ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ ᠬᠤᠲᠠ ᠶᠢᠨ ᠨᠠᠮ ᠤᠨ ᠬᠤᠷᠢᠶᠠᠨ ᠤ ᠱᠦᠵᠢ ᠭᠤᠤ ᠴᠠᠩ ᠱᠧᠩ ᠳᠥᠷᠪᠡᠳᠦᠭᠡᠷ ᠬᠤᠭᠤᠴᠠᠭᠠᠨ ᠤ ᠶᠡᠷᠡᠨ ᠳᠣᠯᠣᠳᠤᠭᠠᠷ  ᠤᠳᠠᠭᠠᠨ  ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2020-06-17
    6 ᠰᠠᠷ᠎ᠠ ᠶᠢᠨ 10 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠬᠤᠲᠠ ᠶᠢᠨ ᠨᠠᠮ ᠤᠨ ᠬᠤᠷᠢᠶᠠᠨ ᠤ ᠱᠦᠵᠢ ᠭᠤᠤ ᠴᠠᠩ ᠱᠧᠩ ᠳᠥᠷᠪᠡᠳᠦᠭᠡᠷ ᠬᠤᠭᠤᠴᠠᠭᠠᠨ ᠤ ᠶᠡᠷᠡᠨ ᠳᠣᠯᠣᠳᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ  ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠲᠠ ᠶᠢᠨ ᠤᠳᠤᠷᠢᠳᠤᠯᠭ᠎ᠠ ᠮᠠ ᠵᠢᠢ ᠴᠧᠩ᠂ ᠸᠠᠩ ᠰᠢᠶᠣᠤ ᠬᠤᠸᠠᠨ ᠨᠠᠷ ᠬᠤᠷᠠᠯ ᠳᠤ ᠣᠷᠣᠯᠴᠠᠪᠠ᠃  ᠪᠠᠶ ᠶᠠ ᠪᠢᠨ᠂ ᠵᠧᠤ ᠰᠢᠤᠸᠠᠢ ᠸᠧᠨ ᠵᠢᠴᠢ ᠬᠤᠲᠠ ᠶᠢᠨ ᠬᠠᠮᠢᠶ᠎ᠠ ᠪᠥᠬᠦᠶ ᠨᠢᠭᠡᠴᠡ ᠶᠢᠨ ᠬᠠᠷᠢᠭᠤᠴᠠᠯᠭᠠᠲᠠᠨ ᠨᠦᠬᠦᠳ ᠰᠤᠯᠠ ᠤᠷᠤᠯᠴᠠᠪᠠ᠃
    ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠠᠷᠪᠠᠨ ᠭᠤᠷᠪᠠᠳᠤᠭᠠᠷ ᠬᠤᠭᠤᠴᠠᠭᠠᠨ ᠤ ᠪᠥᠬᠦ ᠤᠯᠤᠰ ᠤᠨ ᠠᠷᠠᠳ   ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠪᠥᠬᠦ ᠤᠯᠤᠰ ᠤᠨ ︽ᠬᠤᠶᠠᠷ ᠬᠤᠷᠠᠯ︾ ᠤᠨ ᠵᠣᠷᠢᠭ ᠰᠠᠨᠠᠭ᠎ᠠ ᠵᠢᠴᠢ ᠣᠷᠣᠨ ᠠᠶᠢᠮᠠᠭ ᠬᠤᠶᠠᠷ ᠱᠠᠲᠤᠨ ᠤ ᠬᠠᠮᠢᠶ᠎ᠠ ᠪᠥᠬᠦᠶ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠷᠠᠰᠢᠶᠠᠨ ᠬᠤᠲᠠ ᠶᠢᠨ ᠪᠥᠬᠦ ᠠᠶᠢᠮᠠᠭ ᠤᠨ ᠬᠢᠯᠠᠰ ᠴᠡᠭ ᠪᠣᠯᠬᠤ ᠠᠵᠢᠯ ᠤᠨ ᠪᠠᠶᠢᠴᠠᠭᠠᠯᠲᠠ ᠶᠢᠨ ᠳᠤᠮᠳᠠᠬᠢ ᠲᠤᠬᠠᠶ  ᠶᠢᠨ ᠲᠠᠯᠠᠪᠠᠶ ᠶᠢᠨ ᠲᠣᠭᠤᠷᠢᠨ ᠦᠵᠡᠬᠦ ᠴᠡᠭ  ᠢ ᠰᠣᠩᠭᠤᠨ ᠠᠪᠤᠭᠰᠠᠨ ᠪᠠ ᠪᠡᠯᠡᠳᠬᠡᠭᠰᠡᠨ ᠪᠠᠶᠢᠳᠠᠯ᠂ ᠪᠥᠬᠦ ᠬᠤᠲᠠ  ᠶᠢᠨ ᠵᠢᠭᠤᠯᠴᠢᠯᠠᠯ ᠤᠨ ᠠᠵᠢᠯ ᠤᠨ ᠪᠠᠶᠢᠳᠠᠯ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠵᠦ ᠬᠠᠷᠢᠭᠤ ᠲᠤᠰᠬᠠᠭᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠤᠭᠰᠠᠨ ᠵᠢᠴᠢ ᠪᠣᠬᠢᠷᠲᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ ᠤ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠶᠠᠳᠠᠭᠤ ᠶᠢ ᠲᠡᠳᠬᠦᠬᠦ ᠠᠵᠢᠯ ᠤᠨ ᠬᠠᠮᠢᠶ᠎ᠠ ᠪᠥᠬᠦᠶ ᠤᠴᠢᠷ ᠶᠠᠪᠤᠳᠠᠯ ᠪᠠ ︽ᠡᠷᠡᠭᠦᠯ ᠡᠩᠬᠡ ᠷᠠᠰᠢᠶᠠᠨ 2030 ᠤᠨ ᠤ ᠬᠡᠷᠡᠭᠵᠢᠭᠦᠯᠬᠦ ᠲᠥᠰᠦᠯ︾ ᠢ ᠰᠤᠳᠤᠯᠤᠨ ᠵᠥᠪᠯᠡᠪᠡ᠃ ᠬᠤᠷᠠᠯ ᠳᠤ ᠪᠠᠰᠠ ᠲᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃
 
ᠢᠷᠡᠯᠲᠡ᠄ ᠬᠤᠲᠠ ᠶᠢᠨ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号