ᠷᠠᠰᠢᠶᠠᠨ ᠬᠤᠳᠠ ᠶᠢᠨ ᠰᠢᠩ ᠯᠢᠨ ᠨᠡᠶᠢᠭᠡᠮ ᠲᠤᠭᠤᠷᠢᠭ ᠤᠨ ᠡᠮᠡᠭᠳᠡᠶᠢᠴᠤᠳ ᠤᠨ ᠰᠠᠶᠢᠨ ᠲᠤᠷᠠᠴᠤᠤᠯ ᠤᠨ ᠤᠢᠢᠯᠡᠴᠢᠯᠡᠭᠡᠨ ᠤ ᠠᠩᠭᠢ ᠠᠶᠢᠮᠠᠭ ᠤᠨ ᠲᠡᠰ ᠤᠨ ᠢᠷᠠᠭᠤ ᠠᠯᠳᠠᠷ ᠢ ᠬᠦᠷᠳᠡᠵᠠᠢ
ᠨᠡᠶᠢᠲᠡᠯᠡᠭᠰᠡᠨ ᠴᠠᠭ᠄
2019-07-30
   ᠤᠢᠢᠷ᠎ᠠ ᠳᠤ᠂ ᠷᠠᠰᠢᠶᠠᠨ ᠬᠤᠳᠠ ᠶᠢᠨ ᠯᠢᠨ ᠬᠠᠢ ᠵᠡᠭᠡᠯᠢ ᠶᠢᠨ ᠰᠢᠩ ᠯᠢᠨ ᠨᠡᠶᠢᠭᠡᠮ ᠲᠤᠭᠤᠷᠢᠭ ᠤᠨ ᠡᠮᠡᠭᠳᠡᠶᠢᠴᠤᠳ ᠤᠨ ᠰᠠᠶᠢᠨ ᠲᠤᠷᠠᠴᠤᠤᠯ ᠤᠨ ᠤᠢᠢᠯᠡᠴᠢᠯᠡᠭᠡᠨ ᠤ ᠠᠩᠭᠢ ︽ᠬᠢᠩᠭᠠᠨ ᠠᠶᠢᠮᠠᠭ ᠤᠨ ᠰᠢᠯᠢᠳᠡᠭ ᠡᠮᠡᠭᠳᠡᠶᠢᠴᠤᠳ ᠤᠨ ᠰᠠᠶᠢᠨ ᠲᠤᠷᠠᠴᠤᠤᠯ ᠤᠨ ᠤᠢᠢᠯᠡᠴᠢᠯᠡᠭᠡᠨ ᠤ ᠠᠩᠭᠢ︾ ᠶᠢᠨ ᠢᠷᠠᠭᠤ ᠠᠯᠳᠠᠷ ᠢ ᠬᠦᠷᠳᠡᠵᠠᠢ᠃         ᠰᠢᠩ ᠯᠢᠨ ᠨᠡᠶᠢᠭᠡᠮ ᠲᠤᠭᠤᠷᠢᠭ ᠤᠨ ᠡᠮᠡᠭᠳᠡᠶᠢᠴᠤᠳ ᠤᠨ ᠰᠠᠶᠢᠨ ᠲᠤᠷᠠᠴᠤᠤᠯ ᠤᠨ ᠤᠢᠢᠯᠡᠴᠢᠯᠡᠭᠡᠨ ᠤ ᠠᠩᠭᠢ ᠪᠠᠶᠢᠭᠤᠯᠤᠭᠳᠠᠭᠰᠠᠨ ᠠᠴᠠ ᠨᠠᠰᠢ᠂ ︽ᠬᠤᠪᠢ ᠨᠡᠮᠡᠷᠢ ᠦᠵᠡᠬᠦᠯᠬᠦ᠂ ᠨᠦᠬᠦᠷᠰᠡᠭ ᠬᠠᠷᠢᠴᠠᠭ᠎ᠠ᠂ ᠬᠠᠷᠢᠯᠴᠠᠨ ᠬᠠᠪᠰᠤᠷᠤᠯᠴᠠᠬᠤ᠂ ᠲᠠᠪᠰᠢᠬᠤ︾ ᠰᠠᠶᠢᠨ ᠲᠤᠷᠠᠴᠤᠤᠯ ᠤᠨ ᠵᠤᠷᠢᠭ ᠰᠠᠨᠠᠭ᠎ᠠ ᠶᠢ ᠭᠦᠢᠴᠡᠳ ᠪᠠᠳᠠᠷᠠᠭᠤᠯᠵᠤ᠂ ᠦᠨᠡᠨᠴᠢ ᠢᠳᠡᠭᠡᠮᠵᠢᠳᠠᠢ ᠬᠤᠪᠢ ᠨᠡᠮᠡᠷᠢ ᠦᠵᠡᠬᠦᠯᠬᠦ ᠰᠠᠶᠢᠨ ᠰᠠᠶᠢᠬᠠᠨ ᠶᠤᠰᠤ ᠰᠤᠷᠳᠠᠯ ᠢ ᠰᠠᠨᠠᠭᠠᠴᠢᠯᠠᠵᠤ᠂ ᠡᠷᠤᠭᠡ ᠪᠠᠷ ᠬᠦᠷᠴᠤ ᠠᠶᠢᠯᠴᠢᠯᠠᠨ ᠲᠤᠭᠤᠷᠢᠬᠤ᠂ ᠰᠠᠭᠤᠳᠠᠯ ᠤᠨ ᠬᠤᠷᠠᠯ ᠬᠢᠬᠦ ᠵᠢᠴᠢ ᠸᠢᠴᠠᠲ ᠢᠶᠠᠷ ᠵᠤᠭᠤᠭᠳᠠᠬᠤ ᠵᠡᠷᠭᠡ ᠬᠡᠯᠪᠡᠷᠢ ᠪᠠᠷ ᠲᠠᠮᠵᠢᠨ ᠰᠠᠭᠤᠭᠠᠯᠢ ᠠᠷᠠᠳ ᠲᠠᠢ ᠰᠠᠨᠠᠯ ᠪᠤᠳᠤᠯ ᠢᠶᠠᠨ ᠭᠦᠨᠵᠡᠬᠡᠢ ᠰᠤᠯᠢᠯᠴᠠᠵᠤ ᠪᠤᠢ᠃ ᠪᠠᠰᠠ ᠨᠡᠶᠢᠭᠡᠮ ᠲᠤᠭᠤᠷᠢᠭ ᠤᠨ ᠤᠬᠠᠭᠤᠯᠭ᠎ᠠ ᠶᠢᠨ ᠪᠤᠯᠤᠩ᠂ ᠨᠠᠮ ᠤᠨ ᠭᠡᠰᠢᠬᠦᠨ ᠤ ᠰᠤᠷᠤᠯᠴᠠᠯᠭ᠎ᠠ ᠶᠢᠨ ᠡᠳᠤᠷ᠂ ᠲᠦᠯᠤᠪᠯᠡᠭᠡᠳᠤ ᠦᠷᠡᠵᠢᠯ ᠤᠨ ᠡᠷᠤᠭᠡ ᠪᠠᠷ ᠬᠦᠷᠴᠤ ᠤᠬᠠᠭᠤᠯᠭ᠎ᠠ ᠬᠢᠬᠦ ᠵᠢᠴᠢ ᠵᠡᠭᠡᠯᠢ ᠭᠤᠳᠤᠮᠵᠢ ᠪᠠᠷ ᠤᠬᠠᠭᠤᠯᠤᠨ ᠲᠤᠭᠯᠠᠯᠳᠠ ᠭᠠᠷᠭᠠᠬᠤ᠂ ᠰᠤᠶᠤᠯ ᠪᠡᠶ᠎ᠠ ᠲᠠᠮᠢᠷ ᠤᠨ ᠠᠵᠢᠯᠯᠠᠭ᠎ᠠ ᠵᠡᠷᠭᠡ ᠠᠴᠢᠶᠠᠯᠠᠪᠤᠷᠢ ᠪᠠᠷ ᠲᠠᠮᠵᠢᠨ ᠰᠠᠶᠢᠨ ᠲᠤᠷᠠᠴᠤᠤᠯ ᠤᠨ ᠤᠢᠢᠯᠡᠴᠢᠯᠡᠭᠡᠨ ᠤ ᠠᠵᠢᠯ ᠤᠨ ᠴᠢᠬᠤᠯᠠ ᠠᠴᠢ ᠬᠤᠯᠪᠤᠭᠳᠠᠯ ᠢ ᠢᠳᠡᠪᠬᠢᠳᠠᠢ ᠤᠬᠠᠭᠤᠯᠵᠤ᠂ ᠠᠷᠠᠳ ᠲᠤ ᠲᠦᠬᠦᠮ ᠦᠵᠡᠭᠦᠯᠭᠦ ᠤᠢᠢᠯᠡᠴᠢᠯᠡᠭᠡᠨ ᠤ ᠠᠵᠢᠯᠯᠠᠭ᠎ᠠ ᠦᠷᠨᠢᠬᠦᠯᠵᠠᠢ᠃
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号