ᠷᠠᠰᠢᠶᠠᠨ ᠬᠤᠲᠠ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠭᠤᠯᠵᠠᠢ
ᠨᠡᠶᠢᠲᠡᠯᠡᠭᠰᠡᠨ ᠴᠠᠭ᠄
2020-06-23
    6 ᠰᠠᠷ᠎ᠠ ᠶᠢᠨ 17 ᠤ ᠡᠳᠦᠷ ᠤᠨ ᠦᠳᠡ ᠶᠢᠨ ᠡᠮᠦᠨ᠎ᠡ᠂ ᠮᠠᠨ ᠤ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ  ᠬᠤᠷᠠᠯᠳᠤᠭᠤᠯᠵᠦ᠂ ᠬᠤᠷᠠᠯ ᠠᠴᠠ ᠣᠶᠢᠷ᠎ᠠ ᠶᠢᠨ ᠬᠤᠭᠤᠴᠠᠭᠠᠨ ᠤ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠤᠬᠠᠶ ᠬᠤᠷᠠᠯ ᠵᠢᠴᠢ ᠬᠠᠮᠢᠶ᠎ᠠ ᠪᠥᠬᠦᠶ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠳᠠᠮᠵᠢᠭᠤᠯᠪᠠ᠃ ᠪᠦᠬᠦ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠯ᠎ᠡ ᠵᠦᠢᠯ ᠤᠨ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠸᠠᠩ ᠰᠢᠶᠤᠤ ᠬᠤᠸᠠᠨ ᠬᠤᠷᠠᠯ ᠢ ᠡᠷᠭᠢᠯᠡᠵᠦ᠂ ᠶᠠᠩ ᠵᠢᠶᠦ᠋ᠨ᠂ ᠪᠠᠶ ᠶᠠ ᠪᠢᠨ᠂ ᠵᠧᠤ ᠰᠢᠤᠸᠠᠢ ᠸᠧᠨ᠂ ᠮᠠ ᠵᠢᠢ ᠴᠧᠩ᠂ ᠵᠣᠣ ᠱᠦ ᠼᠠᠢ᠂ ᠭᠧ ᠱᠤᠸᠠᠩ ᠫᠧᠩ᠂ ᠵᠣᠣ ᠢᠦᠶ ᠯᠢᠶᠠᠩ᠂ ᠵᠣᠣ ᠳ᠋ᠧ ᠴᠢᠤᠸᠠᠨ᠂ ᠰᠤ᠋ ᠫᠧᠩ ᠯᠢ ᠵᠡᠷᠭᠡ ᠤᠳᠤᠷᠢᠳᠣᠯᠭ᠎ᠠ ᠨᠡᠷ ᠬᠤᠷᠠᠯ ᠳᠤ ᠣᠷᠣᠯᠴᠠᠪᠠ᠃
    ᠬᠤᠷᠠᠯ ᠠᠴᠠ ᠴᠢᠬᠤᠯᠠᠴᠢᠯᠠᠭᠰᠠᠨ ᠨᠢ᠂ ᠬᠠᠮᠤᠭ ᠤᠨ ᠬᠦᠴᠦᠳᠡᠢ ᠠᠷᠭ᠎ᠠ ᠬᠡᠮᠵᠢᠶ᠎ᠡ ᠠᠪᠴᠤ ᠬᠢᠵᠢᠭ ᠤᠨ ᠪᠠᠶᠢᠳᠠᠯ ᠲᠠᠬᠢᠨ ᠡᠭᠦᠰᠬᠦ ᠶᠢ ᠰᠡᠷᠭᠡᠶᠢᠯᠡᠨ ᠬᠤᠷᠢᠭᠯᠠᠬᠤ ᠬᠡᠷᠡᠭᠲᠡᠶ᠃ ᠪᠡᠭᠡᠵᠢᠩ ᠤᠨ ᠬᠢᠵᠢᠭ ᠤᠨ ᠪᠠᠶᠢᠳᠠᠯ ᠳᠠᠬᠢᠨ ᠢᠯᠡᠷᠡᠭᠰᠡᠨ ᠢᠶᠠᠷ ᠰᠡᠷᠡᠮᠵᠢ ᠪᠣᠯᠭᠠᠵᠤ᠂ ᠥᠴᠦᠬᠡᠨ ᠴᠦ ᠰᠤᠯᠠᠷᠠᠭᠤᠯᠤᠯ ᠦᠭᠡᠢ ᠪᠠᠷ ᠴᠢᠬᠤᠯᠠᠴᠢᠯᠠᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠵᠢᠯ ᠢ ᠰᠠᠶᠢᠲᠤᠷ ᠴᠢᠩᠭᠠᠳᠬᠠᠵᠣ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠦᠷᠭᠦᠯᠵᠢᠯᠡᠨ ᠰᠠᠶᠢᠵᠢᠷᠠᠵᠦ ᠪᠠᠶᠢᠭ᠎ᠠ ᠪᠠᠶᠢᠳᠠᠯ ᠢ ᠲᠠᠰᠤᠷᠠᠯᠲᠠ ᠦᠭᠡᠢ ᠪᠠᠬᠢᠵᠢᠭᠦᠯᠬᠦ ᠬᠡᠷᠡᠭᠲᠡᠶ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠠᠯᠮᠠᠶᠢᠷᠠᠬᠤ ᠪᠣᠳᠣᠯ᠂ ᠳᠠᠶᠢᠯᠠᠯᠳᠣᠭᠠᠨ ᠠᠴᠠ ᠬᠠᠯᠠᠰᠢᠷᠠᠬᠤ ᠰᠡᠳᠭᠢᠯᠭᠡ᠂ ᠭᠤᠷᠢᠳᠠᠬᠤ ᠪᠣᠳᠣᠯ᠂ ᠰᠤᠯᠠᠷᠠᠬᠤ ᠪᠣᠳᠣᠯ ᠶᠠᠭᠠᠬᠢᠭᠰᠠᠨ ᠴᠤ ᠪᠠᠶᠢᠵᠣ ᠪᠣᠯᠬᠤ ᠦᠭᠡᠢ᠂ ᠬᠢᠵᠢᠭ ᠤᠨ ᠪᠠᠶᠢᠳᠠᠯ ᠢ ᠴᠠᠭ ᠢᠮᠠᠭᠲᠠ ᠴᠢᠩᠭ᠎ᠠ ᠡᠵᠡᠮᠳᠡᠵᠦ᠂ ᠬᠠᠯᠳᠠᠪᠣᠷᠢᠯᠠᠬᠤ ᠠᠶᠤᠯ ᠲᠠᠢ ᠭᠠᠵᠠᠷ ᠣᠷᠣᠨ ᠠᠴᠠ ᠷᠠᠰᠢᠶᠠᠨ ᠳᠤ ᠢᠷᠡᠭᠰᠡᠨ ᠬᠥᠮᠦᠰ ᠢ ᠵᠢᠭᠰᠠᠭᠠᠨ ᠪᠠᠶᠢᠴᠠᠭᠠᠵᠦ ᠲᠤᠰᠠᠭᠠᠷᠯᠠᠬᠤ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠵᠦ᠂ ᠪᠦᠬᠦ ᠬᠦᠴᠦᠨ ᠢᠶᠠᠷ ᠢᠶᠠᠨ ︽ᠭᠠᠳᠠᠨ᠎ᠠ ᠠᠴᠠ ᠣᠷᠣᠵᠣ ᠢᠷᠡᠬᠦ ᠶᠢ ᠰᠡᠷᠭᠡᠶᠢᠯᠡᠬᠦ᠂ ᠳᠣᠲᠣᠭᠠᠳᠤ ᠳᠤ ᠳᠠᠬᠢᠨ ᠦᠷᠪᠢᠰᠦᠨ ᠳᠡᠯᠭᠡᠷᠡᠬᠦ ᠶᠢ ᠰᠡᠷᠭᠡᠶᠢᠯᠡᠬᠦ︾ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠬᠡᠷᠡᠭᠲᠡᠢ ᠬᠡᠵᠡᠢ᠃     ᠬᠤᠷᠠᠯ ᠠᠴᠠ ᠵᠢᠭᠠᠵᠤ ᠭᠠᠷᠭᠠᠭᠰᠠᠨ ᠨᠢ᠂ ᠣᠳᠣᠬᠠᠨ ᠤ ᠬᠢᠵᠢᠭ ᠤᠨ ᠪᠠᠶᠢᠳᠠᠯ ᠤᠨ ᠣᠳᠣᠬᠢ ᠪᠠᠶᠢᠳᠠᠯ ᠪᠣᠯᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠪᠠᠭᠰᠢ ᠰᠤᠷᠤᠭᠴᠢᠳ ᠢ ᠰᠤᠷᠭᠠᠨ ᠬᠥᠮᠦᠵᠢᠭᠦᠯᠵᠦ ᠬᠥᠲᠥᠯᠥᠨ ᠵᠢᠯᠣᠭᠤᠳᠴᠤ ᠪᠠᠶᠢᠭᠠᠳ ᠷᠠᠰᠢᠶᠠᠨ ᠠᠴᠠ ᠪᠣᠰᠤᠳ ᠭᠠᠵᠠᠷ  ᠲᠤ ᠣᠴᠢᠬᠤ ᠪᠠ ᠲᠦᠭᠰᠢᠭᠦᠷᠢ ᠶᠡᠬᠡᠲᠡᠶ ᠭᠠᠵᠠᠷ ᠣᠷᠣᠨ ᠳᠤ ᠣᠴᠢᠬᠤ ᠠᠴᠠ ᠠᠯᠢ ᠴᠢᠳᠠᠬᠤ ᠪᠠᠷ ᠵᠠᠶᠢᠯᠠᠰᠬᠢᠵᠦ᠂ ᠪᠥᠬᠦ ᠶᠠᠪᠤᠴᠠ ᠶᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠷᠢᠯᠢᠭᠵᠢᠭᠤᠯᠬᠤ ᠭᠡᠷᠡᠭᠲᠡᠢ᠃ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠪᠦᠬᠦ ᠬᠤᠲᠠ ᠶᠢᠨ ᠬᠡᠪᠴᠢᠶᠡᠨ ᠳᠤ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠭᠦᠨᠵᠡᠭᠡᠶ ᠥᠷᠨᠢᠭᠦᠯᠵᠦ᠂ ᠲᠠᠷᠢᠶᠠᠯᠠᠩ ᠠᠷᠠᠯᠵᠢᠶᠠᠨ ᠤ ᠵᠠᠬ᠎ᠠ ᠳᠡᠯᠭᠡᠭᠦᠷ᠂ ᠢᠳᠡᠭᠡᠨ ᠤᠮᠳᠠᠭᠠᠨ ᠵᠡᠷᠭᠡ ᠲᠠᠯᠠᠪᠤᠷ ᠵᠢᠴᠢ ᠪᠠᠷᠠᠭ᠎ᠠ ᠶᠢᠨ ᠭᠦᠢᠯᠭᠡᠭᠡᠨ ᠵᠡᠷᠭᠡ ᠭᠠᠵᠠᠷ ᠢ ᠠᠷᠢᠭᠤᠳᠬᠠᠬᠤ ᠶᠢ ᠭᠤᠤᠯᠳᠠᠯᠭ᠎ᠠ ᠲᠠᠢ ᠥᠷᠨᠢᠭᠦᠯᠵᠦ᠂ ᠲᠠᠸᠠᠷ ᠤᠨ ᠢᠷᠡᠯᠲᠡ ᠶᠢᠨ ᠬᠠᠮᠢᠶᠠᠷᠤᠯᠲᠠ ᠪᠠ ᠭᠦᠢᠯᠭᠡᠭᠡᠨ ᠤ ᠵᠠᠮ ᠮᠥᠷ ᠤᠨ ᠬᠠᠮᠢᠶᠠᠷᠤᠯᠲᠠ ᠶᠢ ᠲᠡᠭᠦᠯᠳᠡᠷᠵᠢᠭᠦᠯᠬᠦ ᠭᠡᠷᠡᠭᠲᠡᠢ᠃ ᠬᠤᠲᠠ ᠬᠥᠳᠡᠭᠡ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠶᠠᠰᠤ ᠴᠢᠨᠠᠷ ᠢ ᠰᠠᠶᠢᠵᠢᠷᠠᠭᠤᠯᠵᠤ᠂ ᠲᠠᠷᠬᠠᠵᠦ ᠮᠡᠳᠡᠬᠦ ᠠᠷᠭ᠎ᠠ ᠵᠠᠮ ᠢ ᠲᠠᠰᠤᠯᠬᠤ ᠬᠡᠷᠡᠭᠲᠡᠶ᠃ ᠵᠥᠪ ᠶᠠᠷᠢᠶ᠎ᠠ ᠬᠡᠯᠡᠯᠴᠡᠭᠡᠨ ᠤ ᠤᠳᠤᠷᠢᠳᠤᠮᠵᠢ ᠶᠢ ᠪᠠᠷᠢᠮᠲᠠᠯᠠᠨ᠂  ᠰᠡᠷᠬᠡᠶᠢᠯᠡᠨ ᠡᠵᠡᠮᠳᠡᠬᠦ ᠮᠡᠳᠡᠯᠬᠡ ᠶᠢ ᠨᠡᠶᠢᠬᠡᠮ ᠳᠤ ᠰᠠᠶᠢᠳᠦᠷ ᠤᠬᠠᠭᠤᠯᠵᠦ᠂ ᠬᠤᠲᠠ ᠶᠢᠨ ᠠᠷᠠᠳ ᠢ ᠬᠥᠲᠥᠯᠥᠨ ᠵᠢᠯᠣᠭᠤᠳᠴᠤ ᠪᠠᠶᠢᠭᠠᠳ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠶᠢ ᠴᠢᠩᠭᠠᠳᠬᠠᠨ᠂ ᠰᠡᠷᠭᠡᠶᠢᠯᠡᠨ ᠬᠠᠮᠠᠭᠠᠯᠠᠬᠤ ᠦᠵᠡᠯ ᠤᠬᠠᠮᠰᠠᠷ ᠢ ᠨᠢ ᠴᠢᠩᠭᠠᠳᠬᠠᠵᠤ᠂ ᠰᠢᠨᠵᠢᠯᠡᠬᠦ ᠤᠬᠠᠭᠠᠨ᠂ ᠬᠢᠵᠢᠭ ᠤᠨ ᠪᠠᠶᠢᠳᠠᠯ ᠢ ᠡᠵᠡᠮᠳᠡᠵᠦ ᠪᠣᠯᠬᠤ ᠬᠥᠭᠵᠢᠯᠲᠡ ᠶᠢᠨ ᠪᠠᠶᠢᠳᠠᠯ ᠢ ᠵᠥᠪ ᠲᠠᠯ᠎ᠠ ᠠᠴᠠ ᠬᠥᠲᠥᠯᠥᠨ ᠵᠢᠯᠣᠭᠤᠳᠴᠤ᠂ ᠲᠦᠭᠦᠬᠡᠶ ᠬᠦᠢᠲᠡᠨ ᠢᠳᠡᠭᠡᠨ ᠳᠤᠲᠠᠭᠤ ᠢᠳᠡᠵᠦ᠂ ᠬᠤᠪᠢ ᠬᠥᠮᠦᠨ ᠤ ᠬᠠᠮᠠᠭᠠᠯᠠᠯᠲᠠ ᠶᠢ ᠰᠠᠶᠢᠲᠤᠷ ᠬᠢᠬᠦ ᠬᠡᠷᠡᠭᠲᠡᠶ ᠭᠡᠵᠡᠢ᠃
 
ᠢᠷᠡᠯᠲᠡ᠄ ᠬᠤᠲᠠ ᠶᠢᠨ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号