ᠮᠠᠨ ᠤ ᠤᠯᠤᠰ ᠤᠨ ᠳᠠᠷᠢᠶᠠᠯᠠᠩ ᠤᠨ ᠬᠡᠷᠡᠭᠯᠡᠭᠡᠨ ᠤ ᠰᠦᠯᠢᠶᠤᠤ ᠪᠦᠷᠬᠦᠪᠴᠢ ᠶᠢ ᠬᠡᠷᠡᠭᠯᠡᠵᠤ ᠪᠠᠶᠢᠭ᠎ᠠ ᠳᠠᠯᠠᠪᠠᠢ | ᠨᠢᠭᠡᠨᠳᠡ 600 ᠳᠦᠮᠡᠨ ᠾᠧᠺᠲ᠋ᠠᠷ ᠢ ᠬᠡᠳᠦᠷᠡᠵᠤ᠂ ᠵᠢᠯ ᠤᠨ ᠦᠯᠡᠳᠡᠭᠳᠡᠯ ᠬᠤᠭ ᠨᠢ ᠬᠠᠮᠤᠭ ᠠᠷᠪᠢᠨ ᠳᠤ ᠪᠠᠨ | 35 ᠲᠦᠮᠡᠨ ᠳᠤᠨ ᠬᠦᠷᠴᠤ ᠪᠤᠢ᠃ ᠶᠡᠬᠡᠩᠬᠢ ᠬᠡᠰᠡᠭ ᠳᠠᠷᠢᠶᠠᠯᠠᠩ ᠤᠨ ᠬᠡᠷᠡᠭᠯᠡᠭᠡᠨ ᠤ ᠰᠦᠯᠢᠶᠤᠤ ᠪᠦᠷᠭᠦᠪᠴᠢ ᠨᠢ | ᠠᠮᠠᠷᠬᠠᠨ ᠵᠠᠳᠠᠷᠠᠳᠠᠭ ᠦᠭᠡᠢ ᠪᠤᠯᠬᠤᠷ ᠬᠦᠷᠦᠰᠦᠨ ᠤ ᠪᠦᠳᠦᠴᠡ ᠶᠢ ᠡᠪᠳᠡᠭᠰᠡᠨ ᠢᠶᠠᠷ ᠪᠠᠷᠠᠬᠤ ᠦᠭᠡᠢ ᠳᠠᠷᠢᠮᠠᠯ ᠤᠨ | ᠦᠨᠳᠦᠰᠦ ᠶᠢᠨ ᠤᠰᠤ ᠰᠢᠩᠭᠡᠭᠡᠨ ᠠᠪᠬᠤ ᠪᠠ ᠤᠷᠭᠤᠬᠤ ᠪᠤᠶᠢᠵᠢᠬᠤ ᠶᠢ ᠬᠠᠷᠰᠢᠯᠠᠵᠤ᠂ ᠬᠦᠷᠦᠰᠦᠨ ᠤ ᠰᠢᠮ᠎ᠡ ᠶᠢ | ᠪᠠᠭᠤᠷᠠᠭᠤᠯᠤᠭᠠᠳ ᠤᠰᠤ ᠬᠦᠷᠦᠰᠦᠨ ᠳᠤ ᠳᠤᠷᠤᠭᠰᠢ ᠰᠢᠮᠡᠳᠬᠦ ᠳᠤ ᠬᠦᠴᠢᠷᠳᠡᠢ ᠪᠤᠯᠭᠠᠭᠰᠠᠨ ᠮᠦᠷᠳᠡᠭᠡᠨ | ᠦᠯᠡᠳᠡᠭᠳᠡᠯ ᠪᠦᠷᠭᠦᠪᠴᠢ ᠨᠢ ᠵᠠᠳᠠᠷᠬᠠᠤ ᠶᠠᠪᠤᠴᠠ ᠳᠤ ᠪᠠᠨ ᠬᠠᠷ᠎ᠠ ᠳᠤᠭᠤᠯᠭ᠎ᠠ᠂ ᠴᠠᠭᠠᠨ ᠳᠤᠭᠤᠯᠭ᠎ᠠ᠂ ᠹᠲ᠋ᠠᠯᠢᠯ | ᠬᠦᠴᠢᠯ ᠤᠨ ᠦᠭᠡᠬᠦ ᠶᠢᠨ ᠳᠦᠷᠦᠯ ᠤᠨ ᠨᠢᠭᠡᠳᠪᠦᠷᠢ ᠵᠡᠷᠭᠡ ᠬᠤᠤᠷᠳᠤ ᠡᠳ᠋ ᠢ ᠢᠯᠭᠠᠷᠠᠭᠤᠯᠤᠨ ᠭᠠᠷᠭᠠᠭᠠᠳ | ᠬᠦᠷᠦᠰᠦ ᠰᠢᠷᠤᠢ ᠶᠢᠨ ᠤᠷᠴᠢᠨ ᠳᠤᠭᠤᠷᠢᠨ ᠤ ᠰᠢᠨ᠎ᠡ ᠪᠤᠬᠢᠷᠳᠤᠯ ᠢ ᠡᠭᠦᠰᠭᠡᠳᠡᠭ᠃ | 1. ᠮᠠᠨ ᠤ ᠤᠯᠤᠰ ᠲᠤ ᠳᠠᠷᠢᠶᠠᠯᠠᠩ ᠤᠨ ᠬᠡᠷᠡᠭᠯᠡᠭᠡᠨ ᠤ ᠰᠦᠯᠢᠶᠤᠤ ᠪᠦᠷᠭᠦᠪᠴᠢ ᠬᠡᠷᠡᠭᠯᠡᠵᠤ ᠪᠠᠶᠢᠭ᠎ᠠ ᠪᠠᠶᠢᠳᠠᠯ | ᠤᠳᠤᠬᠠᠨ ᠳᠤ ᠮᠠᠨ ᠤ ᠤᠯᠤᠰ ᠤᠨ ᠳᠠᠷᠢᠶᠠᠯᠠᠩ ᠤᠨ ᠪᠦᠷᠭᠦᠪᠴᠢ ᠶᠢᠨ ᠬᠡᠷᠡᠭᠯᠡᠯᠳᠡ ᠨᠢ ᠳᠦᠢᠯ ᠤᠨ ᠦᠷᠭᠡᠨ | ᠳᠡᠯᠭᠡᠷ ᠪᠠᠶᠢᠭ᠎ᠠ ᠶᠤᠮ᠃ ᠭᠤᠤᠯᠳᠠᠭᠤ ᠡᠷᠳᠡᠨᠢ ᠰᠢᠰᠢ᠂ ᠤᠰᠤᠨ ᠳᠤᠳᠤᠷᠭ᠎ᠠ ᠶᠢᠨ ᠴᠢᠬᠢ ᠪᠤᠶᠢᠵᠢᠭᠤᠯᠬᠤ᠂ | ᠬᠦᠪᠦᠩ᠂ ᠯᠤᠬᠠᠱᠧᠩ᠂ ᠢᠳᠡᠰᠢᠨ ᠨᠤᠭᠤᠭ᠎ᠠ᠂ ᠳᠠᠷᠪᠤᠰ᠂ ᠨᠠᠪᠴᠢᠨ ᠳᠡᠮᠡᠬᠢ ᠵᠡᠷᠭᠡ ᠭᠤᠤᠯᠯᠠᠬᠤ ᠳᠠᠷᠢᠮᠠᠯ ᠳᠡᠭᠡᠷ᠎ᠡ | ᠬᠡᠷᠡᠭᠯᠡᠵᠤ ᠪᠤᠢ᠃ ᠳᠠᠷᠢᠶᠠᠯᠠᠩ ᠤᠨ ᠪᠦᠷᠭᠦᠪᠴᠢ ᠶᠢᠨ ᠬᠡᠷᠡᠭᠯᠡᠯᠳᠡ ᠨᠢ ᠳᠠᠷᠢᠮᠠᠯ ᠤᠨ ᠤᠨᠠᠯᠳᠠ ᠪᠠ ᠠᠵᠤ ᠠᠬᠤᠢ ᠶᠢᠨ | ᠤᠷᠤᠯᠭ᠎ᠠ ᠶᠢ ᠨᠡᠮᠡᠭᠳᠡᠭᠦᠯᠬᠦ ᠠᠴᠠ ᠭᠠᠳᠠᠨ᠎ᠠ ᠳᠠᠷᠢᠮᠠᠯ ᠤᠨ ᠡᠷᠳᠡ ᠪᠤᠯᠪᠠᠰᠤᠷᠠᠬᠤ ᠶᠢ ᠠᠬᠢᠭᠤᠯᠬᠤ᠂ ᠳᠠᠷᠢᠶᠠᠯᠠᠩ ᠤᠨ | ᠪᠦᠳᠦᠭᠡᠭᠳᠡᠭᠦᠨ ᠤ ᠶᠠᠰᠤ ᠴᠢᠨᠠᠷ ᠪᠠ ᠳᠠᠷᠢᠶᠠᠯᠠᠩ ᠤᠨ ᠶᠡᠷᠦᠩᠬᠡᠶᠢᠯᠡᠭᠰᠡᠨ ᠦᠢᠯᠡᠳᠪᠦᠷᠢᠯᠡᠬᠦ ᠴᠢᠳᠠᠪᠤᠷᠢ ᠶᠢ | ᠳᠡᠭᠡᠭᠰᠢᠯᠡᠭᠦᠯᠬᠦ ᠵᠡᠷᠭᠡ ᠳᠤ ᠪᠦᠷ ᠳᠦᠢᠯ ᠤᠨ ᠴᠢᠬᠤᠯᠠ ᠦᠢᠯᠡᠳᠦᠯ ᠲᠠᠢ᠃ ᠭᠡᠳᠡᠯ᠎ᠡ ᠬᠡᠰᠡᠭ ᠭᠠᠵᠠᠷ ᠲᠠᠬᠢ | ᠬᠡᠷᠡᠭᠯᠡᠯᠳᠡ ᠶᠢᠨ ᠬᠡᠮᠵᠢᠶ᠎ᠡ ᠶᠡᠭᠡ᠂ ᠵᠠᠷᠢᠮ ᠭᠠᠵᠠᠷ ᠤᠨ ᠬᠡᠷᠡᠭᠯᠡᠬᠦ ᠠᠷᠭ᠎ᠠ ᠨᠢ ᠳᠤᠬᠢᠷᠠᠮᠵᠢ ᠦᠭᠡᠢ ᠵᠡᠷᠭᠡ | ᠰᠢᠯᠳᠠᠭᠠᠨ ᠠᠴᠠ ᠪᠤᠯᠵᠤ ᠳᠡᠭᠦᠨ ᠤ ᠤᠷᠴᠢᠨ ᠳᠤᠭᠤᠷᠢᠨ ᠢ ᠪᠤᠬᠢᠷᠳᠤᠭᠤᠯᠬᠤ ᠠᠰᠠᠭᠤᠳᠠᠯ ᠨᠢ ᠡᠳᠦᠷ ᠢᠷᠡᠭᠦᠶ᠎ᠡ | ᠬᠦᠨᠳᠤ ᠨᠤᠴᠢᠳᠠᠢ ᠪᠤᠯᠵᠤ ᠪᠤᠢ᠃ ᠬᠠᠷᠢᠴᠠᠩᠭᠤᠢ ᠪᠠᠷ ᠠᠪᠴᠤ ᠬᠡᠯᠡᠪᠡᠯ ᠳᠠᠷᠢᠶᠠᠯᠠᠩ ᠤᠨ ᠪᠦᠷᠭᠦᠪᠴᠢ ᠶᠢᠨ | ᠳᠠᠷᠢᠶᠠᠯᠠᠩ ᠤᠨ ᠪᠦᠳᠦᠭᠡᠭᠳᠡᠭᠦᠨ ᠤ ᠶᠠᠰᠤ ᠴᠢᠨᠠᠷ ᠲᠤ ᠦᠵᠡᠭᠦᠯᠬᠦ ᠨᠦᠯᠦᠭᠡ ᠨᠢ ᠳᠦᠢᠯ ᠤᠨ ᠪᠠᠭ᠎ᠠ ᠶᠤᠮ᠃ ᠨᠢᠭᠡ | ᠳᠠᠯ᠎ᠠ ᠪᠠᠷ ᠳᠠᠷᠢᠶᠠᠯᠠᠩ ᠤᠨ ᠪᠦᠷᠭᠦᠪᠴᠢ ᠶᠢᠨ ᠬᠡᠷᠡᠭᠯᠡᠯᠳᠡ ᠨᠢ ᠳᠠᠷᠢᠶᠠᠯᠠᠩ ᠤᠨ ᠡᠮ ᠪᠠ ᠬᠢᠮᠢ ᠶᠢᠨ ᠪᠤᠷᠳᠤᠭᠤᠷ ᠢ | ᠪᠤᠳᠤᠪᠠᠯ ᠨᠡᠯᠢᠶᠡᠳ ᠲᠦᠪᠯᠡᠷᠡᠭᠰᠡᠨ ᠪᠠᠶᠢᠵᠤ᠂ ᠬᠡᠷᠡᠭᠯᠡᠭᠡᠨ ᠤ ᠬᠦᠷᠢᠶ᠎ᠡ ᠬᠡᠪᠴᠢᠶ᠎ᠡ ᠨᠢ ᠨᠡᠯᠢᠶᠡᠳ ᠪᠠᠭ᠎ᠠ᠃ ᠨᠦᠬᠦᠭᠡ | ᠳᠠᠯ᠎ᠠ ᠪᠠᠷ ᠳᠠᠷᠢᠶᠠᠯᠠᠩ ᠤᠨ ᠪᠦᠷᠭᠦᠪᠴᠢ ᠶᠢᠨ ᠳᠤᠰ ᠪᠡᠶ᠎ᠡ ᠨᠢ ᠳᠠᠷᠢᠮᠠᠯ ᠳᠤ ᠰᠢᠩᠭᠡᠭᠡᠭᠳᠡᠬᠦ ᠦᠭᠡᠢ ᠪᠠᠶᠢᠳᠠᠭ᠃ | ᠠᠩᠬᠠᠷᠪᠠᠰᠤ ᠵᠤᠬᠢᠬᠤ ᠠᠰᠠᠭᠤᠳᠠᠯ ᠨᠢ ᠭᠡᠪᠡᠯ᠂ ᠦᠢᠯᠡᠳᠪᠦᠷᠢᠯᠡᠯ ᠤᠨ ᠮᠡᠷᠭᠡᠵᠢᠯ ᠵᠡᠷᠭᠡ ᠳᠠᠯ᠎ᠠ ᠶᠢᠨ ᠰᠢᠯᠳᠠᠭᠠᠨ ᠠᠴᠠ | ᠪᠤᠯᠤᠭᠠᠳ ᠳᠠᠷᠢᠶᠠᠯᠠᠩ ᠤᠨ ᠪᠦᠷᠭᠦᠪᠴᠢ ᠳᠤ ᠠᠭᠤᠯᠤᠭᠳᠠᠵᠤ ᠪᠠᠶᠢᠭ᠎ᠠ ᠪᠢᠴᠢᠯ ᠤᠷᠴᠢᠨ ᠳᠤᠭᠤᠷᠢᠨ ᠤ ᠬᠤᠷᠮᠤᠨ | ᠪᠤᠳᠠᠰ᠂ ᠵᠢᠱᠢᠶᠡᠯᠡᠪᠡᠯ ᠬᠤᠯᠪᠤᠭ᠎ᠠ ᠪᠧᠨ᠋ᠽᠧᠨᠳᠤ ᠹᠧᠨᠤᠯ᠂ ᠵᠡᠷᠭᠡᠯᠡᠳᠡᠭᠡ ᠪᠧᠨ᠋ᠽᠧᠨᠳᠤ ᠬᠤᠶᠠᠷᠴᠢ ᠮᠧᠲ᠋ᠠ ᠬᠦᠴᠢᠯ ᠤᠨ | ᠡᠰᠲᠧᠷ᠂ ᠪᠦᠭᠡᠭᠡᠨᠡᠷᠡᠯ ᠡᠲ᠋ᠢᠯᠧᠨ᠂ ᠪᠦᠭᠡᠭᠡᠨᠡᠷᠡᠯ ᠾᠯᠤᠷᠳᠤ ᠬᠤᠯᠪᠤᠭ᠎ᠠ ᠪᠧᠨ᠋ᠽᠧᠨ ᠨᠢ ᠪᠠᠰᠠ ᠳᠠᠷᠢᠶᠠᠯᠠᠩ ᠤᠨ | ᠪᠦᠳᠦᠭᠡᠭᠳᠡᠭᠦᠨ ᠳᠤ ᠪᠤᠬᠢᠷᠳᠤᠭᠤᠯᠤᠯ ᠤᠴᠠᠷᠠᠭᠤᠯᠬᠤ ᠮᠦᠷᠳᠡᠭᠡᠨ ᠡᠭᠦᠨ ᠠᠴᠠ ᠪᠤᠯᠵᠤ ᠬᠦᠮᠦᠨ ᠳᠦᠷᠦᠯᠬᠢᠳᠡᠨ ᠤ | ᠪᠡᠶ᠎ᠡ ᠮᠠᠬᠠᠪᠤᠳ ᠤᠨ ᠡᠷᠡᠭᠦᠯ ᠮᠠᠨᠳᠤ ᠶᠢ ᠬᠤᠬᠢᠷᠠᠭᠤᠯᠵᠤ ᠮᠡᠳᠡᠨ᠎ᠡ᠃ | 2. ᠬᠠᠶᠠᠭᠳᠠᠮᠠᠯ ᠳᠠᠷᠢᠶᠠᠯᠠᠩ ᠤᠨ ᠪᠦᠷᠭᠦᠪᠴᠢ ᠶᠢᠨ ᠬᠤᠤᠷ ᠬᠦᠨᠦᠭᠡᠯ | ᠬᠢᠮᠢ ᠶᠢᠨ ᠪᠤᠷᠳᠤᠭᠤᠷ ᠪᠤᠯᠤᠨ ᠳᠠᠷᠢᠶᠠᠯᠠᠩ ᠤᠨ ᠡᠮ ᠤᠨ ᠬᠦᠷᠦᠰᠦ ᠰᠢᠷᠤᠢ ᠳᠤ ᠦᠵᠡᠭᠦᠯᠬᠦ | ᠪᠤᠬᠢᠷᠳᠤᠭᠤᠯᠤᠯ ᠲᠠᠢ ᠬᠠᠷᠢᠴᠠᠭᠤᠯᠪᠠᠯ᠂ ᠳᠠᠷᠢᠶᠠᠯᠠᠩ ᠤᠨ ᠪᠦᠷᠭᠦᠪᠴᠢ ᠶᠢᠨ ᠬᠦᠷᠦᠰᠦ ᠰᠢᠷᠤᠢ ᠳᠤ ᠦᠵᠡᠭᠦᠯᠬᠦ | ᠪᠤᠬᠢᠷᠳᠤᠭᠤᠯᠤᠯ ᠨᠢ ᠭᠤᠤᠯᠳᠠᠭᠤ ᠹᠢᠽᠢᠺ ᠤᠨ ᠴᠢᠨᠠᠷᠳᠠᠢ ᠪᠠᠶᠢᠳᠠᠭ᠃ ᠳᠠᠷᠢᠶᠠᠯᠠᠩ ᠤᠨ ᠪᠦᠷᠭᠦᠪᠴᠢ ᠶᠢ ᠶᠡᠭᠡ | ᠬᠡᠮᠵᠢᠶ᠎ᠡ ᠪᠠᠷ ᠬᠡᠷᠡᠭᠯᠡᠭᠰᠡᠨ ᠮᠦᠷᠳᠡᠭᠡᠨ ᠪᠤᠴᠠᠭᠠᠨ ᠬᠤᠷᠢᠶᠠᠵᠤ ᠠᠪᠬᠤ ᠨᠤᠷᠮ᠎ᠠ ᠨᠢ ᠳᠤᠤᠷ᠎ᠠ ᠪᠤᠯᠬᠤᠷ ᠳᠡᠭᠦᠨ ᠤ | ᠬᠦᠷᠦᠰᠦᠨ ᠳᠠᠬᠢ ᠦᠯᠡᠳᠡᠭᠳᠡᠯ ᠨᠢ ᠬᠦᠷᠦᠰᠦ ᠰᠢᠷᠤᠢ ᠶᠢᠨ ᠤᠰᠤ ᠠᠭᠠᠷ ᠨᠡᠪᠳᠡᠷᠡᠬᠦ ᠵᠡᠷᠭᠡ ᠹᠢᠽᠢᠺ ᠤᠨ ᠰᠢᠨᠵᠢ | ᠴᠢᠨᠠᠷ ᠢ ᠨᠦᠯᠦᠭᠡᠯᠡᠵᠤ᠂ ᠬᠦᠷᠦᠰᠦ ᠰᠢᠷᠤᠢ ᠳᠠᠬᠢ ᠰᠢᠮ᠎ᠡ ᠳᠡᠵᠢᠭᠡᠯ ᠤᠨ ᠰᠢᠯᠵᠢᠯᠳᠡ ᠨᠢ ᠬᠠᠷᠰᠢᠯᠠᠭᠳᠠᠬᠤ ᠶᠢᠨ | ᠬᠠᠮᠳᠤ ᠡᠭᠦᠨ ᠠᠴᠠ ᠪᠤᠯᠤᠭᠠᠳ ᠳᠠᠷᠢᠮᠠᠯ ᠤᠨ ᠤᠷᠭᠤᠴᠠ ᠪᠤᠶᠢᠵᠢᠯᠳᠠ ᠪᠠ ᠤᠨᠠᠯᠳᠠ ᠶᠢ ᠨᠦᠯᠦᠭᠡᠯᠡᠳᠡᠭ᠃ | ᠳᠠᠷᠢᠶᠠᠯᠠᠩ ᠤᠨ ᠪᠦᠷᠭᠦᠪᠴᠢ ᠲᠠᠢ ᠪᠤᠷᠳᠤᠭ᠎ᠠ ᠶᠢ ᠮᠠᠯ ᠤᠨᠤᠭ᠎ᠠ ᠢᠳᠡᠪᠡᠯ ᠰᠢᠩᠭᠡᠭᠡᠯᠳᠡ ᠶᠢᠨ ᠵᠠᠮ ᠤᠨ ᠡᠪᠡᠳᠴᠢᠨ | ᠡᠮᠭᠡᠭ ᠡᠭᠦᠰᠴᠤ ᠴᠢᠨᠠᠭᠰᠢᠯᠠᠪᠠᠯ ᠦᠭᠦᠳᠡᠭ ᠶᠤᠮ᠃ | 3. ᠰᠦᠯᠢᠶᠦᠤ ᠪᠦᠷᠭᠦᠪᠴᠢ ᠶᠢᠨ ᠪᠤᠬᠢᠷᠳᠤᠭᠤᠯᠤᠯ ᠢ ᠵᠠᠰᠠᠬᠤ ᠠᠷᠭ᠎ᠠ ᠬᠡᠮᠵᠢᠶ᠎ᠡ | ᠬᠠᠮᠤᠭ ᠳᠠᠷᠢᠭᠦᠨ ᠳᠤ᠂ ᠤᠳᠤᠷᠢᠳᠤᠯᠭ᠎ᠠ ᠪᠠᠨ ᠴᠢᠩᠭᠠᠳᠬᠠᠵᠤ᠂ ᠨᠢᠭᠡᠳᠦᠯᠳᠡᠢ ᠲᠦᠯᠦᠪᠵᠢᠭᠦᠯᠦᠨ᠂ | ᠳᠠᠷᠢᠶᠠᠯᠠᠩ ᠤᠨ ᠬᠡᠷᠡᠭᠯᠡᠭᠡᠨ ᠤ ᠰᠦᠯᠢᠶᠤᠤ ᠪᠦᠷᠭᠦᠪᠴᠢ ᠶᠢ ᠬᠡᠷᠡᠭᠯᠡᠬᠦ᠂ ᠪᠤᠴᠠᠭᠠᠨ ᠬᠤᠷᠢᠶᠠᠬᠤ ᠤᠷᠳᠤᠮᠵᠢ ᠶᠢᠨ | ᠵᠤᠬᠢᠴᠠᠮᠵᠢ ᠶᠢ ᠪᠠᠶᠢᠭᠤᠯᠤᠨ᠎ᠠ᠃ ᠳᠠᠷᠠᠭᠠᠯᠠᠪᠠᠯ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠳᠠ ᠶᠢ ᠡᠷᠴᠢᠮᠵᠢᠭᠦᠯᠵᠤ᠂ | ᠬᠠᠶᠠᠭᠳᠠᠮᠠᠯ ᠬᠠᠭᠤᠴᠢᠷᠠᠭᠰᠠᠨ ᠰᠦᠯᠢᠶᠤᠤ ᠪᠦᠷᠭᠦᠪᠴᠢ ᠶᠢ ᠠᠷᠢᠯᠭᠠᠬᠤ ᠪᠠ ᠪᠤᠴᠠᠭᠠᠨ ᠬᠤᠷᠢᠶᠠᠬᠤ | ᠬᠠᠷᠢᠭᠤᠴᠠᠯᠭ᠎ᠠ ᠶᠢᠨ ᠳᠦᠷᠢᠮ ᠢ ᠪᠠᠶᠢᠭᠤᠯᠵᠤ᠂ ᠬᠡᠨ ᠬᠡᠷᠡᠭᠯᠡᠪᠡᠯ ᠬᠡᠨ ᠪᠤᠴᠠᠭᠠᠨ ᠬᠤᠷᠢᠶᠠᠵᠤ᠂ ᠬᠠᠭᠤᠴᠢᠨ ᠢᠶᠠᠷ | ᠰᠢᠨ᠎ᠡ ᠶᠢ ᠰᠤᠯᠢᠬᠤ ᠶᠢ ᠠᠭᠠᠵᠢᠮ ᠢᠶᠠᠷ ᠪᠡᠶᠡᠯᠡᠭᠦᠯᠦᠨ᠎ᠡ᠃ ︵ᠰᠢᠨᠵᠢᠯᠡᠬᠦ︶ |