ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠳᠡᠳ᠋ ᠱᠦᠵᠢ ᠤᠯᠤᠰ ᠲᠥᠷᠥ ᠬᠠᠤᠯᠢ ᠴᠠᠭᠠᠵᠠ ᠶᠢᠨ ᠵᠦᠪᠯᠡᠯ ᠤᠨ ᠱᠦᠵᠢ ᠯᠢᠨ ᠱᠣᠤ ᠴᠦᠨ ᠮᠠᠨ ᠤ ᠬᠤᠲᠠ ᠳᠤ ᠭᠦᠨᠵᠡᠭᠡᠶᠢᠷᠡᠨ  ᠪᠠᠶᠢᠴᠠᠭᠠᠨ  ᠰᠤᠳᠤᠯᠤᠯᠳᠠ ᠬᠢᠵᠡᠢ
ᠨᠡᠶᠢᠲᠡᠯᠡᠭᠰᠡᠨ ᠴᠠᠭ᠄
2020-06-17
    6 ᠰᠠᠷ᠎ᠠ ᠶᠢᠨ 9 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠵᠦᠪᠯᠡᠯ ᠤᠨ ᠱᠦᠵᠢ ᠯᠢᠨ ᠱᠣᠤ ᠴᠦᠨ ᠮᠠᠨ ᠤ ᠬᠤᠲᠠ ᠳᠤ ᠭᠦᠨᠵᠡᠭᠡᠶᠢᠷᠡᠨ ᠬᠢᠯᠢ ᠬᠢᠵᠠᠭᠠᠷ ᠢᠶᠠᠨ ᠬᠠᠮᠠᠭᠠᠯᠠᠬᠤ ᠳᠠᠷᠤᠭ᠎ᠠ ᠪᠠᠶᠢᠯᠳᠤᠭᠴᠢ ᠪᠠ ᠬᠢᠯᠢ ᠶᠢᠨ ᠲᠣᠮᠢᠯᠠᠭᠰᠠᠨ ᠰᠠᠯᠪᠤᠷᠢ ᠶᠢᠨ ᠦᠨᠳᠦᠰᠦᠨ ᠱᠠᠲᠤᠨ ᠤ ᠺᠠᠳ᠋ᠷ ᠴᠠᠭᠳᠠᠭ᠎ᠠ ᠶᠢ ᠪᠣᠯᠭᠤᠭᠠᠨ ᠲᠣᠬᠤᠨᠢᠭᠤᠯᠤᠭᠰᠠᠨ ᠪᠥᠭᠡᠳ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠥᠲᠥᠭᠡᠨ ᠪᠠᠶᠢᠭᠤᠯᠤᠯᠲᠠ᠂ ᠬᠢᠯᠢ ᠶᠢ ᠲᠣᠭᠲᠠᠪᠤᠷᠢᠵᠢᠭᠤᠯᠵᠤ ᠬᠢᠯᠢ ᠶᠢ ᠪᠠᠬᠢᠵᠢᠭᠦᠯᠬᠦ ᠪᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠡᠷᠭᠡ ᠠᠵᠢᠯ ᠳᠤ ᠪᠠᠶᠢᠴᠠᠭᠠᠨ ᠰᠤᠳᠤᠯᠤᠯᠲᠠ ᠬᠢᠵᠦ ᠵᠢᠭᠠᠨ ᠵᠢᠯᠣᠭᠤᠳᠪᠠ᠃ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠵᠦᠪᠯᠡᠯ ᠤᠨ ᠱᠦᠵᠢ ᠮᠠ ᠬᠤᠸᠠᠨ ᠯᠦᠩ᠂ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠷᠠᠰᠢᠶᠠᠨ ᠬᠤᠲᠠ  ᠶᠢᠨ ᠨᠠᠮ ᠤᠨ ᠬᠤᠷᠢᠶᠠᠨ ᠤ ᠱᠦᠵᠢ ᠭᠤᠤ ᠴᠠᠩ ᠱᠧᠩ ᠵᠢᠴᠢ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠪᠠᠷ᠎ᠠ ᠪᠣᠯᠵᠣ ᠪᠠᠶᠢᠴᠠᠭᠠᠨ ᠰᠤᠳᠤᠯᠪᠠ᠃     ᠯᠢᠨ ᠱᠣᠣ ᠴᠦᠨ ᠡᠩ ᠲᠡᠷᠢᠭᠦᠨ ᠳᠤ 32107 ᠴᠡᠷᠢᠭ ᠠᠩᠭᠢ ᠶᠢᠨ ᠬᠢᠯᠢ ᠶᠢᠨ ᠬᠠᠮᠠᠭᠠᠯᠠᠯᠲᠠ ᠶᠢᠨ ᠨᠢᠭᠡᠨ  ᠰᠤᠮᠤᠨ ᠳᠤ ᠬᠦᠷᠴᠦ᠂ ᠳᠠᠷᠤᠭ᠎ᠠ ᠪᠠᠶᠢᠯᠳᠤᠭᠴᠢᠳ ᠤᠨ ᠪᠠᠶᠢᠷᠢ᠂ ᠪᠣᠯᠪᠠᠰᠤᠷᠠᠯ ᠤᠨ ᠲᠠᠰᠤᠭ᠂ ᠡᠮᠨᠡᠯᠭᠡ ᠶᠢᠨ ᠲᠠᠰᠤᠭ ᠤᠨ ᠪᠦᠲᠦᠭᠡᠨ ᠪᠠᠶᠢᠭᠤᠯᠤᠯᠲᠠ ᠵᠢᠴᠢ ᠠᠮᠢᠳᠤᠷᠠᠯ ᠤᠨ ᠡᠳ᠋ ᠪᠣᠳᠠᠰ ᠤᠨ ᠨᠥᠭᠡᠴᠡᠯᠡᠯᠲᠡ ᠵᠡᠷᠭᠡ ᠬᠠᠮᠢᠶ᠎ᠠ ᠪᠦᠬᠦᠢ ᠪᠠᠶᠢᠳᠠᠯ ᠢ ᠪᠠᠶᠢᠴᠠᠭᠠᠨ ᠦᠵᠡᠵᠦ᠂ ᠬᠢᠯᠢ ᠶᠢ ᠰᠠᠬᠢᠨ ᠬᠠᠮᠠᠭᠠᠯᠠᠵᠤ ᠪᠠᠶᠢᠭ᠎ᠠ ᠳᠠᠷᠤᠭ᠎ᠠ ᠪᠠᠶᠢᠯᠳᠤᠭᠴᠢᠳ ᠤᠨ ᠠᠵᠢᠯ ᠪᠣᠯᠤᠨ ᠠᠮᠢᠳᠤᠷᠠᠯ ᠢ ᠨᠠᠷᠢᠨ ᠣᠶᠢᠯᠠᠭᠠᠪᠠ᠃ ᠯᠢᠨ ᠱᠤᠤ ᠴᠦᠨ ᠵᠢᠭᠠᠵᠤ ᠭᠠᠷᠭᠠᠭᠰᠠᠨ ᠨᠢ᠂ ᠥᠪᠥᠷ ᠮᠣᠩᠭᠤᠯ ᠤᠨ ᠣᠷᠣᠨ ᠪᠠᠶᠢᠷᠢ ᠶᠢᠨ ᠨᠥᠬᠦᠴᠡᠯ ᠣᠨᠴᠠᠭᠠᠢ᠂ ᠭᠠᠳᠠᠭᠠᠳᠤ ᠬᠥᠷᠰᠢ ᠶᠢᠨ ᠬᠢᠨ ︽ᠣᠷᠣᠰ ᠮᠣᠩᠭᠤᠯ︾ ᠂ ︽ᠤᠮᠠᠷᠠᠲᠤ ᠶᠢᠨ ᠭᠤᠷᠪᠠᠨ ᠣᠷᠣᠨ︾ ᠢ ᠬᠦᠨᠳᠡᠯᠢᠰᠦᠨ᠂ ᠨᠠᠢᠮᠠᠨ ᠮᠤᠵᠢ ᠲᠠᠢ ᠵᠠᠯᠭᠠᠯᠳᠤᠵᠤ᠂ ᠲᠣᠭᠲᠠᠭᠤᠨ ᠢ ᠬᠠᠮᠠᠭᠠᠯᠠᠵᠤ ᠬᠢᠯᠢ ᠬᠢᠵᠠᠭᠠᠷ ᠢ ᠬᠠᠮᠠᠭᠠᠯᠠᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ ᠨᠢ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠶᠡᠷᠦ ᠠᠴᠠ᠂ ᠬᠢᠯᠢ ᠬᠢᠵᠠᠭᠠᠷ ᠢ ᠬᠠᠮᠠᠭᠠᠯᠠᠬᠤ ᠪᠠᠶᠢᠯᠳᠤᠭᠴᠢᠳ ᠬᠢᠯᠢ ᠬᠢᠵᠠᠭᠠᠷ ᠢ ᠲᠣᠭᠲᠠᠪᠤᠷᠢᠵᠢᠭᠤᠯᠤᠨ ᠬᠢᠯᠢ ᠬᠢᠵᠠᠭᠠᠷ ᠢ ᠪᠠᠬᠢᠵᠢᠭᠦᠯᠬᠦ ᠨᠢᠭᠡᠳᠦᠭᠡᠷ ᠹᠷᠣᠨᠲ ᠲᠤ ᠠᠵᠢᠯᠯᠠᠵᠦ᠂ ᠤᠯᠤᠰ ᠤᠨ ᠡᠷᠬᠡ ᠮᠡᠳᠡᠯ᠂ ᠨᠤᠲᠤᠭ ᠳᠡᠪᠢᠰᠬᠡᠷ ᠤᠨ ᠪᠦᠷᠢᠨ ᠪᠦᠲᠦᠨ ᠢ ᠬᠠᠮᠠᠭᠠᠯᠠᠬᠤ ᠴᠢᠬᠤᠯᠠ ᠡᠭᠦᠷᠭᠡ ᠶᠢ ᠡᠭᠦᠷᠭᠡᠯᠡᠵᠦ ᠪᠠᠶᠢᠬᠤ ᠪᠠᠷ ᠪᠠᠷᠠᠬᠤ ᠦᠭᠡᠶ᠂ ᠪᠠᠰᠠ ᠬᠢᠯᠢ ᠶᠢᠨ ᠰᠠᠭᠤᠭᠠᠯᠢ ᠠᠷᠠᠳ ᠤᠨ ᠠᠮᠢᠳᠤᠷᠠᠯ ᠤᠨ ᠲᠣᠭᠲᠠᠭᠤᠨ ᠪᠠᠶᠢᠳᠠᠯ ᠢ ᠬᠠᠮᠠᠭᠠᠯᠠᠬᠤ ᠴᠢᠬᠤᠯᠠ ᠬᠠᠷᠢᠭᠤᠴᠠᠯᠭ᠎ᠠ ᠶᠢ ᠡᠭᠦᠷᠭᠡᠯᠡᠵᠦ ᠪᠠᠶᠢᠨ᠎ᠠ᠃ ᠰᠠᠭᠤᠭ᠎ᠠ ᠴᠡᠷᠢᠭ ᠠᠩᠭᠢ ᠰᠢ ᠶᠢᠨ ᠫᠢᠩ ᠤᠨ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ  ᠳᠤᠭᠤᠰᠢᠯᠠᠭᠤᠯᠵᠦ᠂ ᠰᠢᠨ᠎ᠡ ᠴᠠᠭ ᠦᠶ᠎ᠡ ᠶᠢᠨ ᠴᠡᠷᠢᠭ ᠤᠨ ᠶᠠᠪᠤᠳᠠᠯ ᠤᠨ ᠪᠠᠶᠢᠯᠳᠤᠬᠤ ᠪᠣᠳᠣᠯᠭ᠎ᠠ ᠶᠢᠨ ᠴᠢᠭᠯᠡᠯᠲᠡ ᠶᠢ ᠪᠦᠬᠦ ᠲᠠᠯ᠎ᠠ ᠪᠠᠷ ᠲᠤᠭᠤᠰᠢᠯᠠᠭᠤᠯᠵᠦ᠂ ᠰᠢᠯᠢᠳᠡᠭ ᠤᠯᠠᠮᠵᠢᠯᠠᠯ ᠢᠶᠠᠨ ᠪᠠᠳᠠᠷᠠᠭᠤᠯᠵᠤ᠂ ᠴᠡᠷᠢᠭ ᠪᠣᠯᠪᠠᠰᠤᠷᠠᠭᠤᠯᠵᠤ ᠳᠠᠶᠢᠨ ᠳᠤ ᠪᠡᠯᠡᠳᠬᠡᠬᠦ ᠶᠢ ᠴᠢᠩᠭᠠᠳᠬᠠᠵᠤ᠂ ᠬᠢᠯᠢ ᠬᠢᠵᠠᠭᠠᠷ ᠣᠷᠣᠨ ᠢ ᠬᠥᠭᠵᠢᠭᠦᠯᠦᠨ ᠬᠢᠯᠢ ᠬᠢᠵᠠᠭᠠᠷ ᠣᠷᠣᠨ ᠢ ᠪᠠᠶᠠᠯᠢᠭᠵᠢᠭᠤᠯᠬᠤ᠂ ᠬᠢᠯᠢ ᠬᠢᠵᠠᠭᠠᠷ ᠣᠷᠣᠨ ᠢ ᠲᠣᠭᠲᠠᠪᠤᠷᠢᠵᠢᠭᠤᠯᠤᠨ ᠬᠢᠯᠢ ᠬᠢᠵᠠᠭᠠᠷ ᠣᠷᠣᠨ ᠢ ᠪᠠᠬᠢᠵᠢᠭᠦᠯᠬᠦ ᠵᠡᠷᠭᠡ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠤᠯᠤᠰ ᠣᠷᠣᠨ ᠤ ᠠᠮᠤᠷ ᠲᠦᠪᠰᠢᠨ᠂ ᠨᠡᠶᠢᠭᠡᠮ ᠤᠨ ᠲᠣᠭᠲᠠᠭᠤᠨ ᠪᠠᠶᠢᠳᠠᠯ ᠪᠠ ᠠᠷᠠᠳ ᠲᠦᠮᠡᠨ ᠤ ᠠᠮᠤᠷ ᠠᠮᠤᠭᠤᠯᠠᠩ ᠢ ᠬᠠᠮᠠᠭᠠᠯᠠᠬᠤ ᠶᠢᠨ ᠲᠥᠯᠥᠭᠡ ᠲᠠᠬᠢᠨ ᠰᠢᠨ᠎ᠡ ᠭᠠᠪᠢᠶ᠎ᠠ ᠪᠠᠶᠢᠭᠤᠯᠬᠤ ᠬᠡᠷᠡᠭᠳᠡᠢ᠃ ᠴᠡᠷᠢᠭ ᠠᠩᠬᠢ ᠶᠢᠨ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠡᠳ᠋ ᠪᠣᠳᠠᠰ ᠤᠨ ᠬᠠᠩᠭᠠᠯᠭ᠎ᠠ ᠭᠦᠢᠴᠡᠳ᠂ ᠢᠳᠡᠭᠡᠨ ᠤ  ᠵᠦᠢᠯᠡᠰ ᠰᠢᠨ᠎ᠡ ᠰᠣᠷᠭᠤᠭ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠤᠰᠤᠨ ᠤ ᠴᠢᠨᠠᠷ ᠢ ᠪᠠᠶᠢᠴᠠᠭᠠᠨ ᠬᠡᠮᠵᠢᠬᠦ ᠠᠵᠢᠯ ᠢ ᠰᠠᠶᠢᠲᠤᠷ ᠬᠢᠵᠦ᠂ ᠳᠠᠷᠤᠭ᠎ᠠ ᠪᠠᠶᠢᠯᠳᠤᠭᠴᠢᠳ ᠤᠨ ᠤᠤᠭᠤᠬᠤ ᠤᠰᠤᠨ ᠤ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠶ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠴᠡᠷᠢᠭ ᠠᠩᠭᠢ ᠪᠣᠯᠤᠨ ᠤᠯᠤᠰ ᠠᠴᠠ ᠪᠠᠲᠤᠯᠠᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠳᠠᠮᠵᠢᠵᠤ᠂ ᠴᠡᠷᠢᠭ ᠠᠩᠭᠢ ᠳᠤ ᠬᠡᠷᠡᠭᠴᠡᠭᠡ ᠲᠠᠢ᠂ ᠵᠠᠰᠠᠭ ᠤᠨ ᠣᠷᠳᠣᠨ ᠬᠠᠷᠢᠭᠤᠴᠠᠯᠭ᠎ᠠ ᠲᠠᠢ᠂ ᠣᠷᠣᠨ ᠨᠤᠲᠤᠭ ᠲᠤ ᠪᠠᠴᠢᠮ ᠬᠡᠷᠡᠭᠴᠡᠭᠡ ᠲᠠᠢ᠂ ᠴᠡᠷᠢᠭ ᠠᠩᠭᠢ ᠤᠷᠤᠭᠰᠢᠯᠠᠯᠲᠠ ᠲᠠᠢ ᠪᠠᠶᠢᠬᠤ ᠬᠡᠷᠡᠭᠲᠡᠶ᠂ ᠴᠡᠷᠢᠭ ᠠᠩᠭᠢ ᠪᠠ ᠣᠷᠣᠨ ᠨᠤᠲᠤᠭ ᠬᠤᠯᠪᠣᠭᠠᠯᠠᠨ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠪᠠ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ‌‍ᠤ ᠬᠠᠯᠬᠠᠪᠴᠢ ᠶᠢ ᠬᠠᠮᠲᠤᠪᠠᠷ ᠪᠠᠬᠢᠵᠢᠭᠦᠯᠬᠦ ᠬᠡᠷᠡᠭᠲᠡᠢ ᠭᠡᠪᠡ᠃     ᠳᠠᠷᠠᠭ᠎ᠠ ᠨᠢ᠂ ᠯᠢᠨ ᠱᠤᠤ ᠴᠦᠨ ᠨᠡᠷ ᠲᠡᠷᠭᠡᠨ ᠳᠤ ᠰᠠᠭᠤᠵᠤ ᠬᠢᠯᠢ ᠶᠢᠨ ᠬᠠᠮᠠᠭᠠᠯᠠᠯᠲᠠ ᠶᠢᠨ ᠭᠠᠯ ᠲᠤᠶᠢᠮᠡᠷ ᠢ ᠰᠡᠷᠭᠡᠶᠢᠯᠡᠬᠦ ᠵᠠᠮ ᠢᠶᠠᠷ ᠮᠠᠨ ᠤ ᠬᠤᠲᠠ ᠶᠢᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠪᠠ᠃ ᠯᠢᠨ ᠱᠣᠣ ᠴᠦᠨ ᠪᠠᠰᠠ ᠢᠷᠪᠢᠰ ᠬᠢᠯᠢ ᠶᠢᠨ ᠲᠣᠮᠢᠯᠠᠭᠰᠠᠨ ᠰᠠᠯᠪᠤᠷᠢ ᠳᠤ ᠬᠦᠷᠴᠦ᠂ ᠬᠠᠮᠢᠶ᠎ᠠ ᠪᠦᠬᠦᠢ ᠠᠵᠢᠯ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ᠂ ᠵᠥᠷᠢᠴᠡᠯ ᠢ ᠪᠠᠶᠢᠴᠠᠭᠠᠨ ᠰᠢᠢᠳᠪᠦᠷᠢᠯᠡᠬᠦ᠂ ᠠᠵᠢᠯᠲᠠᠨ ᠵᠢᠴᠢ ᠲᠣᠨᠤᠭ ᠲᠥᠬᠦᠭᠡᠷᠦᠮᠵᠢ ᠲᠣᠬᠢᠷᠠᠭᠤᠯᠬᠤ ᠵᠡᠷᠭᠡ ᠬᠠᠮᠢᠶ᠎ᠠ ᠪᠦᠬᠦᠢ ᠤᠴᠢᠷ ᠶᠠᠪᠤᠳᠠᠯ ᠢ ᠨᠠᠷᠢᠨ ᠣᠶᠢᠯᠠᠭᠠᠵᠤ᠂ ᠪᠠᠶᠢᠷᠢ᠂ ᠢᠷᠠᠭᠤ ᠠᠯᠳᠠᠷ ᠤᠨ ᠲᠠᠰᠤᠭ᠂ ᠬᠥᠳᠡᠯᠭᠡᠭᠡᠨ ᠤ ᠲᠠᠰᠤᠭ ᠵᠡᠷᠭᠡ ᠪᠥᠲᠥᠭᠡᠨ ᠪᠠᠶᠢᠭᠤᠯᠤᠯᠲᠠ ᠶᠢᠨ ᠠᠵᠢᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠪᠠᠰᠠ ᠮᠠᠨ ᠤ ᠬᠤᠲᠠ ᠶᠢᠨ ᠣᠯᠠᠨ ᠲᠦᠮᠡᠨ ᠤ ᠲᠣᠰ ᠪᠡᠶ᠎ᠡ ᠶᠢᠨ ᠠᠰᠢᠭ ᠲᠤᠰᠠ ᠶᠢ ᠬᠠᠮᠠᠭᠠᠯᠠᠬᠤ᠂ ᠨᠡᠶᠢᠭᠡᠮ ᠤᠨ ᠠᠮᠤᠷ ᠲᠦᠪᠰᠢᠨ ᠲᠣᠭᠲᠠᠭᠤᠨ ᠢ ᠬᠠᠮᠠᠭᠠᠯᠠᠬᠤ ᠵᠡᠷᠭᠡ ᠲᠠᠯ᠎ᠠ ᠪᠠᠷ ᠣᠯᠤᠭᠰᠠᠨ ᠠᠮᠵᠢᠯᠲᠠ ᠶᠢ ᠭᠦᠢᠴᠡᠳ ᠨᠤᠲᠠᠯᠠᠵᠠᠢ᠃ ᠯᠢᠨ ᠱᠣᠣ ᠴᠦᠨ ᠵᠢᠭᠠᠵᠤ ᠭᠠᠷᠭᠠᠭᠰᠠᠨ ᠨᠢ᠂  ᠰᠢᠨ᠎ᠠ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠭᠠᠷᠤᠭᠰᠠᠨ ᠠᠴᠠ ᠨᠠᠰᠢ᠂ ᠥᠷᠭᠡᠨ ᠤᠯᠠᠨ ᠦᠨᠳᠦᠰᠦᠨ ᠱᠠᠲᠤᠨ ᠤ ᠺᠠᠳ᠋ᠷ ᠴᠠᠭᠳᠠᠭ᠎ᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠲᠤᠭᠲᠠᠭᠤᠨ ᠪᠠᠶᠢᠳᠠᠯ ᠢ ᠬᠠᠮᠠᠭᠠᠯᠠᠬᠤ ᠨᠢᠭᠡᠳᠦᠭᠡᠷ ᠹᠷᠣᠨᠲ ᠲᠤ ᠢᠮᠠᠭᠲᠠ ᠪᠠᠲᠤ ᠰᠠᠬᠢᠵᠤ᠂ ᠰᠡᠷᠭᠡᠶᠢᠯᠡᠨ  ᠡᠵᠡᠮᠲᠡᠬᠦ ᠪᠠᠶᠢᠳᠠᠯ ᠦᠷᠭᠦᠯᠵᠢᠯᠡᠨ ᠰᠠᠶᠢᠵᠢᠷᠠᠵᠤ᠂ ᠨᠡᠶᠢᠭᠡᠮ ᠤᠨ ᠶᠡᠭᠡ ᠲᠠᠯ᠎ᠠ ᠦᠷᠭᠦᠯᠵᠢᠯᠡᠨ ᠲᠣᠭᠲᠠᠭᠤᠨ ᠢ ᠪᠠᠳᠦᠯᠠᠬᠤ   ᠳᠤ ᠯᠤᠲᠤ ᠶᠡᠭᠡ ᠬᠦᠴᠦᠨ ᠴᠢᠳᠠᠯ ᠢᠶᠠᠨ ᠡᠷᠭᠦᠪᠡ᠃ ᠥᠷᠭᠡᠨ ᠣᠯᠠᠨ ᠦᠨᠳᠦᠰᠦᠨ ᠱᠠᠲᠤᠨ ᠤ ᠺᠠᠳ᠋ᠷ ᠴᠠᠭᠳᠠᠭ᠎ᠠ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠰᠠᠶᠢᠲᠤᠷ ᠬᠢᠬᠦ ᠶᠢᠨ ᠬᠠᠮᠲᠤ ᠲᠣᠤᠷᠵᠢᠭᠤᠯᠤᠭᠰᠠᠨ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠵᠤ᠂ ᠠᠵᠢᠯ ᠢ ᠦᠨᠳᠦᠰᠦᠨ ᠱᠠᠲᠤᠨ ᠤ ᠨᠢᠭᠡᠳᠦᠭᠡᠷ ᠹᠷᠣᠨᠲ ᠲᠤ ᠦᠨᠡᠨᠬᠦ ᠪᠣᠳᠠᠲᠠᠶᠢᠵᠢᠭᠤᠯᠵᠤ᠂ ᠲᠤᠤᠷᠵᠢᠭᠤᠯᠤᠬᠴᠢ  ᠶᠢᠨ ᠴᠢᠬᠤᠯᠠ ᠦᠢᠯᠡᠳᠦᠯ ᠢ ᠦᠷᠭᠦᠯᠵᠢᠯᠡᠨ ᠪᠠᠳᠠᠷᠠᠭᠤᠯᠬᠤ ᠬᠡᠷᠡᠭᠳᠡᠢ᠃ ᠵᠥᠷᠢᠴᠡᠯ ᠢ ᠪᠠᠶᠢᠴᠠᠭᠠᠨ ᠰᠢᠢᠳᠪᠦᠷᠢᠯᠡᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠢᠳᠡᠪᠬᠢᠲᠡᠶ ᠰᠠᠨᠠᠭᠠᠴᠢᠯᠠᠭ᠎ᠠ ᠠᠴᠠ ᠪᠠᠨ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠶ᠃ ᠨᠡᠶᠢᠭᠡᠮ ᠤᠨ ᠵᠥᠷᠢᠴᠡᠯ ᠢ ᠴᠠᠭ ᠲᠤᠬᠠᠶ ᠳᠤᠨᠢ ᠠᠷᠢᠯᠭᠠᠵᠤ᠂ ᠬᠢᠯᠢ ᠬᠢᠵᠠᠭᠠᠷ ᠤᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ ᠦᠨᠡᠨ ᠬᠦ ᠰᠠᠶᠢᠲᠤᠷ ᠬᠠᠮᠠᠭᠠᠯᠠᠬᠤ ᠬᠡᠷᠡᠭᠳᠡᠢ᠃ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠬᠥᠮᠦᠨ ᠰᠣᠩᠭᠤᠵᠤ ᠬᠥᠮᠦᠨ ᠬᠡᠷᠡᠭᠯᠡᠬᠦ ᠵᠥᠪ ᠤᠳᠤᠷᠢᠳᠤᠮᠵᠢ ᠶᠢ ᠪᠤᠢ ᠪᠣᠯᠭᠠᠵᠤ᠂ ᠥᠷᠭᠡᠨ ᠤᠯᠠᠨ ᠺᠠᠳ᠋ᠷ ᠴᠠᠭᠳᠠᠭ᠎ᠠ ᠶᠢᠨ ᠢᠷᠠᠭᠤ ᠠᠯᠳᠠᠷᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠶᠢ ᠲᠠᠰᠤᠷᠠᠯᠳᠠ ᠦᠭᠡᠢ ᠨᠡᠮᠡᠭᠳᠡᠭᠦᠯᠬᠦ ᠬᠡᠷᠡᠭᠲᠡᠶ᠃ ᠤᠯᠤᠰ ᠲᠦᠷᠦ ᠬᠠᠤᠯᠢ ᠴᠠᠭᠠᠵᠠ ᠶᠢᠨ ᠭᠡᠰᠢᠭᠦᠳ ᠢ ᠪᠣᠯᠪᠠᠰᠤᠷᠠᠭᠤᠯᠬᠤ ᠠᠵᠢᠯ ᠢ ᠪᠦᠬᠦ ᠬᠦᠴᠦ ᠪᠠᠷ ᠢᠶᠠᠨ ᠰᠠᠶᠢᠲᠤᠷ ᠬᠢᠵᠦ᠂ ᠠᠵᠢᠯ ᠤᠨ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠡᠭᠦᠷᠭᠡ ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠭᠡᠬᠦ ᠬᠡᠷᠡᠭᠲᠡᠶ᠃ ᠦᠨᠳᠦᠰᠦᠲᠡᠨ ᠤ ᠪᠦᠯᠬᠦᠮᠳᠡᠯ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠡᠯ᠎ᠡ ᠦᠨᠳᠦᠰᠦᠲᠡᠨ ᠤ ᠠᠭᠤᠰᠤᠯᠴᠠᠯ᠂ ᠶᠠᠪᠤᠯᠴᠠᠭ᠎ᠠ᠂ ᠰᠣᠯᠢᠯᠴᠠᠭ᠎ᠠ ᠶᠢ ᠴᠢᠩᠭᠠᠳᠬᠠᠵᠦ᠂ ︽ᠭᠤᠷᠪᠠᠨ ᠰᠠᠯᠵᠤ ᠴᠢᠳᠠᠬᠤ ᠦᠭᠡᠢ︾ ᠦᠵᠡᠯ ᠰᠠᠨᠠᠭ᠎ᠠ ᠶᠢ ᠦᠨᠳᠦᠰᠦᠲᠡᠨ ᠨᠦᠭᠦᠳ ᠤᠨ ᠤᠯᠠᠨ ᠲᠦᠮᠡᠨ ᠤ ᠰᠡᠳᠬᠢᠯ ᠳᠤ ᠭᠦᠨ  ᠦᠨᠳᠦᠰᠦᠯᠡᠬᠦᠯᠬᠦ ᠬᠡᠷᠡᠭᠳᠡᠢ᠃ ︽ᠢᠷᠭᠡᠨ ᠤ ᠬᠠᠤᠯᠢ︾ ᠶᠢᠨ ᠰᠤᠷᠤᠯᠴᠠᠯᠭ᠎ᠠ ᠤᠬᠠᠭᠤᠯᠭ᠎ᠠ ᠪᠠᠨ ᠦᠨᠡᠨᠬᠦ ᠴᠢᠩᠭᠠᠳᠬᠠᠵᠤ᠂ ᠪᠦᠬᠦ ᠨᠡᠶᠢᠭᠡᠮ ᠤᠨ ᠬᠠᠤᠯᠢ ᠪᠠᠷ ᠵᠠᠰᠠᠬᠤ ᠤᠬᠠᠮᠰᠠᠷ ᠪᠣᠯᠤᠨ ᠬᠠᠤᠯᠢ ᠪᠠᠷ ᠵᠠᠰᠠᠬᠤ ᠢᠲᠡᠭᠡᠯ ᠪᠢᠰᠢᠷᠡᠯ ᠢ ᠴᠢᠩᠭᠠᠳᠬᠠᠵᠦ᠂ ︽ᠢᠷᠭᠡᠨ ᠤ ᠬᠠᠤᠯᠢ ᠶᠢᠨ ᠪᠢᠴᠢᠭ︾ ᠢ ᠪᠦᠬᠦ ᠲᠠᠯ᠎ᠠ ᠪᠠᠷ ᠪᠦᠲᠦᠮᠵᠢᠲᠡᠶ ᠬᠡᠷᠡᠭᠵᠢᠭᠦᠯᠬᠦ ᠳᠤ ᠪᠠᠲᠤ ᠰᠠᠭᠤᠷᠢ ᠲᠠᠯᠪᠢᠬᠤ ᠬᠡᠷᠡᠭᠳᠡᠢ᠃ ᠤᠯᠤᠰ ᠲᠥᠷᠥ ᠶᠢᠨ ᠰᠤᠷᠤᠯᠴᠠᠯᠭ᠎ᠠ᠂ ᠴᠡᠷᠢᠭ ᠤᠨ ᠪᠣᠯᠪᠠᠰᠤᠷᠠᠯ ᠵᠡᠷᠭᠡ ᠡᠳᠦᠷ ᠲᠤᠲᠤᠮ ᠤᠨ ᠠᠵᠢᠯ ᠢ ᠦᠷᠭᠦᠯᠵᠢᠯᠡᠨ ᠰᠠᠶᠢᠲᠤᠷ ᠬᠢᠭᠰᠡᠨ ᠰᠠᠭᠤᠷᠢᠨ ᠳᠡᠭᠡᠷ᠎ᠡ᠂ ᠰᠣᠶᠣᠯ ᠤᠨ ᠠᠵᠢᠯᠯᠠᠭ᠎ᠠ ᠶᠢ ᠢᠳᠡᠪᠬᠢᠲᠡᠶ ᠵᠣᠬᠢᠶᠠᠨ ᠪᠠᠶᠢᠭᠤᠯᠤᠨ ᠥᠷᠨᠢᠭᠦᠯᠵᠦ᠂ ᠥᠷᠭᠡᠨ ᠤᠯᠠᠨ ᠦᠨᠳᠦᠰᠦᠨ ᠱᠠᠲᠤᠨ ᠤ ᠺᠠᠳ᠋ᠷ ᠴᠠᠭᠳᠠᠭ᠎ᠠ ᠶᠢᠨ ᠨᠢᠭᠲᠠᠷᠠᠯ ᠤᠨ ᠬᠦᠴᠦᠨ ᠪᠠ ᠲᠥᠪᠯᠡᠩᠭᠦᠶ ᠬᠦᠴᠦᠨ ᠢ ᠦᠨᠡᠨ ᠬᠦ  ᠴᠢᠩᠭᠠᠳᠬᠠᠬᠤ ᠬᠡᠷᠡᠭᠳᠡᠢ ᠭᠡᠪᠡ᠃
 
ᠢᠷᠡᠯᠲᠡ᠄ ᠬᠤᠲᠠ ᠶᠢᠨ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号