ᠰᠢᠯᠢᠨᠪᠠᠭᠠᠳᠤᠷ ᠮᠠᠨ ᠤ ᠠᠶᠢᠮᠠᠭ ᠲᠤ ᠢᠷᠡᠵᠦ ᠤᠷᠠᠨ ᠵᠤᠬᠢᠶᠠᠯ ᠤᠨ ᠵᠤᠬᠢᠶᠠᠨ ᠪᠦᠲᠦᠭᠡᠯᠭᠡ ᠶᠢᠨ ᠲᠤᠰᠬᠠᠢ ᠲᠠᠶᠢᠯᠦᠮᠵᠢ ᠬᠢᠵᠠᠢ
ᠨᠡᠶᠢᠲᠡᠯᠡᠭᠰᠡᠨ ᠴᠠᠭ᠄
2020/10/23
ᠰᠢᠯᠢᠨᠪᠠᠭᠠᠳᠤᠷ ᠮᠠᠨ ᠤ ᠠᠶᠢᠮᠠᠭ ᠲᠤ ᠢᠷᠡᠵᠦ ᠤᠷᠠᠨ ᠵᠤᠬᠢᠶᠠᠯ ᠤᠨ ᠵᠤᠬᠢᠶᠠᠨ ᠪᠦᠲᠦᠭᠡᠯᠭᠡ ᠶᠢᠨ ᠲᠤᠰᠬᠠᠢ ᠲᠠᠶᠢᠯᠦᠮᠵᠢ ᠬᠢᠵᠠᠢ     10 ᠰᠠᠷ᠎ᠠ ᠶᠢᠨ 20 ᠤ ᠡᠳᠦᠷ᠂ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠤᠬᠢᠶᠠᠯᠴᠢᠳ ᠤᠨ ᠡᠪᠯᠡᠯ ᠤᠨ ᠳᠡᠳ᠋ ᠲᠡᠷᠢᠭᠦᠯᠡᠭᠴᠢ᠂ ᠠᠯᠳᠠᠷᠲᠦ ᠢᠷᠠᠭᠤ ᠨᠠᠶᠢᠷᠠᠬᠴᠢ ᠰᠢᠯᠢᠨᠪᠠᠭᠠᠳᠦᠷ ᠮᠠᠨ ᠤ ᠠᠶᠢᠮᠠᠭ ᠲᠤ ᠢᠷᠡᠵᠤ᠂ ᠮᠠᠨ ᠤ ᠠᠶᠢᠮᠠᠭ ᠤᠨ ᠮᠤᠩᠭᠤᠯ ᠵᠤᠬᠢᠶᠠᠯᠴᠢᠳ ᠲᠤ ᠤᠷᠠᠨ ᠵᠤᠬᠢᠶᠠᠯ ᠤᠨ ᠵᠤᠬᠢᠶᠠᠨ ᠪᠦᠲᠦᠭᠡᠯᠭᠡ ᠶᠢᠨ ᠲᠤᠰᠬᠠᠢ ᠲᠠᠶᠢᠯᠦᠮᠵᠢ ᠬᠢᠪᠠ᠃       ᠲᠤᠰ ᠤᠳᠠᠭᠠᠨ ᠤ ᠲᠠᠶᠢᠯᠦᠮᠵᠢ ᠶᠢᠨ ᠬᠤᠷᠠᠯ ᠳᠤ ᠠᠶᠢᠮᠠᠭ ᠤᠨ ᠵᠤᠬᠢᠶᠠᠯᠴᠢᠳ ᠤᠨ ᠨᠡᠶᠢᠭᠡᠮᠯᠢᠭ ᠤᠨ ᠲᠡᠷᠢᠭᠦᠯᠡᠭᠴᠢ ᠠ᠊ · ᠰᠠᠶᠢᠨᠴᠤᠬᠲᠦ᠂ ᠠᠶᠢᠮᠠᠭ ᠤᠨ ᠵᠤᠬᠢᠶᠠᠯᠴᠢᠳ ᠤᠨ ᠨᠡᠶᠢᠭᠡᠮᠯᠢᠭ ᠤᠨ ᠳᠡᠳ᠋ ᠲᠡᠷᠢᠭᠦᠯᠡᠭᠴᠢ ᠸ᠊ · ᠬᠠᠰ᠂ ᠬᠦᠨᠡᠰᠦᠲᠦ ᠪᠠ ᠬᠠᠮᠶᠶ᠎ᠠ ᠪᠦᠬᠦᠢ ᠪᠠᠶᠢᠭᠤᠯᠭ᠎ᠠ ᠶᠢᠨ ᠮᠤᠩᠭᠤᠯ ᠤᠷᠠᠨ ᠵᠤᠬᠢᠶᠠᠯ ᠤᠨ ᠳᠤᠷ᠎ᠠ ᠪᠠᠭ᠋ᠠᠲᠡᠳ 20 ᠭᠠᠷᠦᠢ ᠵᠤᠬᠢᠶᠠᠯᠴᠢ ᠤᠷᠤᠯᠴᠠᠬᠰᠠᠨ ᠪᠠᠶᠢᠨ᠎ᠠ᠃       ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠤᠬᠢᠶᠠᠯᠴᠢᠳ ᠤᠨ ᠡᠪᠯᠡᠯ ᠤᠨ ᠳᠡᠳ᠋ ᠲᠡᠷᠢᠭᠦᠯᠡᠭᠴᠢ ᠂ ᠠᠯᠳᠠᠷᠲᠦ ᠢᠷᠠᠭᠤ ᠨᠠᠶᠢᠷᠠᠬᠴᠢ ᠰᠢᠯᠢᠨᠪᠠᠭᠠᠳᠦᠷ ᠲᠠᠶᠢᠯᠦᠮᠵᠢ ᠬᠢᠬᠦ ᠳᠤ ᠪᠠᠨ ᠮᠨᠨ ᠤ ᠮᠤᠩᠭᠤᠯ ᠵᠤᠬᠢᠶᠠᠯᠴᠢᠳ ᠵᠠᠪᠠᠯ ᠨᠤᠮ ᠲᠡᠪᠳᠡᠷ ᠢᠯᠡᠭᠦᠬᠡᠨ ᠤᠡᠭᠰᠢᠬᠤ ᠬᠡᠷᠡᠭᠲᠠᠢ᠂ ᠮᠤᠩᠭᠤᠯ ᠦᠨᠳᠦᠰᠦᠲᠡᠨ ᠶᠠᠰᠦᠲᠠᠨ ᠤ ᠲᠡᠤᠭᠡ ᠶᠢᠨ ᠨᠤᠮ᠂ ᠮᠤᠩᠭᠤᠯ ᠵᠠᠩ ᠤᠢᠢᠯᠡ ᠶᠢᠨ ᠨᠤᠮ᠂ ᠳᠡᠯᠡᠬᠡᠢ ᠶᠢᠨ ᠰᠤᠩᠭᠤᠳᠠᠬ ᠨᠤᠮ ᠢ ᠤᠡᠭᠰᠢᠬᠤ ᠬᠡᠷᠡᠭᠲᠠᠢ ᠭᠡᠵᠦ ᠵᠡᠬᠢᠵᠠᠢ᠃ ᠡᠭᠦᠨ ᠤ ᠬᠠᠮᠲᠦ ᠦᠪᠡᠷ ᠤᠨ ᠮᠤᠩᠭᠤᠯ ᠤᠷᠡᠨ ᠵᠤᠬᠢᠶᠠᠯ ᠨᠠᠶᠢᠷᠠᠭᠤᠯᠵᠦ ᠪᠢᠴᠢᠭᠰᠡᠨ ᠤᠯᠨ ᠮᠦᠷ ᠢᠶᠠᠨ ᠤᠯᠠᠨ ᠪᠦᠬᠦᠳᠡ ᠳᠤ ᠪᠠᠨ ᠶᠠᠷᠢᠵᠦ ᠦᠭᠬᠦᠭᠰᠡᠨ ᠪᠦᠭᠡᠳ ᠮᠤᠩᠭᠤᠯ ᠵᠤᠬᠢᠶᠠᠯᠴᠢᠳ ᠬᠡᠯᠡ ᠨᠠᠶᠢᠷᠠᠭᠤᠯᠭ᠎ᠠ᠂ ᠪᠢᠰᠢᠯᠭᠠᠯ ᠢ ᠠᠩᠬᠠᠷᠴᠦ᠂ ᠵᠤᠬᠢᠶᠠᠨ ᠪᠦᠲᠦᠭᠡᠬᠦ ᠳᠤ ᠪᠠᠨ ᠭᠦᠨ ᠰᠡᠳᠬᠢᠮᠵᠢ ᠪᠠ ᠪᠢᠰᠢᠯᠭᠠᠬᠤᠢ ᠤᠬᠠᠮᠰᠠᠷ ᠪᠠᠶᠢᠬᠤ ᠬᠡᠷᠡᠭᠲᠠᠢ ᠭᠡᠵᠦ ᠶᠠᠷᠢᠬᠰᠠᠨ ᠪᠠᠶᠢᠨ᠎ᠠ᠃       ᠲᠠᠶᠢᠯᠦᠮᠵᠢ ᠶᠢᠨ ᠬᠤᠷᠠᠯ ᠳᠤ᠂ ᠮᠠᠨ ᠤ ᠠᠶᠢᠮᠠᠭ ᠤᠨ ᠵᠤᠬᠢᠶᠠᠯᠴᠢᠳ ᠤᠷᠠᠨ ᠵᠤᠬᠢᠶᠠᠯ᠂ ᠰᠢᠯᠦᠭ᠂ ᠨᠠᠶᠢᠷᠠᠭᠤᠯᠤᠯ ᠪᠢᠴᠢᠬᠦ ᠳᠤ ᠪᠠᠨ ᠶᠠᠭᠤ ᠶᠢ ᠠᠩᠬᠠᠷᠬᠤ᠂ ᠶᠠᠮᠡᠷ ᠰᠲ᠋ᠢᠯᠢ ᠶᠢᠨ ᠵᠤᠬᠢᠶᠠᠯ ᠪᠢᠴᠢᠪᠡᠯ ᠵᠤᠬᠢᠬᠤ ᠪᠠ ᠤᠷᠠᠨ ᠵᠤᠬᠢᠶᠠᠯ ᠪᠢᠴᠢᠬᠦ ᠳᠤ ᠬᠦᠴᠢᠷᠲᠡᠵᠦ ᠪᠠᠶᠢᠭ᠎ᠠ ᠪᠠᠶᠢᠲᠠᠯ ᠳᠤ ᠪᠠᠨ ᠦᠷᠭᠡᠨ ᠬᠦᠷᠢᠶ᠎ᠠ ᠴᠠᠷᠠᠭᠠᠨ ᠠᠴᠠ ᠨᠠᠷᠢᠯᠢᠭ ᠵᠠᠳᠠᠯᠤᠯᠳᠡ ᠬᠢᠵᠤ᠂ ᠨᠤᠮ ᠤᠡᠭᠰᠢᠬᠤ ᠵᠠᠩ ᠲᠠᠳᠬᠠᠯ ᠢ ᠪᠦᠷᠢᠯᠳᠤᠬᠦᠯᠵᠤ᠂ ᠬᠠᠷᠠᠴᠠ ᠰᠡᠳᠬᠢᠴᠡ ᠪᠠᠨ ᠦᠷᠭᠡᠵᠢᠬᠦᠯᠤᠨ᠂ ᠨᠡᠩ ᠢᠳᠡ ᠬᠦᠴᠦᠯᠢᠭ ᠤᠷᠡᠨ ᠵᠤᠬᠢᠶᠠᠯ ᠤᠨ ᠪᠦᠳᠦᠭᠡᠯ ᠬᠡᠪᠯᠡᠬᠦᠯᠬᠦ ᠲᠤᠬᠠᠢ ᠰᠠᠨᠠᠯ ᠪᠤᠳᠤᠯ ᠢᠶᠠᠨ ᠰᠤᠯᠢᠯᠴᠠᠬᠰᠠᠨ ᠪᠠᠶᠢᠨ᠎ᠠ᠃       ᠲᠤᠰ ᠤᠳᠠᠭᠠᠨ ᠤ ᠲᠠᠶᠢᠯᠦᠮᠵᠢ ᠨᠢ ᠮᠠᠨ ᠤ ᠠᠶᠢᠮᠠᠭ ᠤᠨ ᠮᠤᠩᠭᠤᠯ ᠤᠷᠠᠨ ᠵᠤᠬᠢᠶᠠᠯ ᠳᠤ ᠳᠤᠷ᠎ᠠ ᠪᠠᠭ᠋ᠠᠲᠠᠢ ᠬᠦᠮᠦᠰ ᠲᠤ ᠨᠢᠭᠡᠨ ᠤᠳᠠᠭᠠᠨ ᠤ ᠰᠠᠶᠢᠬᠠᠨ ᠰᠤᠷᠤᠯᠴᠠᠬᠤ ᠠᠵᠠ ᠲᠤᠬᠢᠶᠠᠯ ᠪᠤᠯᠤᠬᠰᠠᠨ ᠪᠦᠭᠡᠳ ᠮᠠᠨ ᠤ ᠠᠶᠢᠮᠠᠭ ᠤᠨ ᠵᠤᠬᠢᠶᠠᠯᠴᠢᠳ ᠬᠤᠭᠤᠷᠤᠨᠲᠦ ᠪᠠᠨ ᠵᠤᠬᠢᠶᠠᠨ ᠪᠦᠲᠦᠭᠡᠯᠭᠡ ᠶᠢᠨ ᠲᠤᠬᠠᠢ ᠶᠠᠷᠢᠯᠴᠠᠭ᠎ᠠ ᠰᠤᠯᠢᠯᠴᠠᠭ᠎ᠠ ᠬᠢᠬᠦ ᠳᠤ ᠰᠠᠶᠢᠨ ᠰᠠᠶᠢᠬᠠᠨ ᠤᠷᠴᠢᠨ ᠲᠤᠭᠤᠷᠢᠨ ᠬᠠᠨᠭ᠍ᠭᠠᠵᠦ᠂ ᠮᠤᠩᠭᠤᠯ ᠤᠷᠠᠨ ᠵᠤᠬᠢᠶᠠᠯ ᠤᠨ ᠬᠦᠭᠵᠢᠯᠳᠠ ᠳᠤ ᠮᠠᠰᠢ ᠴᠢᠬᠤᠯᠠ ᠠᠴᠢ ᠬᠤᠯᠪᠤᠬᠳᠠᠯ ᠲᠠᠢ ᠪᠤᠯᠤᠬᠰᠠᠨ ᠶᠤᠮ᠃
 
ᠢᠷᠡᠯᠲᠡ᠄ ᠬᠢᠩᠭᠠᠨ ᠤ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号