ᠬᠦᠷᠦᠰᠦᠨ ᠤ ᠶᠠᠩᠵᠤ ᠶᠢ ᠶᠠᠮᠠᠷ ᠦᠶ᠎ᠡ ᠳᠤ ᠠᠪᠤᠪᠠᠯ ᠵᠤᠬᠢᠬᠤ ᠪᠤᠢ
ᠨᠡᠶᠢᠲᠡᠯᠡᠭᠰᠡᠨ ᠴᠠᠭ᠄
2019-06-19
   ᠶᠡᠷᠦ ᠳᠡᠭᠡᠨ ᠨᠠᠮᠤᠷ ᠤᠨ ᠰᠡᠭᠦᠯᠴᠢ ᠪᠠᠷ ᠲᠦᠷᠦᠭᠦᠦ ᠭᠤᠤᠷᠰᠤ ᠳᠠᠷᠢᠮᠠᠯ ᠢ ᠬᠤᠷᠢᠶᠠᠭᠰᠠᠨ ᠤ ᠳᠠᠷᠠᠭ᠎ᠠ ᠰᠡᠭᠦᠯ ᠤᠨ ᠭᠤᠤᠷᠰᠤ ᠳᠠᠷᠢᠮᠠᠯ ᠢ ᠳᠠᠷᠢᠵᠤ ᠪᠤᠷᠳᠤᠭᠤᠷ ᠤᠷᠤᠭᠤᠯᠬᠤ ᠠᠴᠠ ᠡᠮᠦᠨ᠎ᠡ ᠶᠠᠩᠵᠤ ᠠᠪᠤᠨ᠎ᠠ᠃ ᠲᠦᠭᠦᠭᠡᠷᠦᠮᠵᠢᠳᠤ ᠢᠳᠡᠰᠢᠨ ᠨᠤᠭᠤᠭ᠎ᠠ ᠶᠢᠨ ᠭᠠᠵᠠᠷ ᠢ ᠪᠤᠯ ᠫᠧᠩ ᠢ ᠨᠢ ᠬᠠᠳᠠᠭᠠᠵᠤ ᠪᠠᠶᠢᠬᠤ ᠦᠶ᠎ᠡ ᠳᠤ ᠶᠠᠩᠵᠤ ᠠᠪᠤᠨ᠎ᠠ᠃ ᠵᠢᠮᠢᠰ ᠤᠨ ᠬᠦᠷᠢᠶᠡᠯᠡᠩ ᠤᠨ ᠭᠠᠵᠠᠷ ᠢ ᠪᠤᠯ ᠵᠢᠮᠢᠰ ᠢ ᠨᠢ ᠳᠡᠭᠦᠵᠤ ᠠᠪᠤᠭᠰᠠᠨ ᠤ ᠳᠠᠷᠠᠭ᠎ᠠ ᠠᠩᠬ᠎ᠠ ᠪᠤᠷᠳᠤᠭᠤᠷ ᠤᠷᠤᠭᠤᠯᠬᠤ ᠠᠴᠠ ᠡᠮᠦᠨ᠎ᠡ ᠶᠠᠩᠵᠤ ᠠᠪᠴᠤ᠂ ᠵᠤᠯᠵᠠᠭ᠎ᠠ ᠮᠤᠳᠤ ᠵᠢᠴᠢ ᠵᠢᠮᠢᠰ ᠰᠠᠭᠤᠭᠰᠠᠨ ᠦᠭᠡᠢ ᠵᠢᠮᠢᠰ ᠤᠨ ᠬᠦᠷᠢᠶᠡᠯᠡᠩ ᠢ ᠪᠤᠯ ᠬᠦᠷᠢᠶᠡᠯᠡᠩ ᠢ ᠴᠡᠪᠡᠷᠯᠡᠵᠤ ᠪᠤᠷᠳᠤᠭᠤᠷ ᠤᠷᠤᠭᠤᠯᠬᠤ ᠠᠴᠠ ᠡᠮᠦᠨ᠎ᠡ ᠶᠠᠩᠵᠤ ᠠᠪᠤᠨ᠎ᠠ᠃ ᠠᠽᠤᠲ ᠪᠤᠷᠳᠤᠭᠤᠷ ᠨᠠᠮᠠᠨ ᠤᠷᠤᠭᠤᠯᠬᠤ ᠳᠤ ᠪᠤᠷᠳᠤᠭᠤᠷ ᠤᠷᠤᠭᠤᠯᠬᠤ ᠠᠴᠠ ᠡᠮᠦᠨ᠎ᠡ ᠪᠤᠶᠤ ᠳᠠᠷᠢᠮᠠᠯ ᠤᠨ ᠤᠷᠭᠤᠬᠤ ᠵᠠᠩᠬᠢᠯᠠᠭ᠎ᠠ ᠶᠢᠨ ᠦᠶ᠎ᠡ ᠳᠤ ᠶᠠᠩᠵᠤ ᠠᠪᠤᠨ᠎ᠠ᠃ ᠳᠠᠷᠢᠮᠠᠯ ᠤᠨ ᠦᠰᠦᠨ ᠪᠤᠶᠢᠵᠢᠬᠤ ᠬᠤᠭᠤᠴᠠᠭᠠᠨ ᠳᠤ ᠶᠠᠩᠵᠤ ᠠᠪᠬᠤ ᠳᠤ ᠬᠦᠷᠪᠡᠯ ᠳᠤᠬᠠᠢ ᠶᠢᠨ ᠤᠯᠠᠷᠢᠯ ᠤᠨ ᠳᠠᠷᠢᠮᠠᠯ ᠳᠤ ᠪᠤᠷᠳᠤᠭᠤᠷ ᠤᠷᠤᠭᠤᠯᠤᠭᠰᠠᠨ 1 — 2 ᠰᠠᠷ᠎ᠠ ᠶᠢᠨ ᠳᠠᠷᠠᠭ᠎ᠠ᠂ ᠡᠰᠡᠭᠦᠯ᠎ᠡ ᠦᠰᠦᠯᠳᠡ ᠶᠢᠨ ᠰᠡᠭᠦᠯᠴᠢ ᠬᠤᠭᠤᠴᠠᠭ᠎ᠠ᠂ ᠬᠤᠷᠢᠶᠠᠵᠤ ᠠᠪᠬᠤ ᠠᠴᠠ ᠡᠮᠦᠨᠡᠬᠢ ᠬᠤᠭᠤᠴᠠᠭᠠᠨ ᠳᠤ ᠶᠠᠩᠵᠤ ᠠᠪᠤᠨ᠎ᠠ᠃
 
ᠢᠷᠡᠯᠲᠡ᠄ ᠬᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号