ᠮᠤᠩᠭᠤᠯ ᠠᠶᠢᠯ ᠤᠨ ᠡᠭᠦᠳᠡᠨ ᠴᠡᠭᠡᠷ
ᠨᠡᠶᠢᠲᠡᠯᠡᠭᠰᠡᠨ ᠴᠠᠭ᠄
2020/12/11
        ᠡᠭᠦᠳᠡ ᠪᠠᠨ ᠬᠦᠴᠦᠲᠠᠢ ᠨᠡᠭᠡᠭᠡᠵᠤ ᠬᠠᠭᠠᠬᠤ ᠶᠢ ᠴᠡᠭᠡᠷᠯᠡᠳᠡᠭ᠃ ᠢᠩᠭᠢᠪᠡᠯ ᠶᠤᠰᠤ ᠵᠦᠢ ᠮᠡᠳᠡᠬᠦ ᠦᠭᠡᠢ ᠪᠤᠶᠤ ᠳᠤᠷ᠎ᠠ ᠦᠭᠡᠶᠢᠴᠡᠭᠰᠡᠨ ᠤ ᠪᠤᠳᠠᠲᠤ ᠢᠯᠡᠷᠡᠯ ᠪᠤᠯᠤᠨ᠎ᠠ᠃         ᠡᠭᠦᠳᠡ ᠰᠡᠬᠦᠵᠦ ᠤᠷᠤᠬᠤ ᠳᠤ ᠪᠠᠨ ᠪᠤᠷᠤᠭᠤ ︵ᠪᠠᠷᠠᠭᠤᠨ︶ ᠲᠠᠯ᠎ᠠ ᠶᠢ ᠴᠡᠭᠡᠷᠯᠡᠨ᠎ᠡ᠃ ᠵᠦᠪ ︵ᠵᠡᠭᠦᠨ ︶ ᠲᠠᠯ᠎ᠠ ᠶᠢ ᠰᠡᠬᠦᠵᠦ ᠤᠷᠤᠨ᠎ᠠ᠃ ᠦᠭᠡᠢ ᠪᠤᠯ ︽ᠵᠠᠭᠤ ᠬᠦᠷᠲᠡᠯ᠎ᠡ ᠲᠤᠭ᠎ᠠ ᠮᠡᠳᠡᠬᠦ ᠦᠭᠡᠢ᠂ ᠵᠡᠭᠦᠨᠰᠢ ᠪᠠᠷᠠᠭᠤᠨᠰᠢ ᠵᠦᠭ ᠢᠯᠭᠠᠬᠤ ᠦᠭᠡᠢ ᠬᠦᠮᠦᠨ︾ ᠭᠡᠵᠦ ᠵᠢᠮᠡᠯᠡᠭᠳᠡᠨ᠎ᠡ᠃         ᠡᠭᠦᠳᠡᠨ ᠤ ᠪᠤᠷᠤᠭᠤ ᠲᠠᠯ᠎ᠠ ᠪᠠᠷ ᠭᠠᠷᠬᠤ ᠶᠢ ᠴᠡᠭᠡᠷᠯᠡᠨ᠎ᠡ᠃ ᠭᠠᠷᠤᠵᠠ ᠲᠠᠢ ᠪᠤᠯᠤᠨ᠎ᠠ ᠭᠡᠬᠦ ᠪᠤᠶᠤ ᠲᠤᠮ ᠬᠠᠷᠢᠭᠤᠯᠤᠯᠭ᠎ᠠ ᠬᠢᠬᠦ ᠶᠠᠭᠤᠮ᠎ᠠ ᠶᠢ ᠡᠭᠦᠳᠡᠨ ᠪᠤᠷᠤᠭᠤ ᠲᠠᠯ᠎ᠠ ᠪᠠᠷ ᠭᠠᠷᠭᠠᠳᠠᠭ ᠲᠤᠯᠠ ᠴᠢᠳᠭᠦᠷ ᠤᠨ ᠶᠠᠪᠤᠬᠤ ᠲᠠᠯ᠎ᠠ ᠭᠡᠮᠡᠨ ᠠᠮᠢᠳᠤ ᠬᠦᠮᠦᠨ ᠭᠠᠷᠳᠠᠭ ᠦᠭᠡᠢ᠃         ᠡᠭᠦᠳᠡ ᠪᠠᠷ ᠤᠬᠤᠷᠢᠵᠤ ᠤᠷᠤᠬᠤ ᠶᠢ ᠴᠡᠭᠡᠷᠯᠡᠨ᠎ᠡ᠃         ᠡᠭᠦᠳᠡ ᠠᠯᠳᠠᠯᠠᠵᠤ ᠵᠤᠭᠰᠤᠬᠤ ᠶᠢ ᠴᠡᠭᠡᠷᠯᠡᠨ᠎ᠡ᠃         ᠡᠭᠦᠳᠡ ᠪᠠᠷ ᠱᠠᠭᠠᠶᠢᠵᠤ ᠦᠩᠭᠡᠶᠢᠬᠦ ᠶᠢ ᠴᠡᠭᠡᠷᠯᠡᠨ᠎ᠡ᠃         ᠡᠭᠦᠳᠡ ᠪᠠᠷ ᠤᠰᠤ ᠠᠰᠬᠠᠬᠤ ᠶᠢ ᠴᠡᠭᠡᠷᠯᠡᠨ᠎ᠡ᠃         ᠡᠭᠦᠳᠡ ᠲᠤᠰᠴᠤ ᠠᠰᠯᠠᠵᠤ ᠰᠠᠭᠤᠬᠤ ᠶᠢ ᠴᠡᠭᠡᠷᠯᠡᠨ᠎ᠡ᠃         ᠡᠭᠦᠳᠡᠨ ᠠᠴᠠ ᠡᠮᠦᠨᠡᠰᠢ ᠡᠭᠦᠳᠡ ᠭᠤᠤᠯᠳᠠᠵᠤ ᠭᠠᠳᠠᠭᠠᠯᠠᠬᠤ ᠶᠢ ᠴᠡᠭᠡᠷᠯᠡᠨ᠎ᠡ᠃         ᠡᠭᠦᠳᠡᠨ ᠳᠡᠭᠡᠷ᠎ᠡ ᠪᠠᠨ ᠬᠤᠭᠤᠰᠤᠨ ᠰᠠᠪᠠ ᠳᠡᠭᠡᠭᠰᠢ ᠬᠠᠨᠳᠤᠭᠤᠯᠤᠨ ᠲᠠᠯᠪᠢᠬᠤ ᠶᠢ ᠴᠡᠭᠡᠷᠯᠡᠨ᠎ᠡ᠃ ᠡᠷᠬᠡᠪᠰᠢ ᠬᠦᠮᠦᠷᠢᠵᠦ ᠲᠠᠯᠪᠢᠬᠤ ᠶᠤᠰᠤ ᠲᠠᠢ᠃
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号