ᠠᠶᠢᠮᠠᠭ ᠤᠨ ᠰᠤᠷᠭᠠᠨ ᠬᠦᠮᠤᠵᠢᠯ ᠤᠨ ᠲᠤᠪᠴᠢᠶ᠎ᠠ ︽ᠰᠤᠷᠠᠭ ᠵᠠᠩᠬᠢᠵᠢᠯᠳᠠ ᠶᠢᠨ ᠮᠡᠷᠭᠡᠵᠢᠯ ᠤᠨ ᠰᠢᠨ᠎ᠠ ᠬᠡᠯᠪᠡᠷᠢ ᠶᠢᠨ ᠵᠢᠭᠠᠬᠤ ᠪᠠ ᠰᠤᠷᠬᠤ ᠶᠢ ᠠᠭᠤᠰᠤᠯᠴᠠᠭᠤᠯᠬᠤ ᠲᠤᠷᠰᠢᠯᠳᠠ ᠶᠢᠨ ᠤᠷᠤᠨ︾ ᠤ ᠲᠦᠷᠤᠯ ᠵᠦᠢᠯ ᠢ ᠡᠬᠢᠯᠡᠬᠦᠯᠬᠦ ᠬᠤᠷᠠᠯ ᠬᠤᠷᠠᠯᠳᠤᠭᠤᠯᠵᠠᠢ
ᠨᠡᠶᠢᠲᠡᠯᠡᠭᠰᠡᠨ ᠴᠠᠭ᠄
2020/11/26
    ᠶᠤᠰᠤ ᠰᠤᠷᠳᠠᠬᠤᠨ ᠢᠶᠠᠷ ᠬᠦᠮᠤᠨ ᠢ ᠬᠦᠮᠤᠵᠢᠬᠦᠯᠬᠦ ᠦᠨᠳᠤᠰᠤᠨ ᠡᠬᠦᠷᠭᠡ ᠶᠢ ᠲᠤᠭᠤᠰᠢᠳᠠᠢ ᠨᠠᠶᠢᠳᠠᠪᠤᠷᠢᠵᠢᠭᠤᠯᠤᠨ᠂ ᠰᠤᠷᠠᠭ ᠵᠠᠩᠬᠢᠵᠢᠯᠳᠠ ᠶᠢᠨ ᠮᠡᠷᠭᠡᠵᠢᠯ ᠪᠠ ᠰᠤᠷᠭᠠᠨ ᠬᠦᠮᠤᠵᠢᠯ ᠵᠢᠭᠠᠨ ᠰᠤᠷᠭᠠᠯᠳᠠ ᠶᠢ ᠬᠦᠨᠵᠡᠭᠡᠢ ᠠᠭᠤᠰᠤᠯᠴᠠᠭᠤᠯᠤᠨ᠂ ᠤᠷᠤᠨ ᠪᠦᠰᠠ ᠶᠢᠨ ᠵᠢᠭᠠᠨ ᠰᠤᠷᠭᠠᠯᠳᠠ ᠶᠢᠨ ᠶᠠᠰᠤ ᠴᠢᠨᠠᠷ ᠢ ᠲᠡᠭᠡᠭᠰᠢᠯᠡᠬᠦᠯᠬᠦ ᠪᠠᠷ ᠂ ᠰᠤᠷᠭᠠᠨ ᠬᠦᠮᠤᠵᠢᠯ ᠤᠨ ᠶᠠᠮᠤᠨ ᠠᠴᠠ 2019 ᠤᠨ ᠳᠤ᠂ ︽ᠵᠢᠭᠠᠨ ᠰᠤᠷᠭᠠᠯᠳᠠ ᠶᠢᠨ ᠦᠭᠡᠷᠡᠴᠢᠯᠡᠯᠳᠠ ᠶᠢ ᠦᠨᠳᠤᠰᠤᠯᠡᠨ᠂ ᠰᠤᠷᠠᠭ ᠵᠠᠩᠬᠢᠵᠢᠯᠳᠠ ᠶᠢᠨ ᠮᠡᠷᠭᠡᠵᠢᠯ ᠤᠨ ᠰᠢᠨ᠎ᠠ ᠬᠡᠯᠪᠡᠷᠢ ᠶᠢᠨ ᠵᠢᠭᠠᠬᠤ ᠪᠠ ᠰᠤᠷᠬᠤ ᠶᠢ ᠠᠭᠤᠰᠤᠯᠴᠠᠭᠤᠯᠬᠤ︾ ᠲᠤᠷᠰᠢᠯᠳᠠ ᠶᠢᠨ ᠤᠷᠤᠨ ᠢ ᠲᠠᠨᠢᠯᠴᠠᠭᠤᠯᠤᠨ ᠰᠢᠯᠭᠠᠷᠠᠭᠤᠯᠬᠤ ᠠᠵᠢᠯᠯᠠᠭ᠎ᠠ ᠦᠷᠨᠢᠬᠦᠯᠵᠤ᠂ ᠮᠠᠨ ᠤ ᠠᠶᠢᠮᠠᠭ ᠲᠤᠰ ᠲᠦᠷᠤᠯ ᠵᠦᠢᠯ ᠤᠨ ᠲᠤᠷᠰᠢᠯᠳᠠ ᠶᠢᠨ ᠤᠷᠤᠨ ᠢᠶᠠᠷ ᠰᠤᠩᠭᠤᠭᠳᠠᠭᠰᠠᠨ ᠪᠠᠶᠢᠨ᠎ᠠ᠃     ᠤᠢᠢᠷ᠎ᠠ ᠶᠢᠨ ᠡᠳᠤᠷ᠂ ᠠᠶᠢᠮᠠᠭ ᠤᠨ ᠰᠤᠷᠭᠠᠨ ᠬᠦᠮᠤᠵᠢᠯ ᠤᠨ ᠲᠤᠪᠴᠢᠶ᠎ᠠ ᠬᠤᠷᠠᠯ ᠬᠤᠷᠠᠯᠳᠤᠭᠤᠯᠵᠤ᠂ ᠲᠤᠷᠰᠢᠯᠳᠠ ᠶᠢᠨ ᠤᠷᠤᠨ ᠤ ᠭᠤᠶᠤᠴᠢᠯᠠᠨ ᠮᠡᠳᠡᠬᠦᠯᠬᠦ ᠶᠠᠪᠤᠴᠠ᠂ ᠬᠠᠷᠠᠯᠳᠠ᠂ ᠠᠴᠢ ᠬᠤᠯᠪᠤᠭᠳᠠᠯ ᠵᠢᠴᠢ ᠬᠡᠷᠡᠭᠵᠢᠬᠦᠯᠬᠦ ᠲᠦᠯᠤᠪᠯᠡᠭᠡ ᠳᠤ ᠪᠤᠳᠠᠳᠠᠢ ᠮᠡᠳᠡᠬᠦᠯᠤᠯᠳᠠ ᠬᠢᠵᠤ᠂ ᠬᠠᠮᠢᠶ᠎ᠠ ᠪᠦᠬᠦᠢ ᠬᠠᠷᠢᠭᠤᠴᠠᠯᠭᠠᠳᠠᠨ ᠬᠡᠷᠡᠭᠵᠢᠬᠦᠯᠬᠦ ᠰᠠᠨᠠᠯ ᠲᠤᠷᠠᠳᠴᠠᠢ᠃ ᠬᠤᠷᠠᠯ ᠳᠤ᠂ ᠡᠯ᠎ᠠ ᠰᠠᠯᠠᠭ᠎ᠠ ᠮᠦᠴᠢᠷ ᠲᠡᠭᠡᠳᠤ ᠬᠡᠮᠵᠢᠶ᠎ᠠ ᠪᠠᠷ ᠴᠢᠬᠤᠯᠠᠴᠢᠯᠠᠨ᠂ ᠪᠦᠯᠬᠦᠮᠳᠠᠨ ᠨᠢᠭᠳᠠᠷᠠᠵᠤ᠂ ︽ᠵᠢᠭᠠᠨ ᠰᠤᠷᠭᠠᠯᠳᠠ ᠶᠢᠨ ᠦᠭᠡᠷᠡᠴᠢᠯᠡᠯᠳᠠ︾ ︽ᠰᠤᠷᠠᠭ ᠵᠠᠩᠬᠢᠵᠢᠯᠳᠠ︾ ︽ᠵᠢᠭᠠᠬᠤ ᠪᠠ ᠰᠤᠷᠤᠯᠴᠠᠬᠤ ᠳᠤ ᠦᠢᠯᠡᠴᠢᠯᠡᠬᠦ︾ ᠵᠡᠷᠭᠡ ᠬᠡᠳᠤᠨ ᠭᠤᠥᠯᠳᠠᠯᠭ᠎ᠠ ᠶᠢ ᠦᠨᠳᠤᠰᠤᠯᠡᠨ᠂ ᠰᠠᠯᠠᠭ᠎ᠠ ᠮᠦᠴᠢᠷ ᠤᠨ ᠢᠶᠠᠨ ᠲᠦᠯᠤᠪᠯᠡᠭᠡ ᠪᠠᠨ ᠲᠤᠭᠳᠠᠭᠠᠬᠤ ᠶᠢᠨ ᠬᠠᠮᠳᠤ ᠨᠠᠶᠢᠳᠠᠪᠤᠷᠢᠵᠢᠭᠤᠯᠬᠤ ᠬᠡᠷᠡᠭᠳᠡᠢ ᠭᠡᠵᠤ ᠱᠠᠭᠠᠷᠳᠠᠭᠰᠠᠨ ᠪᠠᠶᠢᠨ᠎ᠠ᠃ ᠲᠤᠰ ᠲᠦᠷᠤᠯ ᠵᠦᠢᠯ ᠢ ᠬᠡᠷᠡᠭᠵᠢᠬᠦᠯᠬᠦ ᠪᠠᠷ ᠲᠠᠮᠵᠢᠨ᠂ ᠰᠤᠷᠠᠭ ᠵᠠᠩᠬᠢᠵᠢᠯᠳᠠ ᠪᠠ ᠮᠠᠨ ᠤ ᠠᠶᠢᠮᠠᠭ ᠤᠨ ᠰᠤᠷᠭᠠᠨ ᠬᠦᠮᠤᠵᠢᠯ ᠤᠨ ᠦᠢᠯᠡᠰ ᠤᠨ ᠶᠠᠰᠤ ᠴᠢᠨᠠᠷ ᠢ ᠲᠡᠭᠡᠭᠰᠢᠯᠡᠬᠦᠯᠬᠦ ᠶᠢ ᠠᠬᠢᠭᠤᠯᠵᠤ᠂ ︽ᠠᠷᠪᠠᠨ ᠲᠦᠷᠪᠡᠳᠤᠭᠡᠷ ᠲᠠᠪᠤᠨ ᠵᠢᠯ︾ ᠤᠨ ᠬᠤᠭᠤᠴᠠᠭᠠᠨ ᠳᠤ ᠰᠤᠷᠭᠠᠨ ᠬᠦᠮᠤᠵᠢᠯ ᠤᠨ ᠦᠢᠯᠡᠰ ᠤᠨ ᠲᠠᠪᠠᠯᠳᠠᠳᠤ ᠴᠢᠨᠠᠷᠳᠠᠢ ᠬᠦᠭᠵᠢᠯᠳᠠ ᠶᠢ ᠪᠡᠶᠡᠯᠡᠬᠦᠯᠬᠦ ᠪᠤᠯᠤᠨ᠎ᠠ᠃
 
ᠢᠷᠡᠯᠲᠡ᠄ ᠬᠢᠩᠭᠠᠨ ᠤ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号