ᠤᠯᠠᠭᠠᠨᠬᠤᠲᠠ ᠮᠤᠩᠭᠤᠯ ᠠᠩᠬ᠎ᠠ ᠵᠡᠷᠭᠡ ᠶᠢᠨ ᠳᠤᠮᠳᠠᠲᠦ ᠰᠤᠷᠭᠠᠭᠤᠯᠢ ᠰᠤᠷᠤᠭᠴᠢᠳ ᠲᠤ ᠪᠠᠨ ︽ᠤᠯᠤᠰ ᠤᠨ ᠨᠤᠲᠤᠭ ᠳᠡᠪᠢᠰᠭᠡᠷ ᠤᠨ ᠪᠦᠷᠢᠨ ᠪᠦᠳᠦᠨ ᠢ ᠬᠠᠮᠠᠭᠠᠯᠠᠬᠤ ᠦᠵᠡᠯ ᠤᠬᠠᠮᠰᠠᠷ ᠤᠨ ᠬᠦᠮᠦᠵᠢᠯ︾ ᠬᠦᠷᠳᠡᠭᠡᠵᠠᠢ
ᠨᠡᠶᠢᠲᠡᠯᠡᠭᠰᠡᠨ ᠴᠠᠭ᠄
2020/10/23
ᠤᠯᠠᠭᠠᠨᠬᠤᠲᠠ ᠮᠤᠩᠭᠤᠯ ᠠᠩᠬ᠎ᠠ ᠵᠡᠷᠭᠡ ᠶᠢᠨ ᠳᠤᠮᠳᠠᠲᠦ ᠰᠤᠷᠭᠠᠭᠤᠯᠢ ᠰᠤᠷᠤᠭᠴᠢᠳ ᠲᠤ ᠪᠠᠨ ︽ᠤᠯᠤᠰ ᠤᠨ ᠨᠤᠲᠤᠭ ᠳᠡᠪᠢᠰᠭᠡᠷ ᠤᠨ ᠪᠦᠷᠢᠨ ᠪᠦᠳᠦᠨ ᠢ ᠬᠠᠮᠠᠭᠠᠯᠠᠬᠤ ᠦᠵᠡᠯ ᠤᠬᠠᠮᠰᠠᠷ ᠤᠨ ᠬᠦᠮᠦᠵᠢᠯ︾ ᠬᠦᠷᠳᠡᠭᠡᠵᠠᠢ     10 ᠰᠠᠷ᠎ᠠ ᠶᠢᠨ 16 ᠤ ᠡᠳᠦᠷ᠂ ᠤᠯᠠᠭᠠᠨᠬᠤᠲᠠ ᠮᠤᠩᠭᠤᠯ ᠠᠩᠬ᠎ᠠ ᠵᠡᠷᠭᠡ ᠶᠢᠨ ᠳᠤᠮᠳᠠᠲᠦ ᠰᠤᠷᠭᠠᠭᠤᠯᠢ ᠤᠯᠠᠭᠠᠨᠬᠤᠲᠠ ᠶᠢᠨ ᠪᠠᠶᠢᠭᠠᠯᠢ ᠪᠠ ᠡᠬᠢ ᠪᠠᠶᠠᠯᠢᠭ ᠤᠨ ᠲᠤᠪᠴᠢᠶ᠎ᠠ ᠶᠢᠨ ᠠᠵᠢᠯᠳᠡᠨ ᠢ ᠤᠷᠢᠵᠦ᠂ ᠰᠤᠷᠤᠭᠴᠢᠳ ᠲᠤ ᠪᠠᠨ ︽ᠤᠯᠤᠰ ᠤᠨ ᠨᠤᠲᠤᠭ ᠳᠡᠪᠢᠰᠭᠡᠷ ᠤᠨ ᠪᠦᠷᠢᠨ ᠪᠦᠳᠦᠨ ᠢ ᠬᠠᠮᠠᠭᠠᠯᠠᠬᠤ ᠦᠵᠡᠯ ᠤᠬᠠᠮᠰᠠᠷ ᠤᠨ ᠬᠦᠮᠦᠵᠢᠯ︾ ᠬᠦᠷᠳᠡᠭᠡᠪᠡ᠃    ᠤᠯᠠᠭᠠᠨᠬᠤᠲᠠ ᠶᠢᠨ ᠪᠠᠶᠢᠭᠠᠯᠢ ᠪᠠ ᠡᠬᠡ ᠪᠠᠶᠠᠯᠢᠭ ᠤᠨ ᠲᠤᠪᠴᠢᠶ᠎ᠠ ᠶᠢᠨ ᠠᠵᠢᠯᠳᠡᠨ ᠰᠠᠮᠪᠠᠷ᠎ᠠ ᠲᠡᠭᠡᠷ᠎ᠠ ︽ᠳᠤᠮᠳᠠᠲᠦ ᠤᠯᠤᠰ ᠤᠨ ᠭᠠᠵᠠᠷ ᠤᠨ ᠵᠢᠷᠤᠬ︾ ᠢ ᠨᠠᠭᠠᠵᠦ᠂ ᠰᠤᠷᠤᠬᠴᠢᠳ ᠲᠤ ᠮᠠᠨ ᠤ ᠤᠯᠤᠰ ᠤᠨ ᠭᠠᠵᠠᠷ ᠤᠨ ᠪᠠᠶᠢᠷᠢᠰᠢᠯ᠂ ᠬᠦᠷᠢᠶ᠎ᠠ ᠬᠡᠪᠴᠢᠶ᠎ᠠ᠂ ᠵᠠᠰᠠᠬ ᠵᠠᠬᠢᠷᠭᠠᠨ ᠤ ᠤᠷᠤᠨ ᠤ ᠬᠤᠪᠢᠶᠠᠷᠢᠯᠠᠯ᠂ ᠭᠠᠵᠠᠷ ᠤᠨ ᠵᠢᠷᠤᠬ ᠢ ᠵᠦᠪ ᠤᠨᠤᠴᠠᠳᠠᠢ ᠲᠠᠨᠢᠬᠤ ᠵᠡᠷᠭᠡ ᠬᠡᠲᠦᠨ ᠲᠠᠯ᠎ᠠ ᠪᠠᠷ ᠲᠠᠶᠢᠯᠪᠦᠷᠢᠯᠠᠵᠦ᠂ ᠰᠤᠷᠤᠬᠴᠢᠳ ᠤᠨ ᠤᠯᠤᠰ ᠤᠨ ᠨᠤᠲᠤᠭ ᠳᠡᠪᠢᠰᠭᠡᠷ ᠤᠨ ᠲᠤᠬᠠᠢ ᠵᠦᠪ ᠤᠨᠤᠴᠠᠲᠠᠢ ᠤᠢᠢᠯᠠᠭᠠᠯᠲᠠ ᠪᠠ ᠤᠯᠤᠰ ᠤᠨ ᠡᠷᠭᠡ ᠮᠡᠳᠡᠯ ᠤᠨ ᠲᠤᠬᠠᠢ ᠬᠠᠷᠠᠯᠲᠠ ᠶᠢ ᠨᠢ ᠲᠤᠳᠤᠷᠬᠠᠢᠢᠯᠠᠬᠰᠠᠨ ᠪᠦᠭᠡᠳ ᠳᠡᠯᠡᠬᠡᠢ ᠶᠢᠨ ᠪᠦᠮᠪᠦᠷᠴᠡᠭ ᠤᠨ ᠵᠠᠬᠪᠦᠷ ᠢ ᠠᠳᠬᠤᠵᠦ᠂ ᠤᠯᠤᠰ ᠤᠨ ᠨᠤᠲᠤᠭ ᠳᠡᠪᠢᠰᠭᠡᠷ ᠤᠨ ᠵᠠᠭᠠᠬ᠂ ᠬᠡᠯᠪᠡᠷᠢ ᠶᠢᠨ ᠲᠤᠬᠠᠢ ᠰᠠᠶᠢᠳᠤᠷ ᠲᠠᠶᠢᠯᠪᠦᠷᠢᠯᠠᠬᠰᠠᠨ ᠪᠠᠶᠢᠨ᠎ᠠ᠃    ︽ᠤᠯᠤᠰ ᠤᠨ ᠨᠤᠲᠤᠭ ᠳᠡᠪᠢᠰᠭᠡᠷ︾ ᠤᠨ ᠲᠤᠬᠠᠢ ᠮᠡᠳᠡᠯᠭᠡ ᠶᠢ ᠰᠤᠷᠤᠬᠴᠢᠳ ᠲᠤ ᠨᠡᠩ ᠰᠠᠶᠢᠳᠤᠷ ᠤᠢᠢᠯᠠᠭᠠᠭᠤᠯᠬᠤ ᠶᠢᠨ ᠲᠦᠯᠦᠭᠡ ᠤᠯᠠᠭᠠᠨᠬᠤᠲᠠ ᠶᠢᠨ ᠪᠠᠶᠢᠭᠠᠯᠢ ᠪᠠ ᠡᠬᠢ ᠪᠠᠶᠠᠯᠢᠭ ᠤᠨ ᠲᠤᠪᠴᠢᠶ᠎ᠠ ᠤᠯᠠᠭᠠᠨᠬᠤᠲᠠ ᠮᠤᠩᠭᠤᠯ ᠠᠩᠬ᠎ᠠ ᠵᠡᠷᠭᠡ ᠶᠢᠨ ᠳᠤᠮᠳᠠᠲᠦ ᠰᠤᠷᠭᠠᠭᠤᠯᠢ ᠳᠤ ᠮᠤᠩᠭᠤᠯ ᠢᠶᠠᠷ ᠬᠡᠪᠯᠡᠭᠰᠡᠨ ᠳᠡᠯᠡᠬᠡᠢ ᠶᠢᠨ ᠭᠠᠵᠠᠷ ᠤᠨ ᠵᠢᠷᠤᠬ᠂ ᠪᠦᠬᠦᠲᠠ ᠨᠠᠶᠢᠷᠠᠮᠳᠠᠬᠤ ᠳᠤᠮᠳᠠᠲᠦ ᠠᠷᠡᠳ ᠤᠯᠤᠰ ᠤᠨ ᠭᠠᠵᠠᠷ ᠤᠨ ᠵᠢᠷᠤᠬ᠂ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠭᠠᠵᠠᠷ ᠤᠨ ᠵᠢᠷᠤᠬ ᠢ ᠬᠠᠨᠳᠢᠪᠯᠠᠬᠰᠠᠨ ᠪᠠᠶᠢᠨ᠎ᠠ᠃     ᠲᠤᠰ ᠤᠳᠠᠭᠠᠨ ᠤ ᠠᠵᠢᠯᠯᠠᠭᠠᠨ ᠢᠶᠠᠷ ᠲᠠᠮᠵᠢᠨᠭᠤᠯᠵᠦ ᠪᠠᠭᠰᠢ ᠰᠤᠷᠤᠬᠴᠢᠳ ᠤᠨ ᠤᠯᠤᠰ ᠤᠨ ᠨᠤᠲᠤᠭ ᠳᠡᠪᠢᠰᠭᠡᠷ ᠤᠨ ᠲᠤᠬᠠᠢ ᠲᠠᠨᠢᠯᠲᠠ ᠶᠢ ᠳᠡᠭᠡᠭᠰᠢᠯᠡᠭᠦᠯᠵᠦ᠂ ᠤᠯᠤᠰ ᠢᠶᠠᠨ ᠬᠠᠶᠢᠷᠠᠯᠠᠬᠤ ᠬᠠᠷᠢᠭᠤᠴᠠᠯᠭᠠᠲᠦ ᠰᠡᠳᠬᠢᠯᠭᠡ ᠶᠢ ᠨᠢ ᠤᠯᠠᠮ ᠨᠢᠭᠡ ᠠᠯᠬᠤᠮ ᠴᠢᠩᠭᠠᠷᠠᠭᠤᠯᠪᠠ᠃
 
ᠢᠷᠡᠯᠲᠡ᠄ ᠬᠢᠩᠭᠠᠨ ᠤ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号