ᠪᠤᠬᠢᠷᠳᠤᠯ ᠦᠭᠡᠢ ᠪᠠᠷᠢᠯᠭ᠎ᠠ ᠪᠤᠯᠤᠨ ᠤᠭᠰᠠᠷᠠᠮᠠᠯ ᠪᠠᠷᠢᠯᠭ᠎ᠠ ᠶᠢ ᠬᠦᠭᠵᠢᠬᠦᠯᠬᠦ ᠷᠠᠰᠢᠶᠠᠨ ᠤ ᠲᠡᠭᠡᠳᠦ  ᠲᠡᠰ ᠤᠨ ᠶᠠᠷᠢᠶᠠᠨ ᠤ ᠲᠠᠪᠴᠠᠩ ᠠᠮᠵᠢᠯᠳᠠᠳᠠᠢ ᠶᠠᠪᠤᠭᠳᠠᠵᠠᠢ
ᠨᠡᠶᠢᠲᠡᠯᠡᠭᠰᠡᠨ ᠴᠠᠭ᠄
2019-08-12
    8 ᠰᠠᠷ᠎ᠠ ᠶᠢᠨ 6 ᠤ ᠡᠳᠦᠷ᠂ ᠠᠶᠢᠮᠠᠭ ᠤᠨ ᠵᠠᠬᠢᠷᠭ᠎ᠠ᠂ ᠴᠦᠩᠴᠢᠩ ᠶᠡᠭᠡ ᠰᠤᠷᠭᠠᠭᠤᠯᠢ᠂ ᠨᠠᠨᠵᠢᠩ ᠤᠨ ᠠᠵᠦ ᠦᠢᠯᠡᠳᠪᠦᠷᠢ ᠶᠢᠨ ᠶᠡᠭᠡ ᠰᠤᠷᠭᠠᠭᠤᠯᠢ ᠬᠠᠮᠳᠤᠷᠠᠨ ᠡᠷᠬᠢᠯᠡᠵᠦ᠂ ᠠᠶᠢᠮᠠᠭ ᠤᠨ ᠤᠷᠤᠨ ᠰᠠᠭᠤᠴᠠ ᠪᠠ ᠬᠤᠳᠠ ᠬᠦᠳᠡᠭᠡ ᠶᠢᠨ ᠪᠦᠳᠦᠭᠡᠨ ᠪᠠᠶᠢᠭᠤᠯᠤᠯᠳᠠ ᠶᠢᠨ ᠲᠤᠪᠴᠢᠶ᠎ᠡ᠂ ᠷᠠᠰᠢᠶᠠᠨ ᠬᠤᠳᠠ ᠶᠢᠨ ᠵᠠᠰᠠᠭ ᠤᠨ ᠤᠷᠳᠤᠨ ᠠᠴᠠ ᠲᠠᠭᠠᠭᠠᠴᠢᠯᠠᠨ ᠡᠷᠬᠢᠯᠡᠭᠰᠡᠨ ᠬᠢᠩᠭᠠᠨ ᠠᠶᠢᠮᠠᠭ ᠤᠨ ᠠᠩᠬᠠᠳᠤᠭᠠᠷ ᠬᠤᠭᠤᠴᠠᠭᠠᠨ ᠤ ᠪᠤᠬᠢᠷᠳᠤᠯ ᠦᠭᠡᠢ ᠪᠠᠷᠢᠯᠭ᠎ᠠ ᠪᠤᠯᠤᠨ ᠤᠭᠰᠠᠷᠠᠮᠠᠯ ᠪᠠᠷᠢᠯᠭ᠎ᠠ ᠶᠢ ᠬᠦᠭᠵᠢᠬᠦᠯᠬᠦ ᠷᠠᠰᠢᠶᠠᠨ ᠤ ᠲᠡᠭᠡᠳᠦ ᠲᠡᠰ ᠤᠨ ᠶᠠᠷᠢᠶᠠᠨ ᠤ ᠲᠠᠪᠴᠠᠩ ᠷᠠᠰᠢᠶᠠᠨ ᠤ ᠤᠯᠠᠨ ᠤᠯᠤᠰ ᠤᠨ ᠰᠤᠶᠤᠯ ᠤᠨ ᠰᠤᠯᠢᠯᠴᠠᠭᠠᠨ ᠤ ᠲᠦᠪ ᠲᠤ ᠠᠮᠵᠢᠯᠳᠠᠳᠠᠢ ᠶᠠᠪᠤᠭᠳᠠᠯ᠎ᠠ᠃ ᠤᠯᠤᠰ ᠤᠨ ᠲᠤᠳᠤᠭᠠᠳᠦ ᠭᠠᠳᠠᠭᠠᠳᠦ ᠠᠴᠠ ᠢᠷᠡᠭᠰᠡᠨ ᠠᠺᠠᠳᠧᠮᠢᠴᠢ᠂ ᠲᠤᠰᠬᠠᠢ ᠮᠡᠷᠭᠡᠵᠢᠯᠳᠡᠨ ᠵᠢᠴᠢ ᠤᠯᠤᠰ ᠤᠨ ᠤᠷᠤᠨ ᠰᠠᠭᠤᠴᠠ ᠪᠠ ᠬᠤᠳᠠ ᠬᠦᠳᠡᠭᠡ ᠶᠢᠨ ᠪᠦᠳᠦᠭᠡᠨ ᠪᠠᠶᠢᠭᠤᠯᠤᠯᠳᠠ ᠶᠢᠨ ᠶᠠᠮᠤᠨ᠂ ᠦᠪᠡᠷᠳᠡᠭᠡᠨ ᠵᠠᠰᠠᠬᠤ ᠤᠷᠤᠨ ᠤ ᠤᠷᠤᠨ ᠰᠠᠭᠤᠴᠠ ᠪᠠ ᠬᠤᠳᠠ ᠬᠦᠳᠡᠭᠡ ᠶᠢᠨ ᠪᠦᠳᠦᠭᠡᠨ ᠪᠠᠶᠢᠭᠤᠯᠤᠯᠳᠠ ᠶᠢᠨ ᠲᠢᠩᠬᠢᠮ ᠤᠨ ᠤᠳᠤᠷᠢᠳᠤᠯᠭ᠎ᠠ ᠵᠢᠴᠢ ᠠᠵᠦ ᠠᠬᠤᠢᠢᠯᠠᠯᠳᠠᠨ ᠤ ᠲᠦᠯᠦᠭᠡᠯᠡᠭᠴᠢ ᠪᠠᠷᠤᠭ 300 ᠭᠠᠷᠤᠢ ᠬᠦᠮᠦᠨ ᠤᠷᠤᠯᠴᠠᠵᠠᠢ᠃ ᠠᠶᠢᠮᠠᠭ ᠤᠨ ᠵᠠᠬᠢᠷᠭ᠎ᠠ ᠶᠢᠨ ᠲᠡᠳ᠋ ᠲᠠᠷᠤᠭ᠎ᠠ ᠯᠢᠦ ᠱᠦ ᠴᠧᠩ ᠶᠠᠷᠢᠶᠠᠨ ᠤ ᠲᠠᠪᠴᠠᠩ ᠳᠤ ᠤᠷᠤᠯᠴᠠᠬᠤ ᠶᠢᠨ ᠬᠠᠮᠳᠦ ᠶᠠᠷᠢᠶ᠎ᠡ ᠲᠠᠯᠪᠢᠵᠠᠢ᠃   ᠶᠠᠷᠢᠶᠠᠨ ᠤ ᠲᠠᠪᠴᠠᠩ ᠲᠡᠭᠡᠷ᠎ᠠ ᠪᠤᠬᠢᠷᠳᠤᠯ ᠦᠭᠡᠢ ᠡᠨᠧᠷᠬᠢ ᠠᠷᠪᠢᠯᠠᠬᠤ ᠪᠠᠷᠢᠯᠭ᠎ᠠ ᠶᠢᠨ ᠲᠠᠯ᠎ᠠ ᠪᠠᠷ ᠪᠠᠶᠠᠯᠢᠭ ᠲᠤᠷᠰᠢᠯᠭ᠎ᠠ ᠲᠠᠢ ᠲᠤᠰᠬᠠᠢ ᠮᠡᠷᠭᠡᠵᠢᠯᠳᠡᠨ᠂ ᠡᠷᠳᠡᠮᠳᠡᠨ ᠨᠠᠷ ︽ᠰᠢ ᠶᠢᠨ ᠫᠢᠩ ᠶᠡᠷᠦᠩᠭᠡᠢ ᠱᠦᠵᠢ ᠶᠢᠨ ᠪᠤᠬᠢᠷᠳᠤᠯ ᠦᠭᠡᠢ ᠬᠦᠭᠵᠢᠯᠳᠡ ᠶᠢᠨ ᠤᠢᠢᠯᠠᠭᠠᠭᠳᠠᠬᠤᠨ ᠢ ᠲᠤᠤᠱᠯᠠᠭᠤᠯᠤᠨ ᠨᠠᠶᠢᠳᠠᠪᠤᠷᠢᠵᠢᠭᠤᠯᠵᠦ᠂ ᠪᠠᠷᠢᠯᠭ᠎ᠠ ᠶᠢᠨ ᠠᠵᠤ ᠦᠢᠯᠡᠰ ᠤᠨ ᠴᠢᠨᠠᠷ ᠰᠠᠶᠢᠳᠠᠢ ᠬᠦᠭᠵᠢᠯᠳᠡ ᠶᠢ ᠢᠳᠡᠪᠬᠢᠳᠡᠢ ᠠᠬᠢᠭᠤᠯᠬᠤ︾ ᠭᠤᠤᠯ ᠰᠡᠳᠦᠪ ᠤᠨ ᠲᠤᠭᠤᠷᠢᠨ ᠳᠤ ᠤᠯᠠᠨ ᠪᠦᠬᠦᠳᠡᠭᠡᠷ ᠲᠠᠢ ᠬᠠᠮᠤᠭ ᠤᠨ ᠰᠢᠨ᠎ᠡ ᠰᠤᠳᠤᠯᠤᠯᠳᠠ ᠶᠢᠨ ᠦᠷ᠎ᠠ ᠪᠦᠳᠦᠭᠡᠯ ᠢᠶᠠᠨ ᠬᠠᠮᠳᠦᠪᠡᠷ ᠡᠳ᠋ᠯᠡᠵᠦ᠂ ︽ᠪᠤᠬᠢᠷᠳᠤᠯ ᠦᠭᠡᠢ ᠪᠠᠷᠢᠯᠭ᠎ᠠ ᠪᠤᠯᠤᠨ ᠤᠭᠰᠠᠷᠠᠮᠠᠯ ᠪᠠᠷᠢᠯᠭ᠎ᠠ ᠶᠢᠨ ᠬᠦᠭᠵᠢᠯᠳᠡ︾ ᠶᠢᠨ ᠲᠤᠬᠠᠢ ᠬᠦᠨᠵᠡᠭᠡᠢ ᠰᠤᠳᠤᠯᠤᠯᠳᠠ ᠬᠢᠵᠦ᠂ ᠮᠠᠨ ᠤ ᠠᠶᠢᠮᠠᠭ ᠤᠨ ᠪᠤᠬᠢᠷᠳᠤᠯ ᠦᠭᠡᠢ ᠪᠠᠷᠢᠯᠭ᠎ᠠ ᠪᠤᠯᠤᠨ ᠤᠭᠰᠠᠷᠠᠬᠤ ᠬᠡᠯᠪᠡᠷᠢ ᠶᠢᠨ ᠪᠠᠷᠢᠯᠭ᠎ᠠ ᠶᠢᠨ ᠬᠦᠭᠵᠢᠯᠳᠡ ᠶᠢᠨ ᠲᠤᠬᠠᠢ ᠠᠷᠭ᠎ᠠ ᠪᠤᠳᠤᠯᠭ᠎ᠠ ᠭᠠᠷᠭᠠᠵᠦ ᠦᠭᠬᠦᠭᠰᠡᠨ ᠪᠠᠶᠢᠨ᠎ᠠ᠃      ᠯᠢᠦ ᠱᠦ ᠴᠧᠩ ᠶᠠᠷᠢᠶᠠᠨ ᠳᠠᠭᠠᠨ ᠵᠢᠭᠠᠵᠦ ᠭᠠᠷᠭᠠᠭᠰᠠᠨ ᠨᠢ᠂ ᠤᠢᠢᠷ᠎ᠠ ᠶᠢᠨ ᠵᠢᠯ ᠠᠴᠠ ᠨᠠᠰᠢ᠂ ᠮᠠᠨ ᠤ ᠠᠶᠢᠮᠠᠭ ᠰᠢ ᠶᠢᠨ ᠫᠢᠩ ᠤᠨ ᠠᠮᠢ ᠠᠬᠤᠢ ᠶᠢᠨ ᠦᠵᠡᠯ ᠰᠠᠨᠠᠭ᠎ᠠ ᠪᠠ ᠪᠤᠬᠢᠷᠳᠤᠯ ᠦᠭᠡᠢ ᠬᠦᠭᠵᠢᠯᠳᠡ ᠶᠢᠨ ᠤᠢᠢᠯᠠᠭᠠᠭᠳᠠᠬᠤᠨ ᠢ ᠬᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠦ᠂ ᠪᠠᠷᠢᠯᠭ᠎ᠠ ᠶᠢᠨ ᠠᠵᠦ ᠦᠢᠯᠡᠰ ᠤᠨ ᠪᠤᠬᠢᠷᠳᠤᠯ ᠦᠭᠡᠢ ᠬᠦᠭᠵᠢᠯᠳᠡ᠂ ᠲᠡᠰ ᠲᠡᠪᠰᠢᠬᠦ ᠬᠦᠭᠵᠢᠯᠳᠡ ᠶᠢ ᠲᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠪᠤᠬᠢᠷᠳᠤᠯ ᠦᠭᠡᠢ ᠪᠠᠷᠢᠯᠭ᠎ᠠ ᠪᠠ ᠤᠭᠰᠠᠷᠠᠮᠠᠯ ᠪᠠᠷᠢᠯᠭ᠎ᠠ ᠶᠢ ᠬᠦᠭᠵᠢᠬᠦᠯᠬᠦ ᠠᠯᠢ ᠤᠯᠠᠨ ᠲᠦᠷᠦ ᠶᠢᠨ ᠪᠤᠳᠤᠯᠭ᠎ᠠ ᠠᠷᠭ᠎ᠠ ᠠᠪᠴᠠᠯ ᠢ ᠨᠡᠶᠢᠳᠡᠯᠡᠨ ᠬᠡᠷᠡᠭᠵᠢᠬᠦᠯᠦᠭᠰᠡᠨ ᠠᠴᠠ ᠪᠦᠬᠦ ᠠᠶᠢᠮᠠᠭ ᠤᠨ ᠪᠤᠬᠢᠷᠳᠤᠯ ᠦᠭᠡᠢ ᠪᠠᠷᠢᠯᠭ᠎ᠠ ᠪᠠ ᠤᠭᠰᠠᠷᠠᠮᠠᠯ ᠪᠠᠷᠢᠯᠭ᠎ᠠ ᠶᠢᠨ ᠬᠦᠭᠵᠢᠯᠳᠡ ᠲᠠᠰᠤᠷᠠᠯᠳᠠ ᠦᠭᠡᠢ ᠲᠡᠭᠡᠭᠰᠢᠯᠡᠵᠦ᠂ ᠪᠤᠬᠢᠷᠳᠤᠯ ᠦᠭᠡᠢ ᠪᠠᠷᠢᠯᠭ᠎ᠠ ᠪᠠ ᠤᠭᠰᠠᠷᠠᠮᠠᠯ ᠪᠠᠷᠢᠯᠭ᠎ᠠ ᠨᠢ ᠪᠠᠷᠢᠯᠭ᠎ᠠ ᠶᠢᠨ ᠠᠵᠤ ᠦᠢᠯᠡᠰ ᠤᠨ ᠴᠢᠨᠠᠷ ᠰᠠᠶᠢᠳᠠᠢ ᠬᠦᠭᠵᠢᠯᠳᠡ ᠶᠢ ᠲᠠᠶᠢᠴᠢᠯᠠᠨ ᠲᠠᠭᠠᠭᠤᠯᠬᠤ ᠰᠢᠨ᠎ᠡ ᠤᠷᠤᠰᠬᠠᠯ ᠢ ᠪᠤᠢ ᠪᠤᠯᠭᠠᠭᠰᠠᠨ ᠪᠠᠶᠢᠨ᠎ᠠ᠃ ᠮᠠᠨ ᠤ ᠠᠶᠢᠮᠠᠭ ᠲᠤᠰ ᠤᠳᠠᠭᠠᠨ ᠤ ᠶᠠᠷᠢᠶᠠᠨ ᠤ ᠲᠠᠪᠴᠠᠩ ᠢᠶᠠᠷ ᠠᠴᠢᠶᠠᠯᠠᠪᠤᠷᠢ ᠪᠤᠯᠭᠠᠨ᠂ ᠪᠤᠬᠢᠷᠳᠤᠯ ᠦᠭᠡᠢ ᠪᠠᠶᠢᠭᠤᠯᠤᠯᠳᠠ ᠶᠢᠨ ᠠᠵᠦ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠬᠦᠳᠬᠦ ᠡᠨᠡᠬᠦ ᠭᠤᠤᠯ ᠰᠡᠳᠦᠪ ᠤᠨ ᠲᠤᠭᠤᠷᠢᠨ ᠳᠤ ᠪᠦᠬᠦ ᠠᠶᠢᠮᠠᠭ ᠤᠨ ᠪᠤᠬᠢᠷᠳᠤᠯ ᠦᠭᠡᠢ ᠪᠠᠷᠢᠯᠭ᠎ᠠ᠂ ᠪᠤᠬᠢᠷᠳᠤᠯ ᠦᠭᠡᠢ ᠪᠠᠷᠢᠯᠭ᠎ᠠ ᠶᠢᠨ ᠮᠠᠲ᠋ᠧᠷᠢᠶᠠᠯ᠂ ᠤᠭᠰᠠᠷᠠᠮᠠᠯ ᠬᠡᠯᠪᠡᠷᠢ ᠶᠢᠨ ᠪᠠᠷᠢᠯᠭ᠎ᠠ ᠵᠡᠷᠭᠡ ᠵᠠᠩᠬᠢᠯᠠᠭ᠎ᠠ ᠶᠢᠨ ᠮᠡᠷᠭᠡᠵᠢᠯ ᠤᠨ ᠰᠢᠨ᠎ᠡ ᠶᠢ ᠡᠬᠦᠳᠬᠦ ᠶᠢ ᠲᠦᠷᠭᠡᠳᠭᠡᠵᠦ᠂ ᠪᠠᠷᠢᠯᠭ᠎ᠠ ᠶᠢᠨ ᠠᠵᠢᠯ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠲᠡᠪᠰᠢᠬᠦᠯᠵᠦ᠂ ᠬᠤᠳᠠ ᠬᠦᠳᠡᠭᠡ ᠶᠢᠨ ᠤᠷᠤᠨ ᠰᠠᠭᠤᠴᠠ ᠶᠢᠨ ᠤᠷᠴᠢᠨ ᠲᠤᠭᠤᠷᠢᠨ ᠢ ᠰᠠᠶᠢᠵᠢᠷᠠᠭᠤᠯᠵᠦ᠂ ᠠᠷᠠᠳ ᠤᠯᠠᠨ ᠤ ᠬᠦᠷᠳᠡᠮᠵᠢ ᠶᠢᠨ ᠬᠡᠮᠵᠢᠶ᠎ᠡ ᠪᠠ ᠵᠤᠯ ᠵᠢᠷᠭᠠᠯ ᠤᠨ ᠬᠡᠮᠵᠢᠶ᠎ᠡ ᠶᠢ ᠲᠠᠰᠤᠷᠠᠯᠳᠠ ᠦᠭᠡᠢ ᠲᠡᠭᠡᠭᠰᠢᠯᠡᠬᠦᠯᠦᠨ᠎ᠡ ᠭᠡᠰᠡᠨ ᠪᠠᠶᠢᠨ᠎ᠠ᠃   ᠲᠤᠰ ᠤᠳᠠᠭᠠᠨ ᠤ ᠶᠠᠷᠢᠶᠠᠨ ᠤ ᠲᠠᠪᠴᠠᠩ ᠲᠡᠭᠡᠷ᠎ᠠ᠂ ᠲᠤᠮᠳᠠᠳᠦ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠠᠺᠠᠳᠧᠮᠢᠴᠢ᠂ ᠰᠢ ᠠᠨ ᠪᠠᠷᠢᠯᠭ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠶᠡᠭᠡ ᠰᠤᠷᠭᠠᠭᠤᠯᠢ ᠶᠢᠨ ᠫᠷᠤᠹᠧᠰᠰᠤᠷ᠂ ᠪᠤᠬᠢᠷᠳᠤᠯ ᠦᠭᠡᠢ ᠪᠠᠷᠢᠯᠭ᠎ᠠ ᠶᠢᠨ ᠰᠤᠳᠤᠯᠬᠤ ᠲᠦᠪ ᠤᠨ ᠡᠷᠬᠢᠯᠡᠭᠴᠢ ᠯᠢᠦ ᠵᠢᠶᠠ ᠫᠢᠩ᠂ ᠲᠤᠮᠳᠠᠳᠦ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠠᠺᠠᠳᠧᠮᠢᠴᠢ᠂ ᠬᠤᠨᠠᠨ ᠶᠡᠭᠡ ᠰᠤᠷᠭᠠᠭᠤᠯᠢ ᠶᠢᠨ ᠫᠷᠤᠹᠧᠰᠰᠤᠷ ᠴᠧᠨ ᠵᠧᠩ ᠴᠢᠩ᠂ ᠲᠤᠩ ᠵᠢᠢ ᠶᠡᠭᠡ ᠰᠤᠷᠭᠠᠭᠤᠯᠢ ᠶᠢᠨ ᠫᠷᠤᠹᠧᠰᠰᠤᠷ᠂ ᠪᠧᠯᠬᠢ ᠶᠢᠨ ᠬᠠᠭᠠᠨ ᠤ ᠤᠭᠰᠠᠭ᠎ᠠ ᠶᠢᠨ ᠰᠢᠨᠵᠢᠯᠡᠬᠦ ᠤᠬᠠᠭᠠᠨ ᠪᠤᠯᠤᠨ ᠤᠳᠬ᠎ᠠ ᠤᠷᠠᠯᠢᠭ ᠤᠨ ᠬᠦᠷᠢᠶᠡᠯᠡᠩ ᠤᠨ ᠭᠠᠳᠠᠭᠠᠳᠦ ᠶᠢᠨ ᠬᠠᠷᠢᠶᠠᠳᠦ ᠠᠺᠠᠳᠧᠮᠢᠴᠢ ᠯᠢ ᠬᠦᠸᠧ ᠴᠢᠶᠠᠩ᠂ ᠪᠦᠬᠦ ᠤᠯᠤᠰ ᠤᠨ ᠢᠨᠵᠧᠨᠧᠷᠢᠩ ᠤᠨ ᠬᠠᠶᠢᠨ ᠰᠢᠨᠵᠢᠯᠡᠭᠡ ᠶᠢᠨ ᠵᠢᠷᠤᠭ ᠲᠦᠯᠦᠪᠯᠡᠭᠡ ᠶᠢᠨ ᠮᠠᠰᠲᠧᠷ᠂ ᠲᠤᠮᠳᠠᠳᠦ ᠤᠯᠤᠰ ᠤᠨ ᠪᠠᠷᠢᠯᠭ᠎ᠠ ᠶᠢᠨ ᠪᠠᠷᠠᠭᠤᠨ ᠡᠮᠦᠨᠡᠳᠦ ᠶᠢᠨ ᠵᠢᠷᠤᠭ ᠲᠦᠯᠦᠪᠯᠡᠭᠡ ᠶᠢᠨ ᠰᠤᠳᠤᠯᠬᠤ ᠬᠦᠷᠢᠶᠡᠯᠡᠩ ᠤᠨ ᠶᠡᠷᠦᠩᠭᠡᠢ ᠢᠨᠵᠧᠨᠧᠷ ᠹᠧᠩ ᠶᠤᠸᠠᠨ᠂ ᠤᠷᠤᠨ ᠰᠠᠭᠤᠴᠠ ᠪᠠ ᠬᠤᠳᠠ ᠬᠦᠳᠡᠭᠡ ᠶᠢᠨ ᠪᠦᠳᠦᠭᠡᠨ ᠪᠠᠶᠢᠭᠤᠯᠤᠯᠳᠠ ᠶᠢᠨ ᠶᠠᠮᠤᠨ ᠤ ᠰᠢᠨᠵᠢᠯᠡᠬᠦ ᠤᠬᠠᠭᠠᠨ ᠮᠡᠷᠭᠡᠵᠢᠯ ᠪᠤᠯᠤᠨ ᠠᠵᠦ ᠦᠢᠯᠡᠰ ᠤᠨ ᠬᠦᠭᠵᠢᠯᠳᠡ ᠶᠢᠨ ᠲᠦᠪ ᠤᠨ ᠪᠠᠷᠢᠯᠭ᠎ᠠ ᠶᠢᠨ ᠮᠡᠷᠭᠡᠵᠢᠯ ᠤᠨ ᠭᠠᠵᠠᠷ ᠤᠨ ᠲᠠᠷᠤᠭ᠎ᠠ᠂ ᠠᠬᠠᠯᠠᠭᠴᠢ ᠳ᠋ᠤᠺᠲ᠋ᠤᠷ᠂ ᠰᠤᠳᠤᠯᠤᠭᠴᠢ ᠦ᠋ ᠵᠧᠨ᠂ ᠲᠤᠮᠳᠠᠳᠦ ᠤᠯᠤᠰ ᠤᠨ ᠪᠠᠷᠢᠯᠭ᠎ᠠ ᠶᠢᠨ ᠶᠡᠷᠦᠩᠭᠡᠢ ᠺᠤᠮᠫᠠᠨᠢ ᠶᠢᠨ ᠮᠡᠷᠭᠡᠵᠢᠯ ᠤᠨ ᠲᠤᠰᠬᠠᠢ ᠮᠡᠷᠭᠡᠵᠢᠯᠳᠡᠨ᠂ ᠫᠷᠤᠹᠧᠰᠰᠤᠷ ᠤᠨ ᠲᠡᠰ ᠤᠨ ᠲᠡᠭᠡᠳᠦ ᠲᠡᠰ ᠤᠨ ᠢᠨᠵᠧᠨᠧᠷ ᠹᠧᠩ ᠶᠠ᠂ ᠨᠠᠨᠵᠢᠩ ᠤᠨ ᠠᠵᠦ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠤᠤᠯ ᠤᠨ ᠲᠡᠳ᠋ ᠵᠠᠬᠢᠷᠤᠯ᠂ ᠰᠢᠷᠤᠢ ᠮᠤᠳᠤᠨ ᠤ ᠪᠠᠷᠢᠯᠭ᠎ᠠ ᠶᠢᠨ ᠰᠢᠨᠵᠢᠯᠡᠬᠦ ᠤᠬᠠᠭᠠᠨ ᠤ ᠰᠠᠯᠪᠤᠷᠢ ᠶᠢᠨ ᠠᠬᠠᠯᠠᠭᠴᠢ ᠫᠷᠤᠹᠧᠰᠰᠤᠷ᠂ ᠵᠢᠶᠠᠩᠰᠦ ᠮᠤᠵᠢ ᠶᠢᠨ ᠰᠢᠷᠤᠢ ᠮᠤᠳᠤᠨ ᠤ ᠢᠨᠵᠧᠨᠧᠷᠢᠩ ᠪᠤᠯᠤᠨ ᠭᠠᠮᠰᠢᠭ ᠢ ᠰᠡᠷᠭᠡᠶᠢᠯᠡᠬᠦ ᠭᠤᠤᠯᠳᠠᠯᠭ᠎ᠠ ᠲᠠᠢ ᠲᠤᠷᠰᠢᠯᠳᠠ ᠶᠢᠨ ᠲᠠᠰᠤᠭ ᠤᠨ ᠡᠷᠬᠢᠯᠡᠭᠴᠢ ᠯᠢᠦ ᠸᠧᠢ ᠴᠢᠩ᠂ ᠲᠤᠩ ᠵᠢᠢ ᠶᠡᠭᠡ ᠰᠤᠷᠭᠠᠭᠤᠯᠢ ᠶᠢᠨ ᠫᠷᠤᠹᠧᠰᠰᠤᠷ ᠾᠧ ᠮᠢᠨ ᠵᠢᠤᠸᠠᠨ ᠵᠡᠷᠭᠡ ᠠᠴᠠ ᠪᠤᠬᠢᠷᠳᠤᠯ ᠦᠭᠡᠢ ᠪᠠᠷᠢᠯᠭ᠎ᠠ ᠶᠢ ᠪᠦᠬᠦ ᠲᠠᠯ᠎ᠠ ᠪᠠᠷ ᠠᠬᠢᠭᠤᠯᠬᠤ᠂ ᠤᠭᠰᠠᠷᠠᠮᠠᠯ ᠪᠠᠷᠢᠯᠭ᠎ᠠ ᠶᠢᠨ ᠰᠢᠨ᠎ᠡ ᠮᠡᠷᠭᠡᠵᠢᠯ᠂ ᠤᠭᠰᠠᠷᠠᠮᠠᠯ ᠪᠠᠷᠢᠯᠭ᠎ᠠ ᠶᠢ ᠦᠨᠡᠯᠡᠬᠦ ᠪᠠᠷᠢᠮᠵᠢᠶ᠎ᠡ᠂ ᠪᠤᠬᠢᠷᠳᠤᠯ ᠦᠭᠡᠢ ᠪᠠᠷᠢᠯᠭ᠎ᠠ ᠶᠢᠨ ᠮᠡᠷᠭᠡᠵᠢᠯ ᠤᠨ ᠬᠦᠭᠵᠢᠯᠳᠡ ᠶᠢᠨ ᠬᠠᠨᠳᠤᠰᠢ᠂ ᠤᠳᠤ ᠦᠶ᠎ᠡ ᠶᠢᠨ ᠮᠤᠳᠤᠨ ᠪᠦᠳᠦᠴᠡ ᠪᠠ ᠪᠤᠯᠤᠳ ᠪᠦᠳᠦᠴᠡ ᠲᠠᠢ ᠪᠠᠷᠢᠯᠭ᠎ᠠ ᠶᠢᠨ ᠬᠦᠭᠵᠢᠯᠳᠡ ᠶᠢᠨ ᠤᠳᠤᠬᠢ ᠪᠠᠶᠢᠳᠠᠯ ᠪᠠ ᠬᠠᠨᠳᠤᠰᠢ ᠵᠢᠴᠢ ᠤᠯᠤᠰ ᠤᠨ ᠲᠤᠳᠤᠭᠠᠳᠦ ᠭᠠᠳᠠᠭᠠᠳᠦ ᠶᠢᠨ ᠢᠨᠵᠧᠨᠧᠷᠢᠩ ᠤᠨ ᠪᠤᠳᠠᠳᠠᠢ ᠬᠡᠷᠡᠭ ᠶᠠᠪᠤᠳᠠᠯ ᠵᠡᠷᠭᠡ ᠤᠯᠠᠨ ᠬᠠᠷᠠᠭᠠᠰᠦ᠂ ᠪᠦᠬᠦ ᠲᠠᠯ᠎ᠠ ᠪᠠᠷ ᠲᠠᠶᠢᠯᠪᠤᠷᠢᠯᠠᠯᠳᠠ ᠬᠢᠵᠦ᠂ ᠪᠤᠬᠢᠷᠳᠤᠯ ᠦᠭᠡᠢ ᠪᠠᠷᠢᠯᠭ᠎ᠠ ᠠᠵᠢᠯ ᠦᠢᠯᠡᠰ ᠤᠨ ᠲᠤᠮᠳᠠᠬᠢ ᠬᠠᠮᠤᠭ ᠰᠢᠨ᠎ᠡ ᠡᠷᠳᠡᠮ ᠰᠢᠨᠵᠢᠯᠡᠭᠡᠨ ᠤ ᠦᠷ᠎ᠠ ᠪᠦᠳᠦᠭᠡᠯ ᠢ ᠪᠦᠬᠦ ᠲᠠᠯ᠎ᠠ ᠪᠠᠷ ᠲᠡᠯᠭᠡᠨ ᠦᠵᠡᠬᠦᠯᠵᠦ᠂ ᠮᠠᠨ ᠤ ᠠᠶᠢᠮᠠᠭ ᠤᠨ ᠪᠤᠬᠢᠷᠳᠤᠯ ᠦᠭᠡᠢ ᠪᠠᠷᠢᠯᠭ᠎ᠠ ᠪᠠ ᠤᠭᠰᠠᠷᠠᠮᠠᠯ ᠪᠠᠷᠢᠯᠭ᠎ᠠ ᠵᠡᠷᠭᠡ ᠪᠦᠳᠦᠭᠡᠨ ᠪᠠᠶᠢᠭᠤᠯᠤᠯᠳᠠ ᠶᠢᠨ ᠬᠦᠷᠢᠶ᠎ᠡ ᠬᠡᠪᠴᠢᠶᠡᠨ ᠤ ᠴᠢᠨᠠᠷ ᠰᠠᠶᠢᠳᠠᠢ ᠬᠦᠭᠵᠢᠯᠳᠡ ᠵᠢᠴᠢ ᠲᠡᠰ ᠲᠡᠪᠰᠢᠨ ᠬᠦᠭᠵᠢᠬᠦ ᠳᠤ ᠤᠶᠤᠨ ᠰᠠᠨᠠᠭᠠᠨ ᠤ ᠬᠦᠳᠡᠯᠭᠡᠭᠴᠢ ᠬᠦᠴᠦᠨ ᠬᠠᠩᠭᠠᠭᠰᠠᠨ ᠪᠠᠶᠢᠨ ᠎ᠠ᠃
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号