ᠷᠠᠰᠢᠶᠠᠨ ᠬᠤᠳᠠ ᠰᠤᠨᠢᠨ ᠮᠡᠳᠡᠭᠡ ᠨᠡᠶᠢᠳᠡᠯᠡᠬᠦ ᠬᠤᠷᠠᠯ ᠬᠤᠷᠠᠯᠳᠤᠭᠤᠯᠵᠦ ︽6 · 30︾ ᠤ ᠵᠠᠮ ᠬᠠᠷᠢᠯᠴᠠᠭᠠᠨ ᠤ ᠡ᠊ᠨᠳᠡᠯ ᠤᠨ ᠬᠠᠮᠢᠶ᠎ᠠ ᠪᠦᠬᠦᠢ ᠪᠠᠶᠢᠳᠠᠯ ᠢ ᠮᠡᠳᠡᠭᠳᠡᠵᠠᠢ
ᠨᠡᠶᠢᠲᠡᠯᠡᠭᠰᠡᠨ ᠴᠠᠭ᠄
2019-07-20
     7 ᠰᠠᠷ᠎ᠠ ᠶᠢᠨ 2 ᠤᠨ ᠣᠷᠣᠢ᠂ ᠷᠠᠰᠢᠶᠠᠨ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ︽6 · 30︾ ᠤ ᠵᠠᠮ ᠬᠠᠷᠢᠯᠴᠠᠭᠠᠨ ᠤ ᠡ᠊ᠡᠳᠡᠯ ᠢ ᠰᠢᠶ᠋ᠳᠪᠦᠷᠢᠯᠡᠬᠦ ᠤᠳᠤᠷᠢᠳᠬᠤ ᠳᠤᠭᠤᠢᠢᠯᠠᠩ ᠠᠴᠠ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠵᠦ᠂ 6 ᠰᠠᠷ᠎ᠠ ᠶᠢᠨ 30 ᠤ ᠡᠳᠦᠷ ᠤᠨ ᠷᠠᠰᠢᠶᠠᠨ ᠤ ᠬᠢᠯᠢ ᠳᠣᠲᠣᠷ᠎ᠠ ᠡᠭᠦᠰᠦᠭᠰᠡᠨ ᠵᠠᠮ ᠬᠠᠷᠢᠯᠴᠠᠭᠠᠨ ᠤ ᠡ᠊ᠨᠳᠡᠯ ᠤᠨ ᠬᠠᠮᠢᠶ᠎ᠠ ᠪᠦᠬᠦᠢ ᠪᠠᠶᠢᠳᠠᠯ ᠢ ᠵᠠᠷᠯᠠᠨ ᠮᠡᠳᠡᠭᠳᠡᠪᠡ᠃    6 ᠰᠠᠷ᠎ᠠ ᠶᠢᠨ 30 ᠤ ᠡᠳᠦᠷ ᠤᠨ 16 ᠴᠠᠭ 40 ᠮᠢᠨᠦ᠋ᠲ ᠤᠨ ᠦᠶ᠎ᠡ ᠪᠠᠷ ᠷᠠᠰᠢᠶᠠᠨ ᠤ ᠬᠢᠯᠢ ᠳᠣᠲᠣᠷ᠎ᠠ ᠵᠠᠮ ᠬᠠᠷᠢᠯᠴᠠᠭᠠᠨ ᠤ ᠡ᠊ᠨᠳᠡᠯ ᠭᠠᠷᠴᠠᠶ᠃ ᠬᠠᠷᠠᠮᠦ᠋ᠷᠠᠨ MN6923 ᠨᠤᠮᠧᠷᠳᠦ ᠬᠦᠨᠳᠦ ᠬᠡᠯᠪᠡᠷᠢ ᠶᠢᠨ ᠬᠠᠭᠠᠰ ᠴᠢᠷᠦᠬᠦᠯ ᠲᠡᠷᠭᠡ ︵ᠴᠢᠷᠦᠬᠦᠯ ᠲᠡᠷᠭᠡ ᠬᠠᠷᠠᠮᠦ᠋ᠷᠠᠨ M569G ᠨᠤᠮᠧᠷᠳᠦ ᠬᠦᠨᠳᠦ ᠬᠡᠯᠪᠡᠷᠢ ᠶᠢᠨ ᠬᠠᠭᠠᠰ ᠴᠢᠷᠦᠬᠦᠯ ᠲᠡᠷᠭᠡ︶ ᠤᠯᠠᠭᠠᠨᠬᠤᠳᠠ ᠠᠴᠠ ᠷᠠᠰᠢᠶᠠᠨ ᠬᠤᠳᠠ ᠳᠡᠰᠢ ᠠᠶᠠᠯᠠᠨ ᠮᠤᠵᠢ ᠶᠢᠨ ᠳᠡᠰ ᠤᠨ ᠵᠠᠮ ᠤᠨ 203 ᠲᠠᠪᠬᠤᠷ ᠱᠤᠭᠤᠮ ᠤᠨ 230 ᠺᠢᠯᠤᠮᠧᠳ᠋ᠷ + 950 ᠮᠧᠳ᠋ᠷ ᠤᠨ ᠭᠠᠵᠠᠷ ᠲᠤ ᠢᠵᠢᠯᠢ ᠴᠢᠭᠯᠡᠯ ᠢᠶᠠᠷ ᠠᠶᠠᠯᠠᠨ ᠶᠠᠪᠤᠵᠦ ᠪᠠᠶᠢᠭ᠎ᠠ ᠬᠤᠪᠸᠢ BLY899 ᠨᠤᠮᠧᠷᠳᠦ ᠲᠤᠮᠤ ᠬᠡᠯᠪᠡᠷᠢ ᠶᠢᠨ ᠠᠶᠠᠨᠴᠢᠳ ᠤᠨ ᠮᠠᠰᠢᠨ ᠲᠡᠷᠭᠡ ᠶᠢ ᠬᠤᠷᠳᠤᠯᠠᠨ ᠲᠠᠪᠠᠭ᠋ᠤ ᠦᠶ᠎ᠠ ᠳᠤ ᠡᠰᠡᠷᠬᠦ ᠴᠢᠭᠯᠡᠯ ᠢᠶᠠᠷ ᠠᠶᠠᠯᠠᠵᠦ ᠪᠠᠶᠢᠭ᠎ᠠ ᠾᠧᠪᠸᠢ B5955D ᠨᠤᠮᠧᠷᠳᠦ ᠬᠦᠨᠳᠦ ᠠᠴᠢᠶᠠᠨ ᠮᠠᠰᠢᠨ ᠲᠠᠢ ᠮᠦᠷᠬᠦᠯᠳᠦᠵᠦ᠂ ᠭᠤᠷᠪᠡᠨ ᠲᠡᠷᠭᠡ ᠬᠠᠷᠢᠯᠴᠠᠨ ᠮᠦᠷᠬᠦᠯᠳᠦᠭᠰᠡᠨ ᠤ ᠲᠠᠷᠠᠭ᠎ᠠ ᠳᠠᠷᠤᠢ ᠳᠥᠷᠭᠡᠨ   ᠭᠠᠯ ᠨᠤᠴᠤᠪᠠ᠃ ᠢᠡᠭᠭᠢᠭᠡᠳ ᠲᠤᠰ ᠤᠳᠠᠭᠠᠨ ᠤ ᠡ᠊ᠨᠳᠡᠯ ᠳᠤ 6 ᠬᠥᠮᠦᠨ ᠡ᠊ᠨᠳᠡᠵᠤ᠂ 38 ᠬᠥᠮᠦᠨ ᠰᠢᠷᠬᠠᠲᠤᠪᠠ᠃    ᠠᠩᠬ᠎ᠠ ᠠᠯᠬᠤᠮ ᠪᠠᠶᠢᠴᠠᠭᠠᠭᠰᠠᠨ ᠢᠶᠠᠷ᠂ ᠲᠣᠰ ᠤᠳᠠᠭᠠᠨ ᠤ ᠡ᠊ᠨᠳᠡᠯ ᠤᠨ ᠭᠤᠤᠯ ᠰᠢᠯᠲᠠᠭᠠᠨ ᠪᠣᠯ᠂ ᠬᠠᠷᠠᠮᠦ᠋ᠷᠠᠨ MN6923 ᠨᠤᠮᠧᠷᠳᠦ ᠬᠦᠨᠳᠦ ᠬᠡᠯᠪᠡᠷᠢ ᠶᠢᠨ ᠬᠠᠭᠠᠰ ᠴᠢᠷᠦᠭᠦᠯ ᠲᠡᠷᠭᠡ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ︾ ᠶᠢᠨ ᠳᠥᠴᠢᠨ ᠭᠤᠷᠪᠠᠳᠤᠭᠠᠷ ᠵᠦᠶ᠋ᠯ ᠤᠨ ᠲᠣᠭᠲᠠᠭᠠᠯ ᠢ ᠵᠥᠷᠢᠴᠡᠵᠦ ᠲᠡᠷᠭᠡ ᠶᠢ ᠬᠤᠷᠳᠤᠯᠠᠨ ᠲᠠᠪᠠᠵᠦ ᠭᠠᠷᠤᠭᠰᠠᠨ ᠠᠴᠠ ᠪᠣᠯᠤᠭᠰᠠᠨ ᠶᠤᠮ᠃    ᠡ᠊ᠨᠳᠡᠯ ᠭᠠᠷᠤᠭᠰᠠᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠵᠢᠶ ᠾᠧᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠲᠡᠷᠢᠭᠦᠯᠡᠭᠴᠢ ᠪᠦ᠋ ᠰᠢᠶᠣᠤ ᠯᠢᠨ ᠲᠡᠷᠡ ᠳᠠᠷᠤᠶ ᠳᠤᠨᠢ ᠵᠢᠭᠠᠪᠤᠷᠢ ᠴᠣᠬᠤᠯᠠᠪᠤᠷᠢ ᠥᠭᠴᠦ᠂ ᠡ᠊ᠨᠳᠡᠯ ᠠᠴᠠ ᠠᠪᠤᠷᠠᠨ ᠲᠤᠰᠠᠯᠠᠬᠤ᠂ ᠰᠢᠷᠬᠠᠲᠤᠭᠰᠠᠳ ᠢ ᠠᠪᠤᠷᠠᠨ ᠵᠠᠰᠠᠬᠤ ᠪᠠ ᠬᠤᠶᠢᠨᠠᠬᠢ ᠶᠠᠪᠤᠳᠠᠯ ᠢ ᠰᠢᠶ᠋ᠳᠪᠦᠷᠢᠯᠡᠬᠦ ᠵᠡᠷᠭᠡ ᠠᠵᠢᠯ ᠳᠤ ᠲᠣᠳᠣᠷᠬᠠᠶ ᠱᠠᠭᠠᠷᠳᠠᠯᠭ᠎ᠠ ᠳᠤᠷᠠᠳᠪᠠ᠃ ᠠᠶᠢᠮᠠᠭ ᠤᠨ ᠨᠠᠮ ᠤᠨ ᠬᠤᠷᠢᠶᠠᠨ ᠤ ᠱᠦᠵᠢ ᠵᠠᠩ ᠧᠨ ᠬᠤᠢ ᠲᠡᠷᠡ ᠳᠠᠷᠤᠶ ᠳᠤᠨᠢ ᠡ᠊ᠨᠳᠡᠯ ᠢ ᠰᠢᠶ᠋ᠳᠪᠦᠷᠢᠯᠡᠬᠦ ᠪᠠ ᠬᠥᠮᠦᠨ ᠢ ᠠᠪᠤᠷᠠᠨ ᠵᠠᠰᠠᠬᠤ ᠠᠵᠢᠯ ᠳᠤ ᠪᠣᠳᠠᠲᠠᠶ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠡ︔ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠠᠶᠢᠮᠠᠭ ᠤᠨ ᠪᠠᠶᠢᠩᠭᠤ ᠶᠢᠨ ᠳᠡᠳ᠋ ᠳᠠᠷᠤᠭ᠎ᠠ ᠰᠦᠶ ᠸᠧᠶ ᠵᠢᠶᠦ᠋ᠨ ᠰᠥᠨᠢᠵᠢᠨ ᠬᠤᠷᠠᠯ ᠬᠤᠷᠠᠯᠳᠤᠭᠤᠯᠵᠤ᠂ ᠡ᠊ᠨᠳᠡᠯ ᠢ ᠰᠢᠶ᠋ᠳᠪᠦᠷᠢᠯᠡᠬᠦ ᠠᠵᠢᠯ ᠢ ᠪᠠᠴᠢᠮ ᠪᠠᠶᠢᠷᠢᠯᠠᠭᠤᠯᠵᠤ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠡᠬᠢᠯᠡᠨ ᠬᠡᠷᠡᠭᠵᠢᠭᠦᠯᠵᠦ᠂ ︽6 · 30︾ ᠤ ᠵᠠᠮ ᠬᠠᠷᠢᠯᠴᠠᠭᠠᠨ ᠤ ᠡ᠊ᠨᠳᠡᠯ ᠬᠡᠷᠡᠭ ᠢ ᠪᠠᠶᠢᠴᠠᠭᠠᠬᠤ ᠲᠤᠭᠤᠢᠢᠯᠠᠩ ᠪᠣᠯᠤᠨ 5 ᠲᠤᠰᠬᠠᠶ ᠠᠵᠢᠯ ᠤᠨ ᠳᠤᠭᠤᠢᠢᠯᠠᠩ ᠢ ᠪᠠᠶᠢᠭᠤᠯᠪᠠ︔ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠷᠠᠰᠢᠶᠠᠨ ᠬᠤᠲᠠ ᠶᠢᠨ ᠨᠠᠮ ᠤᠨ ᠬᠤᠷᠢᠶᠠᠨ ᠤ ᠱᠦᠵᠢ ᠭᠤᠤ ᠴᠠᠩ ᠱᠧᠩ᠂ ᠠᠶᠢᠮᠠᠭ ᠤᠨ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠳᠠᠷᠤᠭ᠎ᠠ ᠸᠠᠩ ᠶᠦᠩ ᠴᠢᠩ ᠡ᠊ᠨᠳᠡᠯ ᠤᠨ ᠲᠤᠬᠠᠶ ᠶᠢᠨ ᠲᠠᠯᠠᠪᠠᠢ ᠳᠤ ᠪᠠᠴᠢᠮ ᠶᠠᠭᠠᠷᠠᠯᠲᠠᠶ ᠬᠦᠷᠴᠦ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠶᠢ ᠵᠢᠯᠣᠭᠤᠳᠬᠤ ᠶᠢᠨ ᠬᠠᠮᠲᠤ ᠷᠠᠰᠢᠶᠠᠨ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠡ᠊ᠨᠳᠡᠯ ᠢ ᠰᠢᠶ᠋ᠳᠪᠦᠷᠢᠯᠡᠬᠦ ᠤᠳᠤᠷᠢᠳᠬᠤ ᠳᠤᠭᠤᠢᠢᠯᠠᠩ ᠢ ᠪᠠᠶᠢᠭᠤᠯᠵᠤ᠂ ᠲᠠᠷᠤᠢ ᠳᠤᠨᠢ 6 ᠠᠵᠢᠯᠯᠠᠬᠤ ᠳᠤᠭᠤᠢᠢᠯᠠᠩ ᠪᠠᠶᠢᠭᠤᠯᠵᠤ᠂ ᠠᠵᠢᠯ ᠢᠶᠠᠨ ᠬᠤᠪᠢᠳᠠᠨ ᠬᠠᠷᠢᠭᠤᠴᠠᠵᠤ᠂ ᠲᠦᠷᠭᠡᠨ ᠬᠥᠳᠡᠯᠦᠯᠴᠡᠵᠦ᠂ ᠬᠠᠮᠤᠭ ᠵᠩᠡ ᠴᠢᠷᠮᠠᠶᠢᠯᠭ᠎ᠠ ᠬᠠᠮᠤᠬ ᠬᠤᠷᠳᠤᠨ ᠢᠶᠠᠷ ᠰᠢᠷᠬᠠᠲᠤᠭᠰᠠᠳ ᠢ ᠡᠮᠨᠡᠨ ᠵᠠᠰᠠᠵᠤ᠂ ᠬᠤᠶᠢᠨᠠᠬᠢ ᠶᠠᠪᠤᠳᠠᠯ ᠢ ᠰᠢᠶ᠋ᠳᠪᠦᠷᠢᠯᠡᠬᠦ ᠠᠵᠢᠯ ᠢ ᠬᠢᠵᠡᠶ᠃ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠢᠩᠬᠢᠮ ᠤᠨ ᠳᠡᠳ᠋ ᠳᠠᠷᠤᠭ᠎ᠠ ᠪᠠ ᠯᠢ ᠫᠢᠩ᠂ ᠵᠠᠮ ᠬᠠᠷᠢᠯᠴᠠᠭᠠᠨ ᠤ ᠲᠢᠩᠬᠢᠮ ᠤᠨ ᠳᠡᠳ᠋ ᠳᠠᠷᠤᠭ᠎ᠠ ᠵᠠᠩ ᠰᠢᠶᠠᠩ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠳᠡᠳ᠋ ᠡᠷᠬᠢᠯᠡᠭᠴᠢ ᠸᠠᠩ ᠵᠠᠨ ᠭᠦᠸᠧ ᠤᠷᠢᠳ ᠬᠤᠵᠢᠳ ᠮᠠᠨ ᠤ ᠠᠶᠢᠮᠠᠭ ᠲᠤ ᠢᠷᠡᠵᠦ ᠡ᠊ᠨᠳᠡᠯ ᠢ ᠰᠢᠶ᠋ᠳᠪᠦᠷᠢᠯᠡᠬᠦ ᠪᠠ ᠰᠢᠷᠬᠠᠲᠤᠭᠰᠠᠳ ᠢ ᠠᠪᠤᠷᠠᠨ ᠡᠮᠨᠡᠬᠦ ᠠᠵᠢᠯ ᠢ ᠵᠢᠯᠣᠭᠤᠳᠪᠠ᠃    ᠡ᠊ᠨᠳᠡᠯ ᠢ ᠰᠢᠶ᠋ᠳᠪᠦᠷᠢᠯᠡᠬᠦ ᠳᠤᠮᠳᠠ᠂ ᠠᠶᠢᠮᠠᠭ ᠤᠨ ᠨᠠᠮ ᠤᠨ ᠬᠤᠷᠢᠶ᠎ᠠ᠂ ᠠᠶᠢᠮᠠᠬ ᠤᠨ ᠵᠠᠬᠢᠷᠭ᠎ᠠ ᠪᠣᠯᠤᠨ ᠷᠠᠰᠢᠶᠠᠨ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠰᠢᠷᠬᠠᠲᠤᠭᠰᠠᠳ ᠢ ᠡᠮᠨᠡᠨ ᠠᠪᠤᠷᠠᠬᠤ ᠠᠵᠢᠯ ᠢ ᠲᠡᠷᠢᠭᠦᠨ ᠪᠠᠶᠢᠷᠢᠨ ᠳᠤ ᠲᠠᠯᠪᠢᠵᠤ᠂ ᠠᠶᠢᠮᠠᠭ ᠤᠨ ᠠᠷᠠᠳ ᠤᠨ ᠡᠮᠨᠡᠯᠭᠡ ᠶᠢᠨ ᠬᠤᠷᠢᠶ᠎ᠠ᠂ ᠷᠠᠰᠢᠶᠠᠨ ᠬᠤᠲᠠ ᠶᠢᠨ ᠡᠮᠨᠡᠯᠭᠡ ᠶᠢᠨ ᠬᠤᠷᠢᠶ᠎ᠠ ᠳᠤ ᠰᠢᠷᠬᠠᠲᠤᠭᠰᠠᠳ ᠢ ᠲᠣᠬᠢᠲᠠᠶ ᠲᠥᠪᠬᠢᠨᠡᠭᠦᠯᠵᠦ᠂ ᠡᠮ ᠳᠠᠩ᠂ ᠴᠢᠰᠤᠨ ᠡᠭᠡᠳᠡᠩ ᠢ ᠪᠠᠴᠢᠮ ᠲᠣᠬᠢᠷᠠᠭᠤᠯᠵᠤ᠂ ᠠᠶᠢᠮᠠᠭ ᠤᠨ ᠳᠣᠲᠣᠨ᠎ᠠ ᠭᠠᠳᠠᠨᠠᠬᠢ ᠳᠠᠪᠠᠭᠤᠯᠢᠭ ᠡᠮ ᠡᠮᠨᠡᠯᠭᠡ ᠶᠢᠨ ᠡᠬᠢ ᠪᠠᠶᠠᠯᠢᠭ ᠢ ᠵᠣᠬᠢᠴᠠᠭᠤᠯᠵᠤ᠂ ᠡᠯ᠎ᠡ ᠰᠠᠯᠠᠭᠠᠨ ᠤ ᠡᠮ ᠡᠮᠨᠡᠯᠭᠡ ᠶᠢᠨ ᠲᠤᠰᠬᠠᠶ ᠮᠡᠷᠭᠡᠵᠢᠯᠲᠡᠨ ᠢ ᠵᠣᠬᠢᠶᠠᠨ ᠪᠠᠶᠢᠭᠤᠯᠵᠤ᠂ ᠨᠢᠬᠡ ᠰᠢᠷᠬᠠᠳᠤᠭᠰᠠᠳ ᠢ ᠨᠢᠬᠡ ᠡᠮᠴᠢ ᠨᠢᠬᠡ ᠰᠤᠪᠢᠯᠠᠬᠴᠢ ᠬᠠᠷᠢᠭᠤᠴᠠᠬᠤ ᠬᠡᠯᠪᠡᠷᠢ ᠪᠠᠷ ᠪᠦᠬᠦ ᠬᠦᠴᠦᠨ ᠢᠶᠠᠷ ᠡᠮᠨᠡᠨ ᠵᠠᠰᠠᠪᠠ᠃ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠳᠤᠮᠳᠠᠳᠤ ᠤᠯᠤᠰ ᠤᠨ ᠠᠷᠠᠳ ᠤᠨ ᠴᠢᠯᠥᠭᠡᠯᠡᠬᠦ ᠴᠡᠷᠢᠭ ᠤᠨ ᠶᠡᠷᠦᠩᠬᠡᠶ ᠡᠮᠨᠡᠯᠭᠡ ᠶᠢᠨ ᠬᠤᠷᠢᠶᠠᠨ ᠤ ᠨᠢᠭᠡᠳᠦᠭᠡᠷ ᠬᠠᠷᠢᠶᠠᠲᠤ ᠡᠮᠨᠡᠯᠭᠡ ᠶᠢᠨ ᠬᠤᠷᠢᠶ᠎ᠠ ︵304 ᠡᠮᠨᠡᠯᠭᠡ ᠶᠢᠨ ᠬᠤᠷᠢᠶ᠎ᠠ︶ ᠶᠢᠨ ᠬᠠᠯᠠᠭᠠᠭᠰᠠᠨ ᠰᠢᠷᠬ᠎ᠠ ᠶᠢ ᠳᠦᠷᠭᠡᠨ ᠵᠠᠰᠠᠬᠤ ᠲᠤᠰᠬᠠᠶ ᠮᠡᠷᠭᠡᠵᠢᠯᠲᠡᠨ ᠪᠠ ᠥᠪᠥᠷ ᠮᠣᠩᠭᠤᠯ ᠤᠨ ᠠᠷᠠᠳ ᠤᠨ ᠡᠮᠨᠡᠯᠭᠡ ᠶᠢᠨ ᠬᠤᠷᠢᠶᠠᠨ ᠤ 5 ᠲᠤᠰᠬᠠᠶ ᠮᠡᠷᠭᠡᠵᠢᠯᠲᠡᠨ ᠢ ᠵᠣᠬᠢᠴᠠᠭᠤᠯᠵᠤ᠂ ᠮᠠᠨ ᠤ ᠠᠶᠢᠮᠠᠭ ᠲᠤ ᠢᠷᠡᠵᠦ ᠰᠢᠷᠬᠠᠲᠤᠭᠰᠠᠳ ᠢ ᠡᠮᠨᠡᠨ ᠵᠠᠰᠠᠬᠤ ᠠᠵᠢᠯ ᠢ ᠵᠢᠯᠣᠭᠤᠳᠤᠨ ᠬᠠᠪᠰᠤᠷᠴᠤ᠂ ᠪᠣᠳᠠᠲᠠᠶ ᠡᠮᠨᠡᠨ ᠵᠠᠰᠠᠬᠤ ᠲᠥᠰᠦᠯ ᠢ ᠳᠤᠷᠠᠳᠤᠨ ᠭᠠᠷᠭᠠᠪᠠ᠃ ᠡᠭᠦᠨ ᠤ ᠬᠠᠮᠲᠤ᠂ ᠮᠠᠨ ᠤ ᠠᠶᠢᠮᠠᠭ ᠨᠢᠭᠡᠨᠲᠡ ᠬᠤᠪᠧᠢ ᠮᠤᠵᠢ ᠶᠢᠨ ᠬᠤᠸᠠᠩ ᠱᠢ ᠬᠤᠲᠠ ᠲᠠᠢ ᠠᠵᠢᠯ ᠵᠦᠪᠳᠡᠯᠴᠡᠬᠦ ᠲᠣᠭᠲᠠᠴᠠ ᠪᠠᠶᠢᠭᠤᠯᠵᠤ᠂ ᠬᠤᠶᠢᠨᠠᠬᠢ ᠶᠠᠪᠤᠳᠠᠯ ᠢ ᠰᠢᠶ᠋ᠳᠪᠦᠷᠢᠯᠡᠬᠦ ᠡᠯ᠎ᠡ ᠵᠦᠶ᠋ᠯ ᠤᠨ ᠠᠵᠢᠯ ᠢ ᠯᠠᠪᠳᠠᠭᠤᠨ ᠪᠥᠭᠡᠳ ᠡᠮᠬᠢ ᠵᠢᠷᠤᠮ ᠲᠠᠢ ᠰᠠᠶᠢᠲᠤᠷ ᠬᠢᠵᠡᠶ᠃    ᠣᠶᠢᠯᠠᠭᠠᠭᠰᠠᠨ ᠢᠶᠠᠷ᠂ ᠮᠠᠨ ᠤ ᠠᠶᠢᠮᠠᠭ ᠤᠨ ᠠᠶᠤᠯᠬᠦᠢ ᠦᠶ᠋ᠯᠡᠳᠪᠦᠷᠢᠯᠡᠯ ᠤᠨ ᠵᠥᠪᠯᠡᠯ 7 ᠰᠠᠷ᠎ᠠ ᠶᠢᠨ 1 ᠤ ᠡᠳᠦᠷ ᠤᠨ ᠦᠳᠡ ᠶᠢᠨ ᠡᠮᠦᠨ᠎ᠡ ︽ᠡ᠊ᠨᠳᠡᠯ ᠠᠴᠠ ᠰᠤᠷᠭᠠᠮᠵᠢ ᠠᠪᠴᠦ ᠵᠠᠮ ᠬᠠᠷᠢᠯᠴᠠᠭᠠᠨ ᠤ ᠬᠦᠷᠢᠶ᠎ᠠ ᠭᠡᠪᠴᠢᠶᠡᠨ ᠳᠠᠬᠢ ᠠᠮᠤᠷ ᠲᠦᠪᠰᠢᠨ ᠤ ᠲᠤᠰᠬᠠᠶ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠭᠦᠨᠵᠡᠭᠡᠶ ᠥᠷᠨᠢᠭᠦᠯᠬᠦ ᠲᠤᠬᠠᠢ ᠮᠡᠳᠡᠭᠳᠡᠯ︾ ᠢ ᠪᠠᠴᠢᠮ ᠳᠠᠷᠤᠮᠠᠯᠯᠠᠨ ᠲᠠᠷᠬᠠᠭᠠᠵᠤ᠂ ᠪᠥᠬᠦ ᠠᠶᠢᠮᠠᠭ ᠤᠨ ᠡᠯ᠎ᠡ ᠭᠠᠵᠠᠷ ᠤᠨ ᠬᠢᠨ ᠨᠢᠭᠡ ᠠᠴᠠ ᠨᠥᠬᠦᠭᠡ ᠶᠢ ᠵᠦᠶ᠋ᠴᠢᠯᠡᠨ ᠪᠠᠶᠢᠴᠠᠭᠠᠵᠤ᠂ ᠳᠤᠲᠠᠭᠳᠠᠯ ᠢ ᠨᠢ ᠪᠠᠶᠢᠴᠠᠭᠠᠨ ᠨᠥᠬᠦᠵᠦ᠂ ᠠᠶᠤᠯᠬᠦᠢ ᠦᠶ᠋ᠯᠡᠳᠪᠦᠷᠢᠯᠡᠯ ᠤᠨ ᠡᠨᠡᠬᠦ ᠰᠢᠵᠢᠮ ᠢ ᠴᠠᠭ ᠢᠮᠠᠭᠲᠠ ᠴᠢᠩᠭᠠᠯᠠᠨ᠂ ᠲᠦᠷᠪᠡᠨ ᠰᠠᠷ᠎ᠠ ᠶᠢᠨ ᠬᠤᠭᠤᠴᠠᠭ᠎ᠠ ᠲᠠᠢ ᠵᠠᠮ ᠬᠠᠷᠢᠯᠴᠠᠭᠠᠨ ᠤ ᠬᠦᠷᠢᠶᠡᠨ ᠳᠠᠬᠢ ᠠᠮᠤᠷ ᠲᠦᠪᠰᠢᠨ ᠤ ᠲᠤᠰᠬᠠᠶ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ ᠡᠯ᠎ᠡ ᠲᠥᠷᠥᠯ ᠤᠨ ᠬᠦᠨᠳᠦ ᠶᠡᠭᠡ ᠵᠠᠮ ᠬᠠᠷᠢᠯᠴᠠᠭᠠᠨ ᠤ ᠡ᠊ᠨᠳᠡᠯ ᠭᠠᠷᠬᠤ ᠶᠢ ᠡᠷᠡᠰ ᠪᠦᠲᠦᠮᠵᠢᠲᠡᠶ ᠰᠡᠷᠭᠡᠶᠢᠯᠡᠨ ᠬᠤᠷᠢᠭᠯᠠᠵᠤ᠂ ᠪᠥᠬᠦ ᠠᠶᠢᠮᠠᠭ ᠤᠨ ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ ᠦᠨᠡᠨᠬᠦ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号