ᠵᠤᠨ ᠤ ᠤᠯᠠᠷᠢᠯ ᠳᠤ ᠰᠠᠭᠠᠯᠢ ᠶᠢᠨ ᠦᠨᠢᠶ᠎ᠡ ᠶᠢᠨ ᠠᠷᠠᠴᠢᠯᠠᠯᠳᠠ ᠬᠠᠮᠢᠶᠠᠷᠤᠯᠳᠠ ᠶᠢ ᠴᠢᠩᠭᠠᠳᠬᠠᠪᠠᠯ ᠵᠤᠬᠢᠨ᠎ᠠ
ᠨᠡᠶᠢᠲᠡᠯᠡᠭᠰᠡᠨ ᠴᠠᠭ᠄
2019-06-28
    ᠵᠤᠨ ᠤ ᠤᠯᠠᠷᠢᠯ ᠳᠤ ᠰᠠᠭᠠᠯᠢ ᠶᠢᠨ ᠦᠨᠢᠶ᠎ᠡ ᠶᠢᠨ ᠠᠷᠠᠴᠢᠯᠠᠯᠳᠠ ᠬᠠᠮᠢᠶᠠᠷᠤᠯᠳᠠ ᠶᠢ ᠴᠢᠩᠭᠠᠳᠬᠠᠬᠤ ᠨᠢ ᠰᠠᠭᠠᠯᠢ ᠶᠢᠨ ᠦᠨᠢᠶ᠎ᠡ ᠶᠢᠨ ᠡᠪᠡᠳᠴᠢᠨ ᠢ ᠡᠰᠡᠷᠭᠦᠴᠡᠬᠦ ᠴᠢᠳᠠᠪᠤᠷᠢ ᠶᠢ ᠳᠡᠭᠡᠭᠰᠢᠯᠡᠭᠦᠯᠬᠦ ᠪᠠ ᠰᠦ ᠶᠢᠨ ᠶᠠᠰᠤ ᠴᠢᠨᠠᠷ ᠢ ᠳᠡᠭᠡᠭᠰᠢᠯᠡᠭᠦᠯᠬᠦ ᠲᠠᠢ ᠰᠢᠭᠤᠳ ᠬᠤᠯᠪᠤᠭ᠎ᠠ ᠲᠠᠢ ᠶᠤᠮ᠃ ᠡᠭᠦᠨ ᠳᠤ ᠰᠠᠭᠠᠯᠢ ᠶᠢᠨ ᠦᠨᠢᠶ᠎ᠡ ᠪᠠᠨ ᠰᠠᠶᠢᠳᠤᠷ ᠠᠷᠠᠴᠢᠯᠠᠨ ᠬᠠᠮᠢᠶᠠᠷᠬᠤ ᠳᠤ ᠳᠤᠤᠷᠠᠬᠢ ᠬᠤᠶᠠᠷ ᠳᠠᠯ᠎ᠠ ᠶᠢ ᠰᠠᠶᠢᠳᠤᠷ ᠠᠩᠬᠠᠷᠬᠤ ᠬᠡᠷᠡᠭᠳᠡᠢ᠃    ᠨᠢᠭᠡ ᠳᠤ᠂ ᠭᠦᠢᠴᠡᠳ ᠤᠰᠤᠯᠠᠬᠤ ᠶᠢ ᠠᠩᠬᠠᠷᠬᠤ ᠬᠡᠷᠡᠭᠳᠡᠢ᠃ ᠰᠠᠭᠠᠯᠢ ᠶᠢᠨ ᠦᠨᠢᠶ᠎ᠡ ᠳᠤ ᠠᠪᠴᠤ ᠬᠡᠯᠡᠪᠡᠯ ᠤᠰᠤ ᠪᠤᠯ ᠳᠦᠢᠯ ᠤᠨ ᠴᠢᠬᠤᠯᠠ ᠶᠤᠮ᠃ ᠤᠰᠤ ᠰᠦ ᠶᠢᠨ ᠪᠦᠷᠢᠯᠳᠦᠭᠦᠨ ᠤ 85% ᠶᠢ ᠡᠵᠡᠯᠡᠵᠤ ᠪᠠᠶᠢᠭ᠎ᠠ ᠶᠤᠮ ᠃ ᠰᠠᠭᠠᠯᠢ ᠶᠢᠨ ᠦᠨᠢᠶ᠎ᠡ ᠳᠤ ᠭᠦᠢᠴᠡᠳ ᠤᠰᠤ ᠤᠤᠭᠤᠯᠭᠠᠪᠠᠯ ᠰᠦ ᠶᠢᠨ ᠭᠠᠷᠤᠯᠳᠠ ᠶᠢ 10% — 19% ᠨᠡᠮᠡᠭᠳᠡᠭᠦᠯᠵᠤ ᠴᠢᠳᠠᠨ᠎ᠠ᠃ ᠳᠤᠷᠰᠢᠯᠳᠠ ᠶᠢ ᠦᠨᠳᠦᠰᠦᠯᠡᠪᠡᠯ ᠡᠳᠦᠷ ᠤᠨ ᠰᠦ ᠶᠢᠨ ᠭᠠᠷᠤᠯᠳᠠ ᠨᠢ 50 ᠺᠢᠯᠦᠭᠷᠡᠮ ᠳᠤ ᠬᠦᠷᠬᠦ ᠰᠠᠭᠠᠯᠢ ᠶᠢᠨ ᠦᠨᠢᠶ᠎ᠡ ᠡᠳᠦᠷ ᠲᠤ 100 — 150 ᠯᠢᠲᠷ ᠤᠰᠤ ᠬᠡᠷᠡᠭᠰᠡᠨ᠎ᠡ᠂ ᠶᠡᠷᠦᠳᠡ ᠶᠢᠨ ᠰᠠᠭᠠᠯᠢ ᠶᠢᠨ ᠦᠨᠢᠶ᠎ᠡ ᠴᠤ ᠡᠳᠦᠷ ᠲᠤ 50 — 70 ᠯᠢᠲᠷ ᠤᠰᠤ ᠬᠡᠷᠡᠭᠰᠡᠨ᠎ᠡ᠃     ᠬᠤᠶᠠᠷ ᠲᠤ᠂ ᠨᠠᠷᠠᠰᠢᠬᠤ ᠶᠢ ᠰᠡᠷᠭᠡᠶᠢᠯᠡᠵᠤ ᠪᠡᠶ᠎ᠡ ᠶᠢᠨ ᠳᠤᠯᠠᠭᠠᠨ ᠢ ᠪᠠᠭᠤᠷᠠᠭᠤᠯᠬᠤ ᠶᠢ ᠠᠩᠬᠠᠷᠬᠤ ᠬᠡᠷᠡᠭᠳᠡᠢ᠃ ᠶᠡᠷᠦᠳᠡ ᠶᠢᠨ ᠰᠠᠭᠠᠯᠢ ᠶᠢᠨ ᠦᠨᠢᠶ᠎ᠡ ᠶᠢᠨ ᠬᠠᠮᠤᠭ ᠤᠨ ᠳᠤᠬᠢᠷᠠᠮᠵᠢᠳᠠᠢ ᠳᠤᠯᠠᠭᠠᠨ ᠤ ᠬᠡᠮᠵᠢᠶ᠎ᠡ ᠪᠤᠯ 10 — 16 ᠭᠷᠡᠳᠦ᠋ᠰ᠃ ᠵᠤᠨ ᠤ ᠬᠠᠯᠠᠭᠤᠨ ᠳᠤ ᠳᠤᠯᠠᠭᠠᠨ ᠤ ᠬᠡᠮᠵᠢᠶ᠎ᠡ 25 ᠭᠷᠡᠳᠦ᠋ᠰ ᠢ ᠬᠡᠳᠦᠷᠡᠵᠤ ᠴᠢᠬᠢᠭ ᠤᠨ ᠬᠡᠮᠵᠢᠶ᠎ᠡ 70% ᠠᠴᠠ ᠳᠡᠭᠡᠭᠰᠢ ᠬᠦᠷᠪᠡᠯ ᠰᠠᠭᠠᠯᠢ ᠶᠢᠨ ᠦᠨᠢᠶ᠎ᠡ ᠴᠤᠭ ᠰᠦᠯᠳᠡ ᠦᠭᠡᠢ ᠪᠤᠯᠵᠤ᠂ ᠢᠳᠡᠰᠢᠨ ᠤ ᠳᠤᠷᠠᠰᠢᠯ ᠮᠠᠭᠤᠳᠠᠵᠤ᠂ ᠰᠦ ᠶᠢᠨ ᠭᠠᠷᠤᠯᠳᠠ ᠮᠡᠳᠡᠭᠳᠡᠮ᠎ᠡ ᠪᠠᠭᠤᠷᠠᠨ᠎ᠠ᠃ ᠡᠶᠢᠮᠤ ᠠᠴᠠ ᠵᠤᠨ ᠤ ᠤᠯᠠᠷᠢᠯ ᠳᠤ ᠨᠠᠷᠠᠰᠢᠬᠤ ᠶᠢ ᠰᠡᠷᠭᠡᠶᠢᠯᠡᠵᠤ ᠳᠤᠯᠠᠭᠠᠨ ᠤ ᠬᠡᠮᠵᠢᠶ᠎ᠡ ᠶᠢ ᠪᠠᠭᠤᠷᠠᠭᠤᠯᠬᠤ ᠠᠷᠭ᠎ᠠ ᠶᠢ ᠵᠤᠬᠢᠰᠳᠠᠢ ᠠᠪᠴᠤ᠂ ᠵᠢᠱᠢᠶᠡᠯᠡᠪᠡᠯ ᠰᠠᠭᠠᠯᠢ ᠶᠢᠨ ᠦᠨᠢᠶ᠎ᠡ ᠶᠢᠨ ᠪᠡᠶ᠎ᠡ ᠶᠢᠨ ᠳᠡᠭᠡᠷ᠎ᠡ ᠤᠰᠤ ᠴᠢᠳᠬᠤᠵᠤ ᠦᠭᠬᠦ ᠵᠡᠷᠭᠡ ᠠᠷᠭ᠎ᠠ ᠠᠪᠤᠪᠠᠯ ᠵᠤᠬᠢᠨ᠎ᠠ᠃ ᠰᠠᠭᠠᠯᠢ ᠶᠢᠨ ᠦᠨᠢᠶ᠎ᠡ ᠶᠢᠨ ᠪᠡᠶ᠎ᠡ ᠳᠡᠭᠡᠷ᠎ᠡ ᠤᠰᠤ ᠴᠢᠳᠬᠤᠵᠤ ᠤᠬᠢᠶᠠᠵᠤ ᠦᠭᠪᠡᠯ ᠨᠠᠷᠠᠰᠢᠬᠤ ᠶᠢ ᠰᠡᠷᠭᠡᠶᠢᠯᠡᠵᠤ᠂ ᠪᠡᠶ᠎ᠡ ᠶᠢᠨ ᠳᠤᠯᠠᠭᠠᠨ ᠢ ᠪᠠᠭᠤᠷᠠᠭᠤᠯᠬᠤ ᠪᠠᠷ ᠪᠠᠷᠠᠬᠤ ᠦᠭᠡᠢ ᠰᠢᠨ᠎ᠡ ᠬᠠᠭᠤᠴᠢᠨ ᠤ ᠰᠤᠯᠢᠯᠴᠠᠭ᠎ᠠ ᠶᠢ ᠳᠦᠷᠭᠡᠳᠭᠡᠵᠤ᠂ ᠰᠠᠭᠠᠯᠢ ᠶᠢᠨ ᠦᠨᠢᠶ᠎ᠡ ᠶᠢᠨ ᠡᠷᠡᠭᠦᠯ ᠴᠢᠬᠢᠷᠠᠭ ᠢ ᠪᠠᠳᠤᠯᠠᠬᠤ ᠪᠠ ᠰᠦ ᠶᠢᠨ ᠭᠠᠷᠤᠯᠳᠠ ᠶᠢ ᠨᠡᠮᠡᠭᠳᠡᠭᠦᠯᠬᠦ ᠳᠤ ᠠᠰᠢᠭᠳᠠᠢ ᠶᠤᠮ᠃ ︵ᠤᠬᠠᠭᠠᠨ︶
 
ᠢᠷᠡᠯᠲᠡ᠄ ᠬᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号