ᠷᠠᠰᠢᠶᠠᠨ ᠬᠤᠲᠠ ᠶᠢᠨ ᠠᠩᠬᠠᠳᠤᠭᠠᠷ ᠬᠤᠭᠤᠴᠠᠭᠠᠨ ᠤ ᠠᠭᠤᠳᠠᠮ ᠲᠠᠯᠠᠪᠠᠢ ᠶᠢᠨ ᠪᠦᠵᠢᠭ ᠤᠨ ᠤᠷᠤᠯᠳᠤᠭᠠᠨ ᠨᠢᠵᠢᠬᠢᠷ ᠰᠠᠶᠢᠬᠠᠨ ᠶᠠᠪᠤᠬᠳᠠᠪᠠ
ᠨᠡᠶᠢᠲᠡᠯᠡᠭᠰᠡᠨ ᠴᠠᠭ᠄
2019-07-12
    ᠷᠠᠰᠢᠶᠠᠨ ᠬᠤᠲᠠ ᠶᠢᠨ ᠰᠠᠭᠤᠭᠠᠯᠢ ᠠᠷᠡᠳ ᠤᠨ ᠰᠤᠶᠤᠯ ᠤᠨ ᠠᠮᠢᠳᠦᠷᠠᠯ ᠢ ᠪᠠᠶᠠᠯᠢᠬᠵᠢᠭᠤᠯᠵᠦ᠂ ᠡᠶ᠎ᠡ ᠪᠦᠯᠬᠦᠮᠳᠡᠯ ᠲᠠᠢ᠂ ᠪᠠᠶᠠᠷ ᠪᠠᠶᠠᠰᠦᠯᠲᠦ ᠨᠡᠶᠢᠭᠡᠮ ᠤᠨ ᠠᠭᠤᠷ ᠠᠮᠢᠰᠬᠤᠯ ᠢ ᠪᠤᠯᠭᠠᠬᠤ ᠶᠢᠨ ᠲᠦᠯᠦᠭᠡ᠂ 7 ᠰᠠᠷ᠎ᠠ ᠶᠢᠨ 10 ᠤ ᠡᠳᠦᠷ᠂ ᠷᠠᠰᠢᠶᠠᠨ ᠬᠤᠲᠠ ᠶᠢᠨ ᠨᠠᠮ ᠤᠨ ᠬᠤᠷᠢᠶ᠎ᠠ᠂ ᠵᠠᠰᠠᠬ ᠤᠨ ᠤᠷᠳᠤᠨ ᠠᠴᠠ ᠭᠤᠤᠯᠯᠡᠨ ᠡᠷᠬᠢᠯᠡᠵᠦ᠂ ᠷᠠᠰᠢᠶᠠᠨ ᠬᠤᠲᠠ ᠶᠢᠨ ᠰᠤᠶᠤᠯ ᠵᠤᠭᠠᠴᠠᠯ ᠪᠡᠶ᠎ᠠ ᠲᠠᠮᠢᠷ ᠤᠨ ᠲᠤᠪᠴᠢᠶ᠎ᠠ ᠠᠴᠠ ᠳᠠᠭᠠᠭᠠᠴᠢᠯᠡᠨ ᠡᠷᠬᠢᠯᠡᠭᠰᠡᠨ ᠷᠠᠰᠢᠶᠠᠨ ᠬᠤᠲᠠ ᠶᠢᠨ ᠠᠩᠬᠠᠳᠤᠭᠠᠷ ᠬᠤᠭᠤᠴᠠᠭᠠᠨ ᠤ ᠠᠭᠤᠳᠠᠮ ᠲᠠᠯᠠᠪᠠᠢ ᠶᠢᠨ ᠪᠦᠵᠢᠭ ᠤᠨ ᠤᠷᠤᠯᠳᠤᠭᠠᠨ ᠨᠢᠵᠢᠬᠢᠷ ᠰᠠᠶᠢᠬᠠᠨ ᠶᠠᠪᠤᠬᠳᠠᠵᠠᠢ᠃          ᠲᠤᠰ ᠤᠳᠠᠭᠠᠨ ᠤ ᠠᠵᠢᠯᠯᠠᠭᠠᠨ ᠨᠢ ᠡᠯ᠎ᠠ ᠰᠢᠶᠠᠩ ᠪᠠᠯᠭᠠᠰᠦ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ 9 ᠠᠭᠤᠳᠠᠮ ᠲᠠᠯᠠᠪᠠᠢ ᠶᠢᠨ ᠪᠦᠵᠢᠭ ᠤᠨ ᠠᠩᠬᠢ ᠶᠢᠨ 150 ᠭᠠᠷᠦᠢ ᠳᠤᠷ᠎ᠠ ᠪᠠᠭ᠋ᠠᠳᠠᠳ ᠤᠷᠤᠯᠴᠠᠬᠰᠠᠨ ᠪᠠᠶᠢᠨ᠎ᠠ᠃ ᠤᠷᠤᠯᠳᠤᠭᠠᠨ ᠤ ᠲᠤᠬᠯᠠᠯᠲᠠ ᠨᠢ ᠡᠯᠪᠡᠭ ᠪᠠᠶᠠᠯᠢᠬ᠂ ᠪᠦᠵᠢᠭᠴᠢᠳ ᠤᠨ ᠲᠦᠭᠦᠷᠡᠩ ᠬᠠᠯᠠᠭᠤᠨ ᠰᠡᠳᠬᠢᠯᠭᠡ᠂ ᠭᠤᠸ᠎ᠠ ᠰᠠᠶᠢᠬᠠᠨ ᠤᠢᠢᠯᠡ ᠬᠦᠳᠡᠯᠦᠯ᠂ ᠲᠦᠷᠢ ᠲᠦᠷᠬᠦ ᠨᠢ ᠦᠵᠡᠭᠴᠢ ᠤᠯᠠᠨ ᠤ ᠪᠠᠨ ᠬᠠᠯᠠᠭᠤᠨ ᠠᠯᠠᠭ᠎ᠠ ᠲᠠᠰᠢᠯᠲᠠ ᠶᠢ ᠬᠦᠷᠲᠡᠵᠦ ᠬᠦᠷ ᠬᠦᠭᠵᠢᠶᠠᠨ ᠲᠠᠢ ᠶᠠᠪᠤᠬᠳᠠᠬᠰᠠᠨ ᠪᠠᠶᠢᠨ᠎ᠠ᠃ ᠬᠤᠷᠴᠠ ᠰᠢᠷᠦᠭᠦᠨ ᠤᠷᠤᠯᠳᠤᠭᠠᠨ ᠢᠶᠠᠷ ᠳᠠᠮᠵᠢᠨ᠂ ᠷᠠᠰᠢᠶᠠᠨ ᠵᠡᠭᠡᠯᠢ ᠶᠢᠨ ᠲᠦᠯᠦᠭᠡᠯᠡᠭᠴᠢ ᠠᠩᠬᠢ ᠨᠢᠭᠡᠳᠦᠭᠡᠷ ᠲᠤ ᠳᠤᠳᠤᠷᠠᠵᠦ᠂ ᠨᠠᠰᠦᠲᠠᠶᠢᠴᠤᠳ ᠤᠨ ᠤᠷᠠᠯᠢᠭ ᠤᠨ ᠪᠦᠯᠬᠦᠮ ᠤᠨ ᠲᠦᠯᠦᠭᠡᠯᠡᠭᠴᠢ ᠠᠩᠬᠢ ᠬᠤᠶᠠᠳᠤᠭᠠᠷ ᠲᠤ ᠤᠷᠤᠵᠦ᠂ ᠡᠤ ᠴᠠ ᠭᠸᠦ ᠪᠠᠯᠭᠠᠰᠦ ᠶᠢᠨ ᠲᠦᠯᠦᠭᠡᠯᠡᠭᠴᠢ ᠠᠩᠬᠢ ᠪᠤᠯᠤᠨ ᠢᠷᠪᠢᠰ ᠵᠡᠭᠡᠯᠢ ᠶᠢᠨ ᠬᠡᠷᠡᠭ ᠡᠷᠬᠢᠯᠡᠬᠦ ᠭᠠᠵᠠᠷ ᠤᠨ ᠲᠦᠯᠦᠭᠡᠯᠡᠭᠴᠢ ᠠᠩᠬᠢ ᠭᠤᠷᠪᠠᠳᠤᠭᠠᠷ ᠨᠡᠷᠡᠰ ᠲᠤ ᠳᠤᠳᠤᠷᠠᠵᠠᠢ᠃    ᠲᠤᠰ ᠤᠳᠠᠭᠠᠨ ᠤ ᠤᠷᠤᠯᠳᠤᠭᠠᠨ ᠢ ᠶᠠᠪᠤᠬᠳᠠᠭᠤᠯᠬᠤ ᠪᠠᠷ ᠳᠠᠮᠵᠢᠨ᠂ ᠬᠤᠲᠠ ᠶᠢᠨ ᠠᠷᠡᠳ ᠤᠨ ᠤᠶᠤᠨ ᠤ ᠠᠮᠢᠳᠦᠷᠠᠯ ᠢ ᠨᠢ ᠪᠠᠶᠠᠯᠢᠬᠵᠢᠭᠤᠯᠵᠦ᠂ ᠡᠶ᠎ᠡ ᠵᠤᠬᠢᠴᠠᠯᠲᠠᠢ᠂ ᠪᠤᠯᠪᠠᠰᠦᠨ ᠨᠡᠶᠢᠭᠡᠮ ᠤᠨ ᠠᠭᠤᠷ ᠠᠮᠢᠰᠬᠤᠯ ᠢ ᠪᠤᠢ ᠪᠤᠯᠭᠠᠬᠤ ᠳᠤ ᠰᠠᠶᠢᠨ ᠰᠠᠶᠢᠬᠠᠨ ᠤᠷᠴᠢᠨ ᠲᠤᠭᠤᠷᠢᠨ ᠢ ᠪᠤᠢ ᠪᠤᠯᠭᠠᠬᠰᠠᠨ ᠪᠠᠶᠢᠨ᠎ᠠ᠃    
 
ᠢᠷᠡᠯᠲᠡ᠄ ᠳᠤᠮᠳᠠᠳᠥ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号