠤᠳᠠᠳᠠᠢ ᠠᠵᠢᠯ ᠤᠨ ᠤᠪᠤᠷ ᠰᠤᠷᠳᠠᠯ ᠢᠶᠠᠷ ᠠᠵᠦ ᠦᠢᠯᠡᠰ ᠤᠨ ᠬᠦᠭᠵᠢᠯᠳᠡ ᠶᠢ ᠦᠨᠡᠨᠬᠦ ᠪᠤᠳᠠᠳᠠᠢ ᠠᠬᠢᠭᠤᠯᠬᠤ ᠬᠡᠷᠡᠭᠳᠡᠢ᠃ ᠠᠵᠦ ᠦᠢᠯᠡᠰ ᠤᠨ ᠲᠠᠯ᠎ᠠ ᠪᠠᠷ ᠭᠤᠤᠯᠯᠠᠭᠴᠢ ᠠᠵᠦ ᠦᠢᠯᠡᠰ ᠢ ᠲᠤᠪᠤᠶᠢᠯᠭᠠᠵᠦ᠂ ᠤᠯᠠᠨ ᠠᠵᠦ ᠦᠢᠯᠡᠰ ᠢ ᠬᠠᠮᠳᠦ ᠳᠤᠨᠢ ᠠᠳᠬᠤᠵᠦ᠂ ᠤᠤᠯ ᠤᠨ ᠪᠠᠶᠢᠭ᠎ᠠ ᠲᠠᠪᠠᠭᠤᠯᠢᠭ ᠠᠵᠦ ᠦᠢᠯᠡᠰ ᠢᠶᠠᠨ ᠬᠦᠢᠴᠡᠳ ᠪᠠᠳᠠᠷᠠᠭᠤᠯᠬᠤ ᠰᠠᠭᠤᠷᠢᠨ ᠲᠡᠭᠡᠷ᠎ᠠ ᠲᠠᠷᠢᠶᠠᠯᠠᠩ᠂ ᠮᠠᠯ ᠠᠵᠦ ᠠᠬᠤᠢ᠂ ᠵᠤᠭᠠᠴᠠᠯ ᠤᠨ ᠶᠡᠷᠦᠩᠭᠡᠶᠢᠯᠡᠭᠰᠡᠨ ᠬᠦᠭᠵᠢᠯᠳᠡ ᠶᠢ ᠪᠠᠷᠢᠮᠳᠠᠯᠠᠬᠤ ᠬᠡᠷᠡᠭᠳᠡᠢ᠃ ᠬᠠᠷᠢᠭᠤᠴᠠᠯᠭ᠎ᠠ ᠶᠢᠨ ᠲᠠᠯ᠎ᠠ ᠪᠠᠷ ᠠᠵᠦ ᠦᠢᠯᠡᠰ ᠤᠨ ᠬᠦᠭᠵᠢᠯᠳᠡ ᠶᠢᠨ ᠠᠵᠢᠯ ᠢ ᠤᠯᠠᠮ ᠢᠶᠠᠷ ᠲᠤᠳᠤᠷᠬᠠᠢ ᠪᠤᠯᠭᠠᠨ᠂ ᠡᠯ᠎ᠠ ᠠᠵᠦ ᠦᠢᠯᠡᠰ ᠤᠨ ᠲᠦᠷᠦᠯ ᠵᠦᠢᠯ ᠢ ᠲᠦᠯᠬᠢᠨ ᠠᠬᠢᠭᠤᠯᠬᠤ᠂ ᠪᠦᠳᠦᠮᠵᠢᠳᠡᠢ ᠨᠠᠶᠢᠳᠠᠪᠤᠷᠢᠵᠢᠭᠤᠯᠬᠤ ᠶᠢ ᠪᠠᠳᠤᠯᠠᠬᠤ ᠬᠡᠷᠡᠭᠳᠡᠢ᠃ ᠬᠠᠮᠢᠶ᠎ᠡ ᠪᠦᠬᠦᠢ ᠲᠦᠷᠢᠮ ᠲᠤᠭᠳᠠᠭᠠᠯ ᠶᠤᠰᠤᠭᠠᠷ ᠡᠯ᠎ᠠ ᠲᠦᠷᠦᠯ ᠤᠨ ᠠᠵᠢᠯ ᠢ ᠶᠠᠪᠤᠭᠳᠠᠭᠤᠯᠵᠦ᠂ ᠲᠦᠷᠦᠯ ᠵᠦᠢᠯ ᠢ ᠬᠠᠤᠯᠢ ᠶᠤᠰᠤᠭᠠᠷ ᠲᠦᠷᠢᠮᠵᠢᠬᠦᠨ ᠢᠶᠠᠷ ᠠᠬᠢᠭᠤᠯᠬᠤ ᠶᠢ ᠪᠠᠳᠤᠯᠠᠬᠤ ᠬᠡᠷᠡᠭᠳᠡᠢ ᠭᠡᠪᠡ᠃  
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号