ᠵᠠᠩ ᠡᠸ᠋ᠨ ᠬᠤᠢ ︽6 · 30︾ ᠤ ᠵᠠᠮ ᠬᠠᠷᠢᠯᠴᠠᠭᠠᠨ ᠤ ᠡ᠊ᠨᠳᠡᠯ ᠳᠤ ᠰᠢᠷᠬᠠᠳᠤᠭᠰᠠᠳ ᠢ ᠡᠷᠬᠢᠨ ᠦᠵᠡᠵᠦ ᠲᠤᠬᠤᠨᠢᠭᠤᠯᠬᠤ ᠶᠢᠨ ᠬᠠᠮᠳᠦ ᠠᠪᠤᠷᠠᠨ ᠳᠤᠰᠠᠯᠠᠬᠤ ᠶᠢ ᠵᠢᠭᠠᠨ ᠵᠢᠯᠤᠭᠤᠳᠪᠠ
ᠨᠡᠶᠢᠲᠡᠯᠡᠭᠰᠡᠨ ᠴᠠᠭ᠄
2019-07-21
     7 ᠰᠠᠷ᠎ᠠ ᠶᠢᠨ 1 ᠤ ᠦᠳᠡ ᠶᠢᠨ ᠡᠮᠦᠨ᠎ᠡ᠂ ᠠᠶᠢᠮᠠᠭ ᠤᠨ ᠨᠠᠮ ᠤᠨ ᠬᠤᠷᠢᠶᠠᠨ ᠤ ᠱᠦᠵᠢ ᠵᠠᠩ ᠡᠸ᠋ᠨ ᠬᠤᠢ ᠬᠢᠩᠭᠠᠨ ᠠᠶᠢᠮᠠᠭ ᠤᠨ ᠠᠷᠠᠳ ᠤᠨ ᠡᠮᠨᠡᠯᠭᠡ ᠶᠢᠨ ᠬᠤᠷᠢᠶᠠᠨ ᠳᠤ ᠢᠷᠡᠵᠦ᠂ ᠮᠤᠵᠢ ᠶᠢᠨ ᠲᠡᠰ ᠤᠨ ᠵᠠᠰᠠᠮᠠᠯ ᠵᠠᠮ ᠤᠨ 203 ᠱᠤᠭᠤᠮ ᠤᠨ ︽6 · 30︾ ᠤ ᠵᠠᠮ ᠬᠠᠷᠢᠯᠴᠠᠭᠠᠨ ᠤ ᠡ᠊ᠨᠳᠡᠯ ᠳᠤ ᠰᠢᠷᠬᠠᠳᠤᠭᠰᠠᠳ ᠢ ᠡᠷᠬᠢᠨ ᠦᠵᠡᠵᠦ ᠲᠤᠬᠤᠨᠢᠭᠤᠯᠵᠦ᠂ ᠰᠢᠷᠬᠠᠳᠤᠭᠰᠠᠳ ᠢ ᠠᠪᠤᠷᠠᠨ ᠳᠤᠰᠠᠯᠠᠬᠤ ᠪᠠ ᠡ᠊ᠨᠳᠡᠯ ᠤᠨ ᠬᠤᠶᠢᠨᠠᠬᠢ ᠶᠠᠪᠤᠳᠠᠯ ᠢ ᠰᠢᠢᠳᠪᠤᠷᠢᠯᠡᠬᠦ ᠠᠵᠢᠯ ᠳᠤ ᠲᠤᠳᠤᠷᠬᠠᠢ ᠱᠠᠭᠠᠷᠳᠠᠯᠭ᠎ᠠ ᠲᠤᠷᠠᠳᠤᠭᠰᠠᠨ ᠪᠠᠶᠢᠨ᠎ᠠ᠃ ᠠᠶᠢᠮᠠᠭ ᠤᠨ ᠨᠠᠮ ᠤᠨ ᠬᠤᠷᠢᠶᠠᠨ ᠤ ᠭᠡᠰᠢᠬᠦᠨ᠂ ᠠᠶᠢᠮᠠᠭ ᠤᠨ ᠪᠠᠶᠢᠩᠭᠤ ᠶᠢᠨ ᠲᠡᠳ᠋ ᠲᠠᠷᠤᠭ᠎ᠠ ᠰᠦᠢ ᠸᠧᠢ ᠵᠢᠶᠦ᠋ᠨ᠂ ᠠᠶᠢᠮᠠᠭ ᠤᠨ ᠲᠡᠳ᠋ ᠲᠠᠷᠤᠭ᠎ᠠ ᠰᠦᠨ ᠳ᠋ᠧ ᠮᠢᠨ ᠬᠠᠮᠳᠦᠪᠡᠷ ᠲᠤᠬᠤᠨᠢᠭᠤᠯᠵᠠᠢ᠃     6 ᠰᠠᠷ᠎ᠠ ᠶᠢᠨ 30 ᠤ ᠡᠳᠦᠷ ᠤᠨ 16 ᠴᠠᠭ 40 ᠮᠢᠨᠦ᠋ᠲ ᠤᠨ ᠦᠶ᠎ᠡ ᠪᠠᠷ᠂ ᠷᠠᠰᠢᠶᠠᠨ ᠤ ᠬᠢᠯᠢ ᠲᠤᠳᠤᠷᠠᠬᠢ ᠮᠤᠵᠢ ᠶᠢᠨ ᠲᠡᠰ ᠤᠨ ᠵᠠᠰᠠᠮᠠᠯ ᠵᠠᠮ ᠤᠨ 203 ᠱᠤᠭᠤᠮ ᠤᠨ 230 ᠺᠢᠯᠤᠮᠧᠳ᠋ᠷ ᠤᠨ ᠭᠠᠵᠠᠷ ᠲᠤ ᠨᠢᠭᠡᠨ ᠵᠠᠮ ᠬᠠᠷᠢᠯᠴᠠᠭᠠᠨ ᠤ ᠡ᠊ᠨᠳᠡᠯ ᠡᠬᠦᠰᠴᠦ᠂ ᠬᠦᠮᠦᠨ ᠡ᠊ᠨᠳᠡᠵᠦ ᠰᠢᠷᠬᠠᠳᠤᠪᠠ᠃ ᠡ᠊ᠨᠳᠡᠯ ᠡᠬᠦᠰᠦᠭᠰᠡᠨ ᠤ ᠰᠡᠬᠦᠯᠡᠷ᠂ ᠠᠶᠢᠮᠠᠭ ᠤᠨ ᠨᠠᠮ ᠤᠨ ᠬᠤᠷᠢᠶᠠᠨ ᠤ ᠱᠦᠵᠢ ᠵᠠᠩ ᠡᠸ᠋ᠨ ᠬᠤᠢ ᠲᠡᠷᠡ ᠲᠠᠷᠤᠢ ᠳᠤᠨᠢ ᠡ᠊ᠨᠳᠡᠯ ᠢ ᠰᠢᠢᠳᠪᠦᠷᠢᠯᠡᠬᠦ ᠪᠠ ᠰᠢᠷᠬᠠᠳᠤᠭᠰᠠᠳ ᠢ ᠠᠪᠤᠷᠠᠨ ᠡᠮᠴᠢᠯᠡᠬᠦ ᠠᠵᠢᠯ ᠳᠤ ᠪᠠᠶᠢᠷᠢᠯᠠᠭᠤᠯᠤᠯᠳᠠ ᠬᠢᠭᠰᠡᠨ ᠪᠠᠶᠢᠨ᠎ᠠ᠃ ᠠᠶᠢᠮᠠᠭ ᠤᠨ ᠨᠠᠮ ᠤᠨ ᠬᠤᠷᠢᠶ᠎ᠡ᠂ ᠠᠶᠢᠮᠠᠭ ᠤᠨ ᠵᠠᠬᠢᠷᠭ᠎ᠠ ᠠᠴᠠ ᠠᠯᠢ ᠲᠦᠷᠭᠡᠨ ᠢᠶᠠᠷ ᠡ᠊ᠨᠳᠡᠯ ᠢ ᠰᠢᠢᠳᠪᠦᠷᠢᠯᠡᠬᠦ ᠠᠵᠢᠯ ᠤᠨ ᠲᠤᠭᠤᠢᠢᠯᠠᠩ ᠪᠠᠶᠢᠭᠤᠯᠵᠦ᠂ ᠡᠮ ᠡᠮᠴᠢᠯᠡᠭᠡ᠂ ᠭᠠᠯ ᠢ ᠰᠡᠷᠭᠡᠶᠢᠯᠡᠵᠦ ᠤᠨᠳᠠᠷᠠᠭᠠᠬᠤ᠂ ᠲᠤᠳᠤᠭᠠᠳᠦ ᠶᠢ ᠬᠠᠮᠠᠭᠠᠯᠠᠬᠤ ᠵᠡᠷᠭᠡ ᠡᠯ᠎ᠠ ᠲᠠᠯ᠎ᠠ ᠶᠢᠨ ᠬᠦᠴᠦᠨ ᠢ ᠪᠠᠴᠢᠮ ᠢᠶᠠᠷ ᠲᠠᠶᠢᠴᠢᠯᠠᠵᠦ᠂ ᠪᠠᠴᠢᠮ ᠪᠠᠶᠢᠳᠠᠯ ᠢ ᠠᠪᠤᠷᠠᠬᠤ ᠡᠮ ᠤᠨ ᠵᠦᠢᠯᠡᠰ᠂ ᠴᠢᠰᠤᠨ ᠡᠭᠡᠳᠡᠩ ᠵᠡᠷᠭᠡ ᠶᠢ ᠲᠤᠬᠢᠷᠠᠭᠤᠯᠤᠨ ᠪᠡᠯᠡᠳᠭᠡᠬᠦ ᠶᠢᠨ ᠬᠠᠮᠳᠦ ᠡᠮᠴᠢᠯᠡᠭᠡᠨ ᠤ ᠲᠤᠰᠬᠠᠢ ᠮᠡᠷᠭᠡᠵᠢᠯᠳᠠᠨ ᠢ ᠵᠤᠬᠢᠶᠠᠨ ᠪᠠᠶᠢᠭᠤᠯᠵᠦ᠂ ᠡ᠊ᠨᠳᠡᠯ ᠭᠠᠷᠤᠭᠰᠠᠨ ᠭᠠᠵᠠᠷ ᠬᠦᠷᠴᠦ᠂ ᠷᠠᠰᠢᠶᠠᠨ ᠬᠤᠳᠠ ᠶᠢᠨ ᠠᠪᠤᠷᠠᠨ ᠲᠤᠰᠠᠯᠠᠬᠤ ᠬᠦᠮᠦᠰ ᠲᠠᠢ ᠬᠠᠮᠳᠦ ᠶᠢᠨ ᠬᠦᠴᠦᠨ ᠢ ᠪᠦᠷᠢᠯᠳᠦᠬᠦᠯᠵᠦ᠂ ᠰᠢᠷᠬᠠᠳᠤᠭᠰᠠᠳ ᠢ ᠪᠦᠬᠦ ᠬᠦᠴᠦᠨ ᠢᠶᠠᠷ ᠠᠪᠤᠷᠠᠨ ᠡᠮᠴᠢᠯᠡᠭᠰᠡᠨ ᠪᠠᠶᠢᠨ᠎ᠠ᠃ 7 ᠰᠠᠷ᠎ᠠ ᠶᠢᠨ 1 ᠤ ᠦᠷᠯᠦᠭᠡ᠂ ᠵᠠᠩ ᠡᠸ᠋ᠨ ᠬᠤᠢ ᠬᠢᠩᠭᠠᠨ ᠠᠶᠢᠮᠠᠭ ᠤᠨ ᠠᠷᠠᠳ ᠤᠨ ᠡᠮᠨᠡᠯᠭᠡ ᠶᠢᠨ ᠬᠤᠷᠢᠶ᠎ᠡ ᠳᠤ ᠬᠦᠷᠴᠦ ᠡ᠊ᠨᠳᠡᠯ ᠳᠤ ᠰᠢᠷᠬᠠᠳᠤᠭᠰᠠᠨ ᠬᠦᠮᠦᠰ ᠢ ᠡᠷᠬᠢᠨ ᠦᠵᠡᠪᠡ᠃ ᠲᠡᠷᠡ ᠂ ᠡᠪᠡᠳᠴᠢᠳᠡᠨ ᠤ ᠡᠷᠦᠭᠡ ᠪᠠᠷ ᠤᠷᠤᠵᠦ᠂ ᠰᠢᠷᠬᠠᠳᠤᠭᠰᠡᠳ ᠤᠨ ᠪᠠᠶᠢᠳᠠᠯ ᠢ ᠨᠠᠷᠢᠨ ᠬᠢᠨᠠᠮᠠᠭᠠᠢ ᠤᠢᠢᠯᠠᠭᠠᠬᠤ ᠶᠢᠨ ᠬᠠᠮᠳᠦ ᠡᠮᠴᠢᠯᠡᠨ ᠵᠠᠰᠠᠭᠰᠠᠨ ᠪᠠᠶᠢᠳᠠᠯ ᠢ ᠤᠢᠢᠯᠠᠭᠠᠵᠦ᠂ ᠰᠢᠷᠬᠠᠳᠤᠭᠰᠡᠳ ᠲᠤ ᠰᠠᠨᠠᠭ᠎ᠠ ᠠᠮᠤᠷ ᠰᠤᠪᠢᠯᠠᠬᠤ ᠶᠢ ᠵᠠᠬᠢᠵᠦ᠂ ᠡᠮᠴᠢ ᠰᠤᠪᠢᠯᠠᠭᠴᠢᠳ ᠢ ᠠᠪᠤᠷᠠᠨ ᠡᠮᠴᠢᠯᠡᠬᠦ ᠲᠦᠰᠦᠯ ᠢ ᠨᠠᠷᠢᠨ ᠨᠢᠭᠳᠠ ᠲᠤᠭᠳᠠᠭᠠᠵᠦ᠂ ᠤᠯᠠᠨ ᠲᠠᠯ᠎ᠠ ᠠᠴᠠ ᠬᠠᠮᠳᠤᠷᠠᠨ ᠤᠨᠤᠰᠢᠯᠠᠵᠦ ᠠᠪᠤᠷᠠᠨ ᠡᠳᠡᠭᠡᠷᠡᠬᠦᠯᠬᠦ ᠠᠵᠢᠯ ᠢ ᠶᠠᠪᠤᠭᠳᠠᠭᠤᠯᠵᠦ᠂ ᠰᠢᠷᠬᠠᠳᠤᠭᠰᠠᠳ ᠪᠦᠷᠢ ᠠᠯᠢ ᠡᠷᠳᠡᠭᠡᠨ ᠡᠷᠡᠬᠦᠯᠵᠢᠬᠦ ᠶᠢ ᠪᠠᠳᠤᠯᠠᠬᠤ ᠬᠡᠷᠡᠭᠳᠡᠢ ᠭᠡᠵᠦ ᠵᠠᠬᠢᠭᠰᠠᠨ ᠪᠠᠶᠢᠨ᠎ᠠ᠃    ᠰᠢᠷᠬᠠᠳᠤᠭᠰᠡᠳ ᠢ ᠡᠷᠬᠢᠨ ᠦᠵᠡᠵᠦ ᠲᠤᠬᠤᠨᠢᠭᠤᠯᠤᠭᠰᠠᠨ ᠤ ᠰᠡᠬᠦᠯᠡᠷ᠂ ᠵᠠᠩ ᠡᠸ᠋ᠨ ᠬᠤᠢ ᠬᠤᠷᠠᠯ ᠬᠤᠷᠠᠯᠳᠤᠭᠤᠯᠵᠦ᠂ ᠠᠶᠢᠮᠠᠭ ᠤᠨ ᠵᠠᠬᠢᠷᠭ᠎ᠠ ᠪᠠ ᠡᠮᠨᠡᠯᠭᠡ ᠶᠢᠨ ᠬᠤᠷᠢᠶ᠎ᠡ ᠶᠢᠨ ᠬᠠᠷᠢᠭᠤᠴᠠᠯᠭᠠᠳᠠᠨ ᠤ ᠬᠠᠷᠢᠭᠤ ᠮᠡᠳᠡᠬᠦᠯᠦᠯᠳᠡ ᠶᠢ ᠰᠤᠨᠤᠰᠬᠤ ᠶᠢᠨ ᠬᠠᠮᠳᠦ ᠪᠤᠳᠠᠳᠠᠢ ᠠᠵᠢᠯ ᠳᠤ ᠱᠠᠭᠠᠷᠳᠠᠯᠭ᠎ᠠ ᠲᠤᠷᠠᠳᠤᠭᠰᠠᠨ ᠪᠠᠶᠢᠨ᠎ᠠ᠃ ᠲᠡᠷᠡ ᠴᠢᠩᠭᠠᠳᠬᠠᠭᠰᠠᠨ ᠨᠢ᠂ ᠰᠢᠷᠬᠠᠳᠤᠭᠰᠡᠳ ᠢ ᠠᠪᠤᠷᠠᠨ ᠡᠮᠴᠢᠯᠡᠬᠦ ᠠᠵᠢᠯ ᠢ ᠤᠳᠤᠬᠢ ᠲᠡᠷᠢᠬᠦᠨ ᠴᠢᠬᠤᠯᠠ ᠠᠵᠢᠯ ᠪᠤᠯᠭᠠᠵᠦ᠂ ᠠᠶᠢᠮᠠᠭ ᠤᠨ ᠲᠤᠳᠤᠨ᠎ᠠ ᠭᠠᠳᠠᠨᠠᠬᠢ ᠲᠠᠪᠠᠭᠤᠯᠢᠭ ᠡᠮᠴᠢᠯᠡᠭᠡᠨ ᠤ ᠡᠬᠢ ᠪᠠᠶᠠᠯᠢᠭ ᠢ ᠲᠤᠬᠢᠷᠠᠭᠤᠯᠵᠦ᠂ ᠡᠯ᠎ᠠ ᠰᠠᠯᠠᠭ᠎ᠠ ᠶᠢᠨ ᠡᠮᠴᠢᠯᠡᠭᠡᠨ ᠤ ᠲᠤᠰᠬᠠᠢ ᠮᠡᠷᠭᠡᠵᠢᠯᠳᠡᠨ ᠢ ᠵᠤᠬᠢᠶᠠᠨ ᠪᠠᠶᠢᠭᠤᠯᠵᠦ᠂ ᠠᠪᠤᠷᠠᠨ ᠡᠮᠴᠢᠯᠡᠬᠦ ᠠᠵᠢᠯ ᠢ ᠪᠦᠬᠦ ᠬᠦᠴᠦᠨ ᠢᠶᠠᠷ ᠶᠠᠪᠤᠭᠳᠠᠭᠤᠯᠬᠤ ᠬᠡᠷᠡᠭᠳᠡᠢ᠃ ᠰᠢᠷᠬᠠᠳᠤᠭᠰᠡᠳ ᠵᠢᠴᠢ ᠭᠡᠷ ᠪᠦᠯᠢ ᠶᠢᠨ ᠬᠢᠨ ᠳᠤ ᠬᠠᠯᠠᠭᠤᠨ ᠲᠤᠳᠤᠨᠤ ᠦᠢᠯᠡᠴᠢᠯᠡᠭᠡ ᠬᠠᠩᠭᠠᠵᠦ᠂ ᠲᠡᠰᠪᠦᠷᠢᠳᠡᠢ ᠬᠢᠨᠠᠮᠠᠭᠠᠢ ᠪᠠᠷ ᠲᠤᠬᠤᠨᠢᠭᠤᠯᠤᠨ ᠲᠠᠶᠢᠳᠬᠤᠷᠠᠭᠤᠯᠵᠦ᠂ ᠬᠤᠪᠸᠢ ᠮᠤᠵᠢ ᠶᠢᠨ ᠬᠠᠮᠢᠶ᠎ᠡ ᠪᠦᠬᠦᠢ ᠰᠠᠯᠠᠭ᠎ᠠ ᠮᠦᠴᠢᠷ ᠲᠠᠢ ᠢᠳᠡᠪᠬᠢᠳᠡᠢ ᠪᠠᠷ ᠬᠠᠷᠢᠯᠴᠠᠵᠦ᠂ ᠡᠯ᠎ᠠ ᠲᠦᠷᠦᠯ ᠤᠨ ᠠᠵᠢᠯ ᠢ ᠲᠤᠬᠢᠷᠠᠮᠵᠢᠳᠠᠢ ᠰᠢᠢᠳᠪᠦᠷᠢᠯᠡᠬᠦ ᠬᠡᠷᠡᠭᠳᠡᠢ᠃ ᠡ᠊ᠨᠳᠡᠯ ᠡᠬᠦᠰᠦᠭᠰᠡᠨ ᠤᠴᠢᠷ ᠰᠢᠯᠳᠠᠭᠠᠨ ᠢ ᠠᠯᠢ ᠲᠦᠷᠭᠡᠨ ᠢᠶᠠᠷ ᠪᠠᠶᠢᠴᠠᠭᠠᠨ ᠲᠤᠳᠤᠷᠠᠭᠤᠯᠵᠦ᠂ ᠴᠠᠭ ᠲᠤᠬᠠᠢ ᠳᠤᠨᠢ᠂ ᠦᠨᠡᠨ ᠪᠤᠳᠠᠳᠠᠢ ᠪᠠᠷ᠂ ᠪᠦᠬᠦ ᠲᠠᠯ᠎ᠠ ᠪᠠᠷ᠂ ᠵᠦᠪ ᠤᠨᠤᠪᠴᠢᠳᠠᠢ ᠪᠠᠷ ᠡ᠊ᠨᠳᠡᠯ ᠢ ᠰᠢᠢᠳᠪᠦᠷᠢᠯᠡᠭᠰᠡᠨ ᠠᠬᠢᠴᠠ ᠶᠢᠨ ᠪᠠᠶᠢᠳᠠᠯ ᠢ ᠨᠡᠶᠢᠳᠡᠯᠡᠵᠦ᠂ ᠨᠡᠶᠢᠭᠡᠮ ᠤᠨ ᠬᠠᠯᠠᠮᠵᠢᠯᠠᠯ ᠳᠤ ᠢᠳᠡᠪᠬᠢᠳᠡᠢ ᠪᠠᠷ ᠬᠠᠷᠢᠭᠤ ᠦᠭᠬᠦ ᠬᠡᠷᠡᠭᠳᠡᠢ᠃ ᠬᠦᠨᠵᠡᠭᠡᠢ ᠰᠤᠷᠭᠠᠮᠵᠢ ᠠᠪᠴᠦ᠂ ᠯᠢ ᠵᠢᠢ ᠾᠧᠩ ᠱᠦᠵᠢ ᠶᠢᠨ ᠴᠤᠬᠤᠯᠠᠪᠤᠷᠢ ᠶᠢᠨ ᠱᠠᠭᠠᠷᠳᠠᠯᠭ᠎ᠠ ᠶᠤᠰᠤᠭᠠᠷ᠂ ᠠᠶᠤᠯᠬᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠳᠠ ᠪᠠ ᠵᠠᠮ ᠬᠠᠷᠢᠯᠴᠠᠭᠠᠨ ᠤ ᠶᠡᠭᠡ ᠴᠡᠭᠴᠡᠯᠡᠨ ᠵᠠᠰᠠᠯᠳᠠ ᠶᠢ ᠪᠦᠬᠦ ᠲᠠᠯ᠎ᠠ ᠪᠠᠷ ᠶᠠᠪᠤᠭᠳᠠᠭᠤᠯᠵᠦ᠂ ᠡᠯ᠎ᠠ ᠲᠦᠷᠦᠯ ᠤᠨ ᠵᠠᠮ ᠬᠠᠷᠢᠯᠴᠠᠭᠠᠨ ᠤ ᠡ᠊ᠨᠳᠡᠯ ᠡᠬᠦᠰᠬᠦ ᠶᠢ ᠡᠷᠡᠰ ᠢᠶᠠᠷ ᠪᠦᠳᠦᠮᠵᠢᠳᠡᠢ ᠪᠠᠷ ᠰᠡᠷᠭᠡᠶᠢᠯᠡᠨ ᠬᠤᠷᠢᠭᠯᠠᠬᠤ ᠬᠡᠷᠡᠭᠳᠡᠢ ᠭᠡᠪᠡ᠃ ︵ᠯᠢᠶᠠᠩ ᠵᠢᠶᠠᠨ︶
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号